ᠬᠤᠷᠢᠨᠭᠡᠷ ᠰᠢᠶᠠᠨ ︽ᠬᠠᠲᠠᠭᠤ︾ ᠠᠷᠭ᠎ᠠ ᠬᠡᠮᠵᠢᠶ᠎ᠡ ᠪᠠᠷ ᠬᠠᠪᠤᠷ ᠤᠨ ᠤᠯᠠᠷᠢᠯ ᠤᠨ ᠭᠠᠯ ᠰᠡᠷᠭᠡᠶᠢᠯᠡᠯᠲᠡ ᠶᠢᠨ ︽ᠠᠮᠤᠷ ᠲᠦᠪᠰᠢᠨ ᠤ ᠬᠡᠷᠡᠮ︾ ᠢ ᠪᠠᠶᠢᠭᠤᠯᠪᠠ
ᠨᠡᠶᠢᠲᠡᠯᠡᠭᠰᠡᠨ ᠴᠠᠭ᠄
2020-04-09
     ᠬᠠᠪᠤᠷ ᠤᠨ ᠤᠯᠠᠷᠢᠯ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠃ ᠬᠤᠰᠢᠭᠤ ᠰᠢᠶᠠᠨ ᠤ ᠬᠢᠯᠢ ᠳᠣᠲᠣᠷᠠᠬᠢ ᠣᠢ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠪᠠᠲᠤᠯᠠᠬᠤ ᠶᠢᠨ  ᠲᠤᠰᠠᠳᠠ᠂ ᠬᠤᠷᠢᠨᠭᠡᠷ ᠰᠢᠶᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠣᠭᠤᠳᠬᠤ ᠬᠡᠯᠲᠡᠰ ᠢ ᠪᠠᠶᠢᠭᠤᠯᠪᠠ᠃ ᠡᠯ᠎ᠡ ᠰᠢᠶᠠᠩ ᠪᠠᠯᠭᠠᠰᠤᠨ ᠤ ᠠᠭᠤᠯᠠᠨ ᠵᠠᠮ ᠳᠡᠭᠡᠷ᠎ᠡ ᠬᠥᠮᠦᠰ ᠴᠥᠮ ︽ᠭᠠᠯ ᠰᠡᠷᠭᠡᠶᠢᠯᠡᠬᠦ︾ ᠤᠯᠠᠭᠠᠨ ᠬᠠᠨᠴᠤᠶ ᠶᠢᠨ ᠲᠡᠮᠳᠡᠭ ᠵᠡᠭᠦᠵᠦ ᠪᠠᠶᠢᠭ᠎ᠠ ᠭᠠᠯ ᠰᠡᠷᠭᠡᠶᠢᠯᠡᠭᠴᠢ ᠲᠠᠢ ︽ᠰᠠᠨᠠᠮᠰᠠᠷ ᠦᠭᠡᠢ ᠤᠴᠠᠷᠠᠭᠰᠠᠨ︾ ᠪᠠᠶᠢᠵᠤ ᠮᠡᠳᠡᠨ᠎ᠡ᠂ ᠲᠡᠳᠡ ᠭᠠᠯ ᠤᠨᠲᠠᠷᠠᠭᠠᠬᠤ ᠪᠠᠭᠠᠵᠢ ᠪᠠᠨ ᠠᠪᠴᠤ ᠮᠣᠲ᠋ᠣᠷ ᠤᠨᠤᠵᠤ ᠲᠣᠭᠤᠷᠢᠨ ᠪᠠᠶᠢᠴᠠᠭᠠᠬᠤ᠂ ᠡᠰᠡᠬᠦᠯ᠎ᠡ ᠠᠭᠤᠯᠠᠨ ᠣᠷᠣᠶ ᠳᠤ ᠭᠠᠷᠴᠤ ᠪᠠᠷᠠᠯᠠᠨ ᠠᠵᠢᠭᠯᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠨ ᠠᠯᠳᠠᠳᠠᠭ ᠦᠭᠡᠢ ᠪᠢᠯᠡ᠃      ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠬᠤ ᠲᠠᠢ ᠠᠳᠠᠯᠢ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃︾ ᠡᠨᠡ ᠪᠣᠯ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠤ ᠭᠠᠯ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠬᠤ ᠳᠠᠭᠠᠨ ᠳᠤᠷᠠᠳᠤᠭᠰᠠᠨ ᠱᠠᠭᠠᠷᠳᠠᠯᠭ᠎ᠠ ᠪᠣᠯᠤᠨ᠎ᠠ᠃      ᠬᠤᠷᠢᠨᠭᠡᠷ ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠵᠢᠯ ᠳᠠᠷᠠᠭᠠᠯᠠᠨ ᠨᠡᠮᠡᠭᠳᠡᠵᠦ᠂ ᠨᠠᠨ ᠲᠢᠶᠠᠨ ᠮᠧᠨ ᠣᠶ ᠰᠢᠭᠤᠶ ᠶᠢᠨ ᠲᠠᠯᠠᠪᠠᠶ ᠪᠣᠯ ᠪᠦᠬᠦ ᠰᠢᠶᠠᠨ ᠤ ᠣᠯᠠᠨ ᠵᠢᠯ ᠤᠨ ᠲᠣᠷᠰᠢ ᠡᠵᠡᠩᠨᠡᠵᠦ ᠢᠷᠡᠭᠰᠡᠨ ᠬᠤᠪᠣᠷ ᠨᠠᠨᠳᠢᠨ ᠠᠮᠢ ᠠᠬᠤᠶ ᠶᠢᠨ ᠡᠬᠢ ᠪᠠᠶᠠᠯᠢᠭ ᠪᠣᠯᠤᠨ᠎ᠠ᠃ ᠰᠢᠭᠤᠶᠢᠲᠤ ᠣᠷᠣᠨ ᠳᠤ ᠨᠡᠪᠲᠡᠷᠡᠬᠦ ᠡᠯ᠎ᠡ ᠪᠠᠶᠢᠴᠠᠭᠠᠯᠲᠠ ᠶᠢᠨ ᠴᠡᠭ ᠲᠤ ᠴᠥᠮ ᠬᠤᠲᠠ ᠰᠢᠶᠠᠨ ᠬᠤᠶᠠᠷ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠯᠪᠠᠨ ᠵᠠᠷ ᠨᠠᠭᠠᠵᠤ᠂ ᠠᠵᠢᠯᠲᠠᠳ ᠨᠠᠰᠢ ᠴᠠᠰᠢ ᠥᠩᠭᠡᠷᠡᠬᠦ ᠲᠡᠷᠭᠡ ᠪᠣᠯᠤᠨ ᠬᠥᠮᠦᠰ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠪᠠᠶᠢᠳᠠᠭ᠃ ᠰᠢᠨ᠎ᠡ ᠳᠡᠯᠭᠡᠭᠦᠷ ᠪᠠᠯᠭᠠᠰᠤᠨ ᠤ ᠥᠪᠥᠷ ᠮᠣᠩᠭᠤᠯ ᠱᠠᠨ ᠰᠢ ᠶᠢᠨ ᠬᠢᠯᠢ ᠬᠢᠵᠠᠭᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠶ ᠪᠣᠯ ᠮᠤᠵᠢ ᠠᠯᠤᠰᠯᠠᠭᠰᠠᠨ ᠠᠮᠢ ᠠᠬᠤᠶ ᠶᠢᠨ ᠬᠠᠯᠬᠠᠪᠴᠢ ᠮᠥᠨ᠂ 7000 ᠭᠠᠷᠤᠶ ᠮᠥ ᠬᠠᠯᠬᠠᠪᠴᠢ ᠣᠶ ᠳᠤ ᠴᠥᠭᠡᠨ ᠪᠤᠰᠤ ᠪᠤᠯᠠᠰᠢ ᠲᠠᠷᠬᠠᠵᠤ ᠪᠠᠶᠢᠨ᠎ᠠ᠂ ᠠᠳᠡ 27 ᠬᠥᠮᠦᠨ ᠲᠠᠢ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠤᠨ ᠠᠩᠭᠢ ᠲᠣᠬᠢᠷᠠᠭᠤᠯᠣᠭᠰᠠᠨ ᠠᠴᠠ ᠭᠠᠳᠠᠨ᠎ᠠ ᠪᠠᠰᠠ ᠬᠦᠮᠦᠨ ᠥᠬᠡᠶ ᠨᠢᠰᠬᠡᠯ ᠢᠶᠠᠷ ᠣᠶ ᠰᠢᠭᠤᠶ ᠳᠤ ᠪᠥᠬᠦ ᠲᠠᠯ᠎ᠠ ᠶᠢᠨ ᠬᠢᠨᠠᠨ ᠬᠡᠮᠵᠢᠯᠲᠡ ᠬᠢᠵᠦ ᠪᠠᠶᠢᠨ᠎ᠠ᠃      ᠭᠠᠯ ᠰᠡᠷᠭᠡᠶᠢᠯᠡᠬᠦ ᠵᠠᠩᠭᠢᠯᠠᠭ᠎ᠠ ᠨᠢ ︽ᠰᠡᠷᠭᠡᠶᠢᠯᠡᠯᠲᠡ︾ ᠳᠤ ᠪᠣᠢ᠂ ᠬᠤᠷᠢᠨᠭᠡᠷ ᠰᠢᠶᠠᠨ ᠤ ᠡᠯ᠎ᠡ ᠰᠢᠶᠠᠩ ᠪᠠᠯᠭᠠᠰᠣ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠰᠢᠶᠠᠩ ᠪᠠᠯᠭᠠᠰᠤ ᠠᠴᠠ ᠵᠠᠰᠠᠭ ᠵᠠᠬᠢᠷᠭᠠᠨ ᠤ ᠲᠣᠰᠬᠤᠨ ᠢ ᠳᠠᠭᠠᠭᠠᠴᠢᠯᠠᠬᠤ᠂ ᠵᠠᠰᠠᠭ ᠵᠠᠬᠢᠷᠭᠠᠨ ᠤ ᠲᠣᠰᠬᠤᠨ ᠢᠶᠠᠷ ᠳᠤᠭᠤᠶᠢᠯᠠᠩ ᠳᠠᠭᠠᠭᠠᠴᠢᠯᠠᠭᠤᠯᠬᠤ᠂ ᠤᠢ ᠰᠢᠭᠤᠶ ᠬᠠᠮᠠᠭᠠᠯᠠᠭᠴᠢ ᠠᠴᠠ ᠠᠭᠤᠯᠠᠨ ᠤᠷᠤᠢ ᠶᠢᠨ ᠭᠠᠵᠠᠷ ᠢ ᠳᠠᠭᠠᠭᠠᠴᠢᠯᠠᠬᠤ ᠬᠠᠮᠢᠶᠠᠷᠤᠯᠲᠠ ᠶᠢᠨ ᠠᠷᠭ᠎ᠠ ᠶᠢ ᠠᠪᠴᠤ᠂ ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠲᠣᠤᠷ ᠢ ᠪᠤᠢ ᠪᠣᠯᠭᠠᠭᠰᠠᠨ ᠪᠠᠶᠢᠨ᠎ᠠ᠃ ᠡᠭᠦᠨ ᠤ ᠬᠠᠮᠲᠤ᠂ ᠤᠤᠯ ᠤᠨ ᠪᠠᠶᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠢ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠪᠣᠯᠭᠠᠨ ᠬᠤᠪᠢᠷᠠᠭᠤᠯᠵᠤ᠂ ᠭᠠᠯ ᠠᠪᠴᠤ ᠣᠢ ᠰᠢᠭᠤᠶ ᠠᠭᠤᠯᠠᠨ ᠳᠤ ᠣᠷᠣᠬᠤ ᠨᠢᠭᠡᠳᠦᠭᠡᠷ ᠪᠣᠭᠤᠮᠲᠠ ᠶᠢ ᠰᠠᠬᠢᠵᠤ᠂ ᠠᠭᠤᠯᠠᠨ ᠳᠤ ᠭᠠᠯ ᠰᠡᠷᠭᠡᠶᠢᠯᠡᠭᠴᠢ ᠪᠦᠬᠦ ᠡᠳᠦᠷ ᠢᠶᠠᠷ ᠲᠣᠭᠤᠷᠢᠨ ᠪᠠᠶᠢᠴᠠᠭᠠᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠦᠷᠢᠯᠡᠪᠡ᠃      ᠳᠠᠯᠳᠠᠯᠠᠬᠤ ᠥᠩᠭᠡᠲᠦ ᠬᠤᠪᠴᠠᠰᠤ ᠡᠮᠦᠰᠴᠦ᠂ ᠶᠠᠷᠢᠯᠴᠠᠭᠤᠷ ᠮᠠᠰᠢᠨ ᠠᠪᠴᠤ᠂ ᠪᠥᠬᠦ ᠰᠢᠶᠠᠨ ᠤ ᠡᠯ᠎ᠡ ᠭᠠᠯ ᠰᠡᠷᠭᠡᠶᠢᠯᠡᠬᠦ ᠪᠠᠶᠢᠴᠠᠭᠠᠬᠤ ᠥᠷᠲᠡᠭᠡ᠂ ᠠᠮᠢ ᠠᠬᠤᠶ ᠶᠢᠨ ᠰᠢᠭᠤᠶᠢᠲᠤ ᠣᠷᠣᠨ᠂ ᠲᠥᠪᠯᠡᠷᠡᠭᠦᠯᠦᠨ ᠲᠠᠬᠢᠯᠭ᠎ᠠ ᠬᠢᠬᠦ ᠴᠡᠭ ᠵᠡᠷᠭᠡ ᠭᠤᠤᠯᠳᠠᠯᠭ᠎ᠠ ᠲᠠᠢ ᠣᠷᠣᠨ ᠢᠶᠠᠷ ᠶᠠᠪᠣᠭᠰᠠᠨ ᠨᠢ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠤ ᠡᠨᠡ ᠬᠡᠰᠡᠭ ᠬᠤᠭᠤᠴᠠᠭᠠᠨ ᠤ ᠠᠵᠢᠯ ᠤᠨ ᠬᠡᠪ ᠤᠨ ᠪᠠᠶᠢᠳᠠᠯ ᠪᠣᠯᠤᠨ᠎ᠠ᠃ ︽ᠵᠠᠪᠠᠯ ᠴᠢᠩᠭ᠎ᠠ ᠰᠡᠷᠭᠡᠶᠢᠯᠡᠨ ᠰᠠᠬᠢᠵᠤ᠂ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠣᠨ ᠠᠵᠢᠭᠯᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠰᠢᠶᠠᠨ ᠳᠤ ᠣᠶ ᠰᠢᠭᠤᠶ ᠨᠤᠲᠤᠭ ᠪᠡᠯᠴᠢᠭᠡᠷ ᠤᠨ ᠶᠠᠮᠠᠷ ᠴᠤ ᠭᠠᠯ ᠤᠨ ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︾ ᠭᠡᠵᠦ ᠭᠠᠵᠠᠷ ᠪᠣᠯᠭᠠᠨ ᠳᠤ ᠬᠦᠷᠬᠦ ᠪᠦᠷᠢ ᠴᠧᠨ ᠯᠢ ᠶᠢᠨ ᠳᠠᠬᠢᠨ ᠳᠠᠪᠲᠠᠨ  ᠴᠢᠬᠤᠯᠠᠴᠢᠯᠠᠵᠤ ᠪᠠᠶᠢᠪᠠ᠃      ᠬᠤᠷᠢᠨᠭᠡᠷ ᠰᠢᠶᠠᠨ ᠪᠦᠬᠦ ᠵᠢᠯ ᠤᠨ ᠴᠢᠩᠭ᠎ᠠ ᠰᠡᠷᠭᠡᠶᠢᠯᠡᠯᠲᠡ ᠶᠢᠨ ᠣᠷᠣᠨ ᠪᠠ ᠴᠢᠩᠭ᠎ᠠ ᠬᠠᠮᠢᠶᠠᠷᠤᠯᠲᠠ ᠶᠢᠨ ᠬᠤᠭᠤᠴᠠᠭ᠎ᠠ ᠭᠠᠷᠭᠠᠵᠤ᠂ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ᠂ ᠾᠦᠨᠾᠧ ᠤᠢ ᠰᠢᠭᠤᠢ ᠶᠢᠨ ᠲᠠᠯᠠᠪᠠᠢ᠂ ᠪᠠᠢ ᠡᠯ ᠶᠧ ᠡᠯᠡᠰᠦᠨ ᠬᠠᠰᠢᠯᠭ᠎ᠠ ᠵᠡᠷᠭᠡ ᠰᠢᠭᠤᠶᠢᠲᠤ ᠣᠷᠣᠨ᠂ ᠠᠮᠢ ᠠᠬᠤᠢ ᠶᠢᠨ ᠴᠢᠳᠠᠮᠵᠢᠳᠤ ᠣᠷᠣᠨ ᠵᠢᠴᠢ ᠵᠠᠮ ᠤᠨ ᠨᠣᠭᠤᠭᠠᠷᠠᠭᠤᠯᠤᠯᠲᠠ ᠶᠢᠨ ᠣᠷᠣᠨ ᠪᠦᠬᠦ ᠵᠢᠯ ᠳᠤ ᠭᠠᠯ ᠤᠨ ᠰᠣᠷᠪᠣᠯᠵᠢ᠂ ᠭᠠᠯ ᠤᠨ ᠴᠣᠴᠠᠯᠢ ᠠᠪᠴᠤ ᠣᠷᠣᠬᠤ ᠶᠢ ᠴᠠᠭᠠᠵᠠᠯᠠᠵᠤ᠂ 3 ᠳ᠋ᠤᠭᠠᠷ ᠰᠠᠷ᠎ᠠ ᠶᠢᠨ 20 ᠤ ᠡᠳᠦᠷ ᠠᠴᠠ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠬᠤᠭᠤᠴᠠᠭ᠎ᠠ ᠶᠢ ᠪᠦᠬᠦ ᠰᠢᠶᠠᠨ ᠤ ᠤᠢ ᠰᠢᠭᠤᠢ ᠶᠢᠨ ᠭᠠᠯ ᠰᠡᠷᠭᠡᠶᠢᠯᠡᠬᠦ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠤᠭᠤᠴᠠᠭ᠎ᠠ ᠪᠣᠯᠭᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ ᠬᠠᠩᠰᠢ ᠶᠢᠨ ᠬᠤᠭᠤᠴᠠᠭᠠᠨ ᠳᠤ᠂ ᠬᠤᠷᠢᠨᠭᠡᠷ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠠᠴᠠ ᠪᠥᠬᠦ ᠰᠢᠶᠠᠨ ᠤ 32 ᠲᠣᠭᠲᠠᠮᠠᠯ᠂ ᠭᠤᠤᠯᠳᠠᠯᠭ᠎ᠠ ᠲᠠᠢ ᠣᠷᠣᠨ ᠪᠦᠰᠡ ᠳᠤ 1323 ᠬᠥᠮᠦᠨ ᠢ 24 ᠴᠠᠭ ᠠᠵᠢᠯᠯᠠᠭᠤᠯᠪᠠ᠃      ᠣᠳᠣᠬᠠᠨ ᠳᠤ ᠬᠤᠷᠢᠨᠭᠡᠷ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠠᠯᠠᠪᠠᠢ ᠨᠡᠶᠢᠲᠡ 380 ᠲᠦᠮᠡᠨ ᠮᠦ ᠪᠠᠶᠢᠵᠤ᠂ ᠣᠢ ᠰᠢᠭᠤᠶ ᠶᠢᠨ ᠪᠦᠷᠬᠦᠴᠡ ᠶᠢᠨ ᠨᠣᠷᠮ᠎ᠠ 29% ᠳᠤ ᠬᠦᠷᠴᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠬᠤᠴᠢᠯᠭ᠎ᠠ ᠶᠢᠨ ᠪᠦᠷᠬᠦᠴᠡ 48.5% ᠳᠤ ᠬᠦᠷᠴᠡᠶ᠃ ᠪᠥᠬᠦ ᠰᠢᠶᠠᠨ ᠳᠤ ᠨᠡᠶᠢᠲᠡ 180 ᠭᠠᠯ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠭᠠᠷᠭᠠᠵᠤ᠂ ᠣᠶ ᠰᠢᠭᠤᠶ ᠬᠠᠮᠠᠭᠠᠯᠠᠭᠴᠢ᠂ ᠪᠠᠶᠢᠴᠠᠭᠠᠭᠴᠢ᠂ ᠪᠠᠷᠠᠯᠠᠬᠤ ᠠᠵᠢᠯᠲᠠᠨ ᠵᠡᠷᠭᠡ 8000 ᠭᠠᠷᠤᠶ ᠬᠥᠮᠦᠨ ᠭᠠᠯ ᠰᠡᠷᠭᠡᠶᠢᠯᠡᠬᠦ ᠠᠵᠢᠯ ᠳᠤ ᠣᠷᠣᠯᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠭᠠᠯ ᠤᠨᠲᠠᠷᠠᠭᠠᠬᠤ ᠲᠡᠷᠭᠡ᠂ ᠤᠰᠤᠨ ᠲᠡᠷᠭᠡ ᠨᠡᠶᠢᠲᠡ 61 ᠪᠠᠶᠢᠵᠤ᠂ ᠠᠴᠢᠶᠠᠯᠠᠬᠤ ᠮᠠᠰᠢᠨ᠂ ᠮᠠᠯᠲᠠᠭᠤᠷ ᠮᠠᠰᠢᠨ ᠵᠡᠷᠭᠡ 142 ᠲᠣᠮᠣ ᠬᠡᠯᠪᠡᠷᠢ ᠶᠢᠨ ᠮᠠᠰᠢᠨ ᠪᠠᠭᠠᠵᠢ ᠲᠠᠲᠠᠨ ᠬᠡᠷᠡᠭᠯᠡᠵᠦ᠂ 372 ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ ᠬᠠᠳᠠᠭᠠᠯᠠᠵᠤ᠂ 3100 ᠭᠠᠷᠤᠶ ᠭᠠᠯ ᠤᠨᠲᠠᠷᠠᠭᠠᠬᠤ ᠪᠠᠭᠠᠵᠢ ᠬᠡᠷᠡᠭᠰᠡᠯ ᠬᠠᠳᠠᠭᠠᠯᠠᠵᠤ ᠪᠠᠶᠢᠨ᠎ᠠ᠃      ᠬᠤᠷᠢᠨᠭᠡᠷ ᠰᠢᠶᠠᠨ ᠠᠯᠢ ᠣᠯᠠᠨ ︽ᠬᠠᠲᠠᠭᠤ︾ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠺᠠᠳ᠋ᠷ ᠣᠯᠠᠨ ᠲᠦᠮᠡᠨ ᠬᠠᠮᠲᠤ ᠪᠠᠷ ᠬᠦᠴᠦᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ︽ᠠᠮᠤᠷ ᠲᠦᠪᠰᠢᠨ ᠤ ᠬᠡᠷᠡᠮ︾ ᠢ ᠴᠣᠭᠴᠠᠯᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号