ᠱᠧᠩ ᠯᠧ ᠪᠠᠯᠭᠠᠰᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020-04-09
     4 ᠳ᠋ᠦ᠋ᠭᠡᠷ ᠰᠠᠷ᠎ᠠ ᠶᠢᠨ 7 ᠤ ᠡᠳᠦᠷ᠂ ᠱᠧᠩ ᠯᠧ ᠪᠠᠯᠭᠠᠰᠤ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠣᠸᠠᠨ ᡁᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠴᠢᠤᠸᠠᠨ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠪᠢᠨ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠵᠢᠶᠠᠨ ᠴᠢᠩ ᠵᠢᠴᠢ ᠰᠢᠶᠠᠨ ᠤ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠪᠠᠯᠭᠠᠰᠤᠨ ᠤ ᠪᠠᠭ ᠤᠨ ᠪᠦᠷᠢᠯᠳᠦᠬᠦᠨ᠂ ᠡᠯ᠎ᠡ ᠵᠠᠰᠠᠭ ᠵᠠᠬᠢᠷᠭᠠᠨ ᠤ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠂ ᠲᠣᠰᠬᠤᠨ ᠤ ᠳᠠᠭᠠᠭᠠᠴᠢᠯᠠᠨ ᠬᠠᠷᠢᠯᠴᠠᠬᠤ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ︽ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ︾ ᠢ ᠤᠩᠰᠢᠵᠤ᠂ ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠱᠧᠩ ᠯᠧ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃      ᠶᠣᠸᠠᠨ ᡁᠢ ᠱᠧᠩ ᠯᠧ ᠪᠠᠯᠭᠠᠰᠤ ᠶᠢᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠬᠦ ᠳᠤ ᠱᠠᠭᠠᠷᠳᠠᠯᠭ᠎ᠠ ᠳᠤᠷᠠᠳᠴᠤ᠂ ᠱᠧᠩ ᠯᠧ ᠪᠠᠯᠭᠠᠰᠤ ᠨᠢ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠰᠠᠭᠤᠳᠠᠯ ᠢ ᠭᠦᠨᠵᠡᠭᠡᠢ ᠡᠷᠢᠵᠦ᠂ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠣᠯᠤᠨ ᠮᠠᠰᠢᠨ ᠮᠧᠬᠠᠨᠢᠭ ᠤᠨ ᠪᠡᠯᠡᠳᠬᠡᠯ ᠠᠵᠢᠯ ᠢ ᠰᠠᠶᠢᠲᠣᠷ ᠬᠢᠵᠦ᠂ ᠵᠠᠰᠠᠮᠠᠯ ᠵᠠᠮ ᠳᠠᠭᠠᠤ᠂ ᠲᠠᠷᠢᠶᠠᠨ ᠭᠠᠵᠠᠷ ᠤᠨ ᠦᠵᠦᠭᠦᠷ᠂ ᠠᠶᠢᠯ ᠲᠣᠰᠬᠤᠨ ᠤ ᠣᠯᠠᠨ ᠨᠡᠶᠢᠲᠡ ᠶᠢᠨ ᠣᠷᠣᠨ ᠪᠦᠰᠡ᠂ ᠭᠡᠷ ᠤᠨ ᠠᠷᠤ ᠥᠪᠥᠷ᠂ ᠲᠠᠷᠢᠶᠠᠯᠠᠬᠤ ᠡᠷᠦᠬᠡ ᠶᠢᠨ ᠬᠦᠷᠢᠶᠡᠨ ᠤ ᠳᠣᠲᠣᠷᠠᠬᠢ᠂ ᠭᠡᠷ ᠤᠨ ᠳᠣᠲᠣᠷᠠᠬᠢ᠂ ᠭᠤᠤᠯ ᠤᠨ ᠵᠠᠮ ᠰᠤᠪᠠᠭ ᠵᠡᠷᠭᠡ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ᠂ ᠬᠠᠶᠠᠭᠳᠠᠮᠠᠯ ᠪᠣᠳᠠᠰ ᠪᠣᠯᠤᠨ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠵᠡᠷᠭᠡ ᠶᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠠᠯᠬᠤᠮ ᠠᠯᠬᠤᠮ ᠢᠶᠠᠷ ᠴᠡᠭᠴᠡᠯᠡᠨ ᠵᠠᠰᠠᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠬᠠᠲᠠᠭᠤ ᠳᠠᠶᠢᠯᠠᠯᠳᠤᠭᠠᠨ ᠪᠣᠯᠭᠠᠵᠤ᠂ ᠡᠷᠬᠡᠪᠰᠢ ᠠᠵᠢᠯ ᠤᠨ ᠨᠠᠶᠢᠳᠠᠪᠣᠷᠢᠵᠢᠭᠤᠯᠣᠯᠲᠠ ᠶᠢ ᠴᠢᠩᠭ᠎ᠠ ᠠᠳᠬᠤᠵᠤ᠂ ᠡᠨᠡᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠦᠬᠦ ᠠᠷᠠᠳ ᠢᠶᠠᠷ ᠢᠶᠠᠨ ᠣᠷᠣᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠲᠠᠷᠠᠭᠠᠴᠢ ᠶᠢᠨ ᠠᠯᠬᠤᠮ ᠳᠤ᠂ ᠱᠧᠩ ᠯᠧ ᠪᠠᠯᠭᠠᠰᠤ ᠲᠣᠰ ᠤᠳᠠᠭᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠬᠦᠴᠦᠯᠡᠵᠦ᠂ ᠡᠯ᠎ᠡ ᠲᠣᠰᠬᠤᠨ ᠤ ᠶᠡᠭᠡ ᠴᠡᠪᠡᠷᠯᠡᠯᠲᠡ ᠶᠡᠭᠡ ᠴᠡᠭᠴᠡᠯᠡᠨ ᠵᠠᠰᠠᠬᠤ ᠠᠵᠢᠯ ᠢ ᠪᠣᠳᠠᠲᠠᠶ ᠨᠠᠷᠢᠯᠢᠭ ᠬᠢᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠰᠢᠮᠳᠠᠭᠤᠯᠤᠨ᠎ᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠠᠶᠢᠯ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号