ᠴᠧᠨ ᠯᠢ ᠶᠢᠨ ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-18
     5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠣᠳᠣᠯᠵᠤ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠭᠤᠤᠯᠳᠠᠯᠭ᠎ᠠ ᠲᠠᠢ ᠲᠦᠷᠥᠯ ᠵᠦᠢᠯ ᠤᠨ ᠯᠠᠪᠳᠠᠭᠤᠨ ᠢᠶᠠᠷ ᠠᠬᠢᠬᠤ ᠶᠢ ᠦᠨᠡᠨᠬᠦ ᠪᠠᠲᠤᠯᠠᠪᠠ᠃      ᠬᠤᠷᠠᠯ ᠳᠡᠭᠡᠷ᠎ᠡ᠂ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠠᠵᠢᠯ ᠢ ᠠᠬᠢᠭᠤᠯᠤᠭᠰᠠᠨ ᠪᠠᠶᠢᠳᠠᠯ ᠵᠢᠴᠢ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠥᠪ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠨᠥᠭᠡᠴᠡ ᠶᠢ ᠴᠢᠷᠮᠠᠶᠢᠨ ᠣᠯᠤᠭᠰᠠᠨ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠴᠧᠨ ᠯᠢ ᠶᠢᠨ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠮᠠᠨ ᠤ ᠰᠢᠶᠠᠨ ᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠪ ᠦᠨᠡᠨᠬᠦ ᠪᠦᠬᠦ ᠰᠢᠶᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠬᠡᠷᠡᠭᠲᠡᠢ᠃ ᠴᠧᠨ ᠯᠢ ᠶᠢᠨ ᠱᠠᠭᠠᠷᠳᠠᠭᠰᠠᠨ ᠨᠢ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠥᠪᠡᠷ ᠤᠨ ᠭᠠᠷ ᠲᠠᠬᠢ ᠬᠤᠪᠢᠳᠠᠨ ᠬᠠᠮᠢᠶᠠᠷᠴᠤ ᠪᠠᠶᠢᠭ᠎ᠠ ᠲᠥᠷᠥᠯ ᠵᠦᠢᠯ ᠢᠶᠠᠨ ᠰᠠᠶᠢᠲᠤᠷ ᠬᠢᠵᠦ᠂ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠰᠢᠢᠳᠪᠦᠷᠢᠯᠡᠵᠦ᠂ ᠴᠠᠭ ᠪᠢᠳᠡᠨ ᠢ ᠬᠦᠯᠢᠶᠡᠬᠦ ᠦᠭᠡᠢ ᠪᠠᠶᠢᠳᠠᠯ ᠢᠶᠠᠷ ᠠᠵᠢᠯ ᠳᠠᠭᠠᠨ ᠣᠷᠣᠬᠤ ᠬᠡᠷᠡᠭᠲᠡᠢ︔ ᠠᠵᠢᠯ ᠤᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ︔ ᠲᠠᠷᠢᠶᠠᠯᠠᠩ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠣᠯᠠᠭ᠎ᠠ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠤᠨ ᠬᠦᠰᠦᠨᠦᠭ ᠢ ᠲᠣᠭᠲᠠᠭᠠᠵᠤ᠂ ᠴᠠᠭ ᠲᠤᠬᠠᠶ ᠳᠤᠨᠢ ᠳᠠᠭᠠᠵᠤ ᠲᠣᠬᠢᠷᠠᠭᠤᠯᠣᠨ᠂ ᠠᠵᠢᠯ ᠤᠨ ᠠᠷᠭ᠎ᠠ ᠬᠡᠮᠵᠢᠶ᠎ᠡ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ︔ ᠠᠵᠢᠯ ᠤᠨ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ 2020 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠳᠤ ᠲᠣᠬᠢᠷᠠᠭᠤᠯᠤᠯᠲᠠ ᠬᠢᠵᠦ᠂ ᠰᠢᠯᠢᠳᠡᠭᠵᠢᠭᠦᠯᠦᠨ᠂ ᠲᠥᠷᠥᠯ ᠬᠤᠪᠢᠶᠠᠨ ᠬᠤᠷᠢᠶᠠᠩᠭᠤᠶᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠨᠣᠪᠴᠢᠲᠠᠶ ᠪᠠᠷ ᠬᠦᠴᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠲᠥᠷᠥᠯ ᠵᠦᠢᠯ ᠤᠨ ᠯᠠᠪᠳᠠᠭᠤᠨ ᠢᠶᠠᠷ ᠠᠬᠢᠬᠤ ᠶᠢ ᠦᠨᠡᠨᠬᠦ ᠪᠠᠲᠣᠯᠠᠬᠤ ᠬᠡᠷᠡᠭᠲᠡᠢ ᠭᠡᠪᠡ᠃      ᠰᠢᠶᠠᠨ ᠤ ᠳᠡᠳ᠋ ᠳᠠᠷᠤᠭ᠎ᠠ ᠾᠧ ᠹᠧᠩ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号