ᠰᠢᠨ᠎ᠡ ᠳᠡᠯᠭᠡᠭᠦᠷ ᠪᠠᠯᠭᠠᠰᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-09
     4 ᠳ᠋ᠦ᠋ᠭᠡᠷ ᠰᠠᠷ᠎ᠠ ᠶᠢᠨ 7 ᠤ ᠡᠳᠦᠷ᠂ ᠰᠢᠨ᠎ᠡ ᠳᠡᠯᠭᠡᠭᠦᠷ ᠪᠠᠯᠭᠠᠰᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ  ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠢ  ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠬᠤᠩ᠂  ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠭᠤᠸᠠᠨ ᠶᠤᠸᠠᠨ᠂ ᠰᠢᠶᠠᠨ ᠤ ᠳᠠᠭᠠᠭᠠᠴᠢᠯᠠᠨ ᠬᠠᠷᠢᠯᠴᠠᠬᠤ ᠨᠢᠭᠡᠴᠡ ᠨᠢᠭᠡᠳᠦᠮᠡᠯ ᠹᠷᠣᠨᠲ ᠤᠨ ᠬᠡᠯᠲᠡᠰ᠂ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ︽ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠨ᠎ᠡ ᠳᠡᠯᠭᠡᠭᠦᠷ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠬᠦ ᠪᠢᠴᠢᠭ︾ ᠢ ᠳᠠᠷᠤᠮᠠᠯᠯᠠᠨ ᠲᠠᠷᠬᠠᠭᠠᠵᠤ᠂ ᠪᠦᠬᠦ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠯᠢ ᠵᠧᠩ ᠬᠤᠩ ᠱᠠᠭᠠᠷᠳᠠᠭᠰᠠᠨ ᠨᠢ᠂ ᠨᠢᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠣᠷᠢᠵᠢᠭᠤᠯᠣᠨ᠂ ᠭᠤᠤᠯ ᠬᠠᠷᠢᠭᠤᠴᠠᠯᠭᠠᠲᠠᠳ ᠪᠡᠶ᠎ᠡ ᠪᠠᠷ ᠢᠶᠠᠨ ᠭᠠᠷᠳᠠᠵᠤ᠂ ᠳᠠᠭᠠᠭᠠᠴᠢᠯᠠᠨ ᠬᠠᠷᠢᠯᠴᠠᠬᠤ ᠨᠢᠭᠡᠴᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠳᠠᠭᠠᠭᠠᠴᠢᠯᠠᠨ ᠬᠠᠷᠢᠯᠴᠠᠬᠤ ᠲᠣᠰᠬᠤᠨ ᠤ ᠪᠠᠨ ᠴᠡᠭᠴᠡᠯᠡᠨ ᠵᠠᠰᠠᠬᠤ  ᠠᠵᠢᠯ ᠤᠨ ᠪᠥᠬᠦ ᠶᠠᠪᠤᠴᠠ ᠳᠤ ᠣᠷᠣᠯᠴᠠᠬᠤ ᠬᠡᠷᠡᠭᠲᠡᠶ︔ ᠬᠤᠶᠠᠷ ᠲᠤ ᠶᠡᠭᠡ ᠬᠦᠴᠦ ᠣᠷᠣᠭᠤᠯᠤᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ ᠴᠡᠭ ᠢᠶᠠᠷ ᠨᠡᠶᠢᠳᠡᠮ ᠢ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠭᠤᠷᠪᠠ ᠳᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳᠠᠭᠠᠭᠠᠴᠢᠯᠠᠨ ᠬᠠᠷᠢᠯᠴᠠᠬᠤ ᠨᠢᠭᠡᠴᠡ ᠬᠢᠭᠡᠳ ᠲᠣᠰᠬᠤᠨ ᠢᠳᠡᠪᠬᠢᠲᠡᠶ ᠠᠵᠢᠯ ᠵᠣᠯᠭᠠᠭᠤᠯᠵᠤ᠂ ᠠᠵᠢᠯ ᠢᠶᠠᠨ ᠦᠳᠲᠡᠷ ᠲᠦᠷᠭᠡᠨ ᠥᠷᠨᠢᠭᠦᠯᠬᠦ ᠬᠡᠷᠡᠭᠲᠡᠢ︔ ᠳᠥᠷᠪᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠪᠠᠯᠭᠠᠰᠤᠨ ᠳᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠣᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ  ᠦᠭᠡᠢ ᠳᠡᠭᠡᠭᠰᠢᠯᠡᠭᠦᠯᠦᠨ᠂ ᠬᠠᠮᠲᠣᠷᠠᠯ ᠬᠦᠴᠦᠨ ᠢ ᠨᠢᠭᠲᠠᠷᠠᠭᠤᠯᠬᠤ᠂ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠪᠡ᠃      ᠬᠤᠷᠠᠯ ᠤᠨ ᠳᠠᠷᠠᠭ᠎ᠠ᠂ ᠡᠯ᠎ᠡ ᠰᠢᠶᠠᠨ ᠤ ᠰᠢᠭᠤᠳ ᠳᠠᠭᠠᠭᠠᠴᠢᠯᠠᠨ ᠬᠠᠷᠢᠯᠴᠠᠬᠤ ᠨᠢᠭᠡᠴᠡ ᠴᠠᠭ ᠲᠤᠬᠠᠢ ᠳᠤᠨᠢ ᠳᠠᠭᠠᠭᠠᠴᠢᠯᠠᠭᠤᠯᠣᠭᠰᠠᠨ ᠲᠣᠰᠬᠤᠨ ᠲᠠᠢ ᠪᠠᠨ ᠵᠣᠯᠭᠠᠯᠴᠠᠵᠤ᠂ ᠦᠳᠲᠡᠷ ᠲᠦᠷᠭᠡᠨ ᠢᠶᠠᠷ ᠲᠣᠰᠬᠤᠨ ᠳᠤ ᠬᠦᠷᠴᠦ ᠠᠵᠢᠯ ᠢᠶᠠᠨ ᠥᠷᠨᠢᠭᠦᠯᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号