ᠱᠠᠪᠠᠭ᠋ᠠᠢ ᠲᠣᠰᠬᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ ᠠᠷᠪᠢᠯᠠᠬᠤ ᠤᠰᠤᠯᠠᠯᠲᠠ ᠶᠢᠨ ᠭᠠᠵᠠᠷ ᠳᠡᠭᠡᠷᠡᠬᠢ ᠲᠥᠬᠦᠭᠡᠷᠦᠮᠵᠢ ᠶᠢᠨ ᠲᠥᠭᠡᠷᠢᠯ ᠣᠷᠳᠣᠨ ᠤ ᠬᠤᠭᠤᠯᠠᠶ ᠲᠠᠷᠬᠠᠭᠠᠪᠠ
ᠨᠡᠶᠢᠲᠡᠯᠡᠭᠰᠡᠨ ᠴᠠᠭ᠄
2020-05-11
     ᠣᠲᠣ ᠶᠠᠭ ᠬᠠᠪᠤᠷ ᠤᠨ ᠲᠠᠷᠢᠶᠠᠯᠠᠭ᠎ᠠ ᠶᠢᠨ ᠴᠠᠭ ᠪᠣᠯᠵᠣ ᠪᠠᠶᠢᠨ᠎ᠠ᠂ 4 ᠳ᠋ᠦ᠋ᠭᠡᠷ ᠰᠠᠷ᠎ᠠ ᠶᠢᠨ 29 ᠤ ᠡᠳᠦᠷ᠂ ᠱᠠᠪᠠᠭ᠋ᠠᠢ ᠰᠢᠶᠠᠩ ᠤᠨ ᠱᠠᠪᠠᠭ᠋ᠠᠢ ᠲᠣᠰᠬᠤᠨ ᠤ ᠠᠷᠠᠳ ᠲᠤ ᠪᠠᠷᠤᠭ 2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ ᠠᠷᠪᠢᠯᠠᠬᠤ ᠤᠰᠤᠯᠠᠯᠲᠠ ᠶᠢᠨ ᠭᠠᠵᠠᠷ ᠳᠡᠭᠡᠷᠡᠬᠢ ᠲᠥᠬᠦᠭᠡᠷᠦᠮᠵᠢ ᠶᠢᠨ ᠲᠥᠭᠡᠷᠢᠯ ᠣᠷᠳᠣᠨ ᠤ ᠬᠤᠭᠤᠯᠠᠢ ᠲᠠᠷᠬᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃      ᠲᠥᠬᠦᠭᠡᠷᠦᠮᠵᠢ ᠲᠠᠷᠬᠠᠭᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠲᠷᠠᠺᠲ᠋ᠣᠷ᠂ ᠴᠠᠬᠢᠯᠭᠠᠨ ᠲᠡᠷᠭᠡ ᠵᠢᠯᠣᠭᠤᠳᠴᠤ ᠲᠣᠰᠬᠤᠨ ᠤ ᠺᠠᠳ᠋ᠷ ᠤᠨ ᠵᠢᠯᠤᠭᠤᠳᠤᠯᠭ᠎ᠠ ᠳᠣᠣᠷ᠎ᠠ᠂ ᠡᠮᠬᠢ ᠵᠢᠷᠤᠮ ᠲᠠᠢ ᠮᠥᠷᠯᠡᠨ ᠳᠠᠩᠰᠠᠯᠠᠵᠤ ᠂ ᠲᠥᠭᠡᠭᠡᠨ ᠥᠭᠭᠦᠭᠰᠡᠨ ᠳᠠᠮᠵᠢᠭᠤᠯᠬᠤ ᠬᠤᠭᠤᠯᠠᠢ ᠪᠠᠨ ᠠᠪᠴᠠᠢ᠃ ᠡᠶᠢᠮᠦᠷᠬᠦᠦ ᠳᠤᠰᠤᠯᠭᠠᠨ ᠤᠰᠤᠯᠠᠵᠤ ᠲᠠᠷᠢᠬᠤ ᠪᠠᠷ ᠲᠠᠮᠵᠢᠨ ᠲᠠᠷᠢᠮᠠᠯ ᠤᠨ ᠦᠷ᠎ᠡ ᠪᠦᠲᠦᠮᠵᠢ ᠨᠢ ᠰᠠᠶᠢᠨ ᠪᠣᠯ ᠭᠠᠷᠣᠯᠲᠠ ᠪᠣᠯᠣᠨ ᠣᠷᠣᠯᠭ᠎ᠠ ᠪᠠᠨ ᠪᠦᠬᠦᠨ ᠢ ᠨᠡᠮᠡᠭᠳᠡᠭᠦᠯᠵᠦ᠂ ᠬᠦᠴᠦ ᠪᠠᠨ ᠠᠷᠪᠢᠯᠠᠵᠤ ᠤᠰᠤ ᠶᠢ ᠠᠷᠪᠢᠯᠠᠬᠤ ᠶᠢ ᠪᠡᠶᠡᠯᠡᠭᠦᠯᠵᠦ ᠴᠢᠳᠠᠨ᠎ᠠ᠃      2019 ᠣᠨ ᠳᠤ ᠪᠠᠷᠤᠭ 23000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠬᠡᠷᠡᠭᠵᠢᠭᠦᠯᠵᠦ᠂ 2100 ᠲᠦᠮᠡᠨ ᠲᠥᠭᠦᠷᠢᠭ ᠤᠨ ᠪᠠᠯᠠ ᠣᠷᠣᠭᠤᠯᠵᠤ᠂ 461 ᠲᠠᠷᠢᠶᠠᠴᠢᠨ ᠡᠷᠦᠬᠡ ᠳᠤ ᠠᠰᠢᠭ ᠬᠦᠷᠲᠡᠭᠡᠭᠰᠡᠨ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠰᠤᠯᠠᠯᠲᠠ ᠶᠢᠨ ᠭᠠᠵᠠᠷ ᠤᠨ ᠲᠠᠯᠠᠪᠠᠶ ᠶᠢ ᠨᠡᠮᠡᠭᠳᠡᠭᠦᠯᠪᠡ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠬᠤᠶᠢᠰᠢᠳᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠤᠵᠠᠭᠠᠶᠢᠷᠠᠬᠤ ᠳᠤ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠶ ᠬᠠᠩᠭᠠᠬᠤ ᠪᠣᠯᠤᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号