ᠸᠠᠩ ᠯᠢ ᠰᠢᠶᠠ ᠬᠤᠷᠢᠨᠭᠡᠷ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-11
     5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ︽ᠳᠥᠷᠪᠡᠨ ᠥᠬᠡᠶ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠬᠤᠷᠢᠨᠭᠡᠷ ᠰᠢᠶᠠᠨ ᠤ ᠴᠣᠷᠵᠢ ᠶᠢᠨ ᠠᠶᠢᠯ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ᠂ ᠣᠷᠣᠯᠭ᠎ᠠ ᠵᠢᠴᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠭᠰᠠᠨ ᠵᠡᠷᠭᠡ ᠪᠠᠶᠢᠳᠠᠯ ᠢ ᠠᠰᠠᠭᠤᠨ ᠯᠠᠪᠯᠠᠭᠰᠠᠨ ᠪᠥᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠬᠦᠷᠢᠶᠡᠨ ᠳᠤ ᠠᠬᠤᠢ ᠲᠠᠯᠠᠪᠠᠢ ᠶᠢᠨ ᠠᠵᠢᠯᠯᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃      ᠸᠠᠩ ᠯᠢ ᠰᠢᠶᠠ ᠨᠠᠷ ᠴᠣᠷᠵᠢ ᠶᠢᠨ ᠠᠶᠢᠯ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠵᠢᠵᠢᠭᠦᠷᠯᠡᠵᠦ ᠪᠠᠶᠢᠭ᠎ᠠ ᠡᠮᠴᠢ ᠰᠤᠪᠢᠯᠠᠭᠴᠢᠳ ᠲᠠᠢ ᠰᠠᠨᠠᠯ ᠢᠶᠠᠨ ᠰᠣᠯᠢᠯᠴᠠᠵᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠬᠤᠯᠪᠣᠭᠳᠠᠯ ᠪᠦᠬᠦᠢ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠯᠠᠪᠯᠠᠨ ᠠᠰᠠᠭᠤᠪᠠ᠃ ᠳᠠᠷᠠᠭ᠎ᠠ ᠨᠢ ᠴᠣᠷᠵᠢ ᠶᠢᠨ ᠠᠶᠢᠯ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠲᠤ ᠬᠦᠷᠴᠦ᠂ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠠᠮᠢᠶ᠎ᠠ ᠪᠥᠬᠦᠶ ᠮᠠᠲ᠋ᠧᠷᠢᠶᠠᠯ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃      ᠸᠠᠩ ᠯᠢ ᠰᠢᠶᠠ ᠨᠠᠷ ᠤᠷᠢᠳ ᠬᠤᠵᠢᠳ ᠴᠣᠷᠵᠢ ᠶᠢᠨ ᠠᠶᠢᠯ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠰᠢᠶᠠ ᠵᠧᠨ᠂  ᠯᠢᠦ ᠰᠠᠨ ᠪᠠᠢ ᠶᠢᠨ ᠭᠡᠷ ᠲᠤ ᠬᠦᠷᠴᠦ᠂ ᠲᠡᠳᠡᠨ ᠲᠠᠢ ᠬᠠᠮᠲᠤ ᠵᠣᠭᠤᠭᠳᠠᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠤᠯᠠᠨ ᠢ ᠢᠲᠡᠭᠡᠯ ᠵᠣᠷᠢᠭ ᠲᠠᠢ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠠᠮᠢᠳᠤᠷᠠᠯ ᠢᠶᠠᠨ ᠨᠡᠩ ᠵᠣᠯ ᠵᠢᠷᠭᠠᠯ ᠲᠠᠢ ᠪᠣᠯᠭᠠᠬᠤ ᠶᠢ ᠵᠣᠷᠢᠭᠵᠢᠭᠤᠯᠪᠠ᠃ ᠳᠠᠷᠠᠭ᠎ᠠ ᠨᠢ᠂ ᠸᠠᠩ ᠯᠢ ᠰᠢᠶᠠ ᠯᠢᠦ ᠰᠠᠨ ᠪᠠᠶ ᠶᠢᠨ ᠬᠡᠷ ᠤᠨ ᠬᠦᠷᠢᠶᠡᠨ ᠳᠤ ᠠᠬᠤᠶ ᠲᠠᠯᠠᠪᠠᠶ ᠶᠢᠨ ᠠᠵᠢᠯᠯᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠠᠵᠢᠯ ᠤᠨ ᠳᠤᠮᠳᠠ ᠲᠤᠯᠭᠠᠷᠠᠵᠤ ᠪᠠᠶᠢᠳᠠᠯ ᠳᠤ ᠳᠤ ᠰᠢᠨ᠎ᠡ ᠬᠤᠪᠢᠷᠠᠯᠲᠠ ᠭᠠᠷᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠲᠣᠭᠤᠰᠢᠯᠠᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠷᠢᠭᠦᠨ ᠵᠡᠷᠭᠡ ᠶᠢᠨ ᠶᠡᠭᠡ ᠶᠠᠪᠤᠳᠠᠯ ᠪᠠ ᠨᠢᠭᠡᠳᠦᠭᠡᠷ ᠢᠨᠵᠧᠨᠧᠷᠢᠩ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠰᠡᠳᠬᠢᠯ ᠳᠡᠯᠪᠢᠨ᠂ ᠪᠣᠳᠠᠲᠠᠶ ᠪᠥᠭᠡᠳ ᠨᠠᠷᠢᠯᠢᠭ ᠬᠢᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠨᠠᠩ ᠣᠯᠠᠨ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ ᠭᠡᠵᠡᠶ᠃      ᠸᠠᠩ ᠯᠢ ᠰᠢᠶᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ︽ᠬᠥᠬᠡᠬᠤᠲᠠ ᠶᠢᠨ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷᠲᠠᠢ ᠪᠠᠷ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠠᠵᠢᠯᠯᠠᠭᠠᠨ ᠤ ᠲᠥᠰᠦᠯ︾ ᠤᠨ ᠱᠠᠭᠠᠷᠳᠠᠯᠭ᠎ᠠ ᠶᠣᠰᠣᠭᠠᠷ ︽ᠬᠤᠸᠠᠷ ᠬᠠᠳᠬᠤᠬᠤ︾ ᠴᠢᠳᠠᠪᠤᠷᠢ ᠶᠢ ᠭᠦᠢᠴᠡᠳ ᠲᠠᠯᠪᠢᠬᠤ ᠬᠡᠷᠡᠭᠲᠡᠢ᠃ ᠦᠨᠳᠦᠰᠦᠨ ᠵᠦᠢᠯ ᠢ ᠪᠠᠲᠤᠯᠠᠬᠤ ᠲᠠᠯ᠎ᠠ ᠪᠠᠷ ᠬᠦᠴᠦ ᠣᠷᠣᠭᠤᠯᠵᠤ᠂ ᠤᠯᠤᠰ ᠤᠨ ᠲᠣᠭᠲᠠᠭᠠᠭᠰᠠᠨ ᠵᠦᠢᠯ ᠢ ᠴᠢᠩᠭ᠎ᠠ ᠬᠡᠷᠡᠭᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠪᠣᠳᠠᠲᠠᠢ ᠳᠤ ᠨᠠᠶᠢᠳᠠᠪᠣᠷᠢᠵᠢᠭᠤᠯᠬᠤ ᠶᠢ ᠪᠠᠲᠤᠯᠠᠬᠤ ᠬᠡᠷᠡᠭᠲᠡᠢ᠃ ᠣᠣᠭᠤᠬᠤ ᠤᠰᠤ ᠶᠢᠨ ᠠᠮᠤᠷ ᠲᠦᠪᠰᠢᠨ ᠪᠠ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠲᠤ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠯᠠᠩᠭᠤᠶ᠎ᠠ ᠬᠦᠴᠢᠷᠳᠡᠯᠲᠡᠶ ᠣᠯᠠᠨ ᠲᠦᠮᠡᠨ ᠤ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠷᠢᠯᠴᠠᠨ ᠦᠢᠯᠡᠴᠢᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ  ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠡᠭᠡ ᠲᠠᠩᠰᠠ ᠶᠢ ᠪᠣᠳᠠᠲᠠᠢ ᠪᠥᠭᠡᠳ ᠨᠠᠷᠢᠨ ᠨᠢᠮᠪᠠᠢ ᠬᠢᠵᠦ᠂ ᠡᠯ᠎ᠡ ᠵᠦᠢᠯ ᠤᠨ ᠠᠵᠢᠯ ᠤᠨ ᠨᠠᠷᠢᠨ ᠨᠢᠮᠪᠠᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠸᠠᠩ ᠯᠢ ᠰᠢᠶᠠ᠂ ︽ᠲᠠᠪᠤᠨ ᠱᠠᠲᠤᠨ ᠤ ᠱᠦᠵᠢ︾ ᠶᠠᠳᠠᠭᠤ ᠶᠢ ᠲᠡᠳᠬᠦᠬᠦ ᠶᠢ ᠠᠳᠬᠤᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠵᠠᠳᠠᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠲᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ᠂ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠬᠤ ᠠᠴᠠ ᠵᠠᠶᠢᠯᠠᠰᠬᠢᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠨᠢᠭᠡᠳᠦᠭᠡᠷ ᠱᠦᠵᠢ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠠᠵᠠ ᠲᠣᠬᠢᠶᠠᠯ ᠪᠣᠯᠭᠠᠵᠤ᠂ ᠶᠠᠳᠠᠭᠤ ᠶᠢ ᠲᠡᠳᠬᠦᠬᠦ ᠵᠣᠷᠢᠭ ᠰᠠᠨᠠᠭ᠎ᠠ ᠶᠢ ᠲᠡᠳᠬᠦᠬᠦ ᠤᠶᠤᠨ ᠤᠬᠠᠭᠠᠨ ᠢ ᠲᠡᠳᠬᠦᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠵᠡᠷᠭᠡ ᠠᠵᠢᠯ ᠬᠢᠵᠦ᠂ ᠤᠯᠠᠨ ᠤ ᠶᠠᠳᠠᠭᠤ ᠠᠴᠠ ᠠᠩᠭᠢᠵᠢᠷᠠᠭᠤᠯᠬᠤ ᠰᠠᠨᠠᠭᠠᠴᠢᠯᠠᠭᠠᠲᠤ ᠴᠢᠨᠠᠷ᠂ ᠣᠷᠣᠯᠴᠠᠬᠤ ᠬᠡᠮᠵᠢᠶ᠎ᠡ ᠪᠣᠯᠤᠨ ᠮᠡᠳᠡᠷᠡᠬᠦ ᠰᠡᠳᠬᠢᠯᠭᠡ ᠶᠢ ᠦᠨᠡᠨᠬᠦ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠬᠤ ᠶᠢ ᠭᠦᠢᠴᠡᠳ ᠳᠠᠶᠢᠴᠢᠯᠠᠵᠤ᠂ ᠡᠷᠦᠬᠡ ᠶᠢᠨ ᠳᠦᠷᠰᠦ ᠪᠠᠶᠢᠳᠠᠯ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢ ᠠᠬᠢᠭᠤᠯᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠰᠢᠨ᠎ᠡ ᠬᠡᠪ ᠰᠤᠷᠲᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号