ᠠᠷᠠᠳ ᠤᠨ ᠠᠮᠢᠳᠤᠷᠠᠯ ᠤᠨ ᠵᠠᠷᠤᠯᠭ᠎ᠠ ᠪᠣᠯ ᠢᠮᠠᠭᠲᠠ ᠡᠳ᠋ ᠤᠨ ᠵᠠᠰᠠᠭ ᠤᠨ ᠠᠵᠢᠯ ᠤᠨ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠮᠥᠨ᠂ ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠴᠠᠯᠢᠩ ᠢ ᠪᠠᠲᠤᠯᠠᠬᠤ᠂ | ᠠᠵᠢᠯᠯᠠᠭ᠎ᠠ ᠶᠢ ᠪᠠᠲᠤᠯᠠᠬᠤ ᠵᠡᠷᠭᠡ ᠵᠠᠪᠠᠯ ᠵᠠᠷᠣᠴᠠᠭᠤᠯᠬᠤ ᠴᠢᠨᠠᠷᠲᠠᠶ ᠵᠠᠷᠤᠯᠭ᠎ᠠ ᠶᠢᠨ ᠰᠠᠭᠤᠷᠢᠨ ᠳᠡᠭᠡᠷ᠎ᠡ᠂ | ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠬᠦᠴᠦᠨ ᠢ ᠲᠥᠪᠯᠡᠷᠡᠭᠦᠯᠦᠨ | ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠳᠠᠰᠢ | ᠬᠡᠯᠪᠠᠶᠢᠯᠭᠡᠪᠡ᠃ | 1 — 4 ᠳ᠋ᠦ᠋ᠭᠡᠷ ᠰᠠᠷ᠎ᠠ ᠳᠤ᠂ ᠪᠥᠬᠦ ᠰᠢᠶᠠᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ | 32187 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠵᠠᠷᠤᠯᠭ᠎ᠠ ᠶᠢᠨ 72.88% ᠶᠢ ᠡᠵᠡᠯᠡᠪᠡ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ 6078 ᠲᠦᠮᠡᠨ | ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 545 ᠲᠦᠮᠡᠨ | ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 18043 ᠲᠦᠮᠡᠨ ᠲᠥᠭᠦᠷᠢᠭ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠣᠯᠭ᠎ᠠ 2780 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠳᠤ ᠵᠠᠷᠤᠯᠭ᠎ᠠ ᠦᠭᠡᠢ᠂ ᠲᠠᠷᠢᠶᠠᠯᠠᠩ ᠣᠢ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ | 2683 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 521 ᠲᠦᠮᠡᠨ ᠲᠥᠭᠦᠷᠢᠭ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 1537 ᠲᠦᠮᠡᠨ ᠲᠥᠭᠦᠷᠢᠭ ᠪᠣᠯᠣᠨ᠎ᠠ᠃ |