ᠴᠧᠨ ᠯᠢ ᠶᠢᠨ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-18
     5 ᠳ᠋ᠤᠭᠠᠷ ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ  ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠠᠨ ᠴᠢᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠱᠧᠩ ᠯᠧ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠣᠷᠣᠯᠭ᠎ᠠ ᠰᠡᠷᠭᠦᠭᠡᠬᠦ ᠬᠢᠴᠢᠶᠡᠯ ᠰᠡᠷᠭᠦᠭᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠠᠵᠢᠯ ᠢ ᠭᠤᠤᠯᠳᠠᠯᠭ᠎ᠠ ᠲᠠᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠣᠶᠢᠷ᠎ᠠ ᠶᠢᠨ ᠬᠤᠭᠤᠴᠠᠭᠠᠨ ᠤ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ᠂ ᠠᠵᠢᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠭᠤᠯᠵᠤ ᠲᠠᠷᠬᠠᠭᠠᠬᠤ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠭᠠᠵᠠᠷ ᠤᠨ ᠪᠠᠴᠢᠮ ᠮᠡᠳᠡᠭᠳᠡᠯ︾ ︵ᠥᠪᠥᠷ ᠰᠡᠷᠭᠡᠶᠢᠯᠡᠯᠲᠡ ᠴᠠᠬᠢᠯᠭᠠᠨ  ﹇2020﹈ 37 ᠳ᠋ᠤᠭᠠᠷ ᠲᠣᠭᠠᠲᠤ︶᠂ ︽ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤᠮᠳᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠳᠤ ᠬᠦᠷᠭᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠬᠢᠳᠠᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠴᠧᠨ ᠯᠢ ᠶᠢᠨ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠵᠤ ᠬᠥᠮᠦᠨ ᠢ ᠪᠠᠶᠢᠴᠠᠭᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠢ ᠲᠣᠭᠲᠠᠭᠠᠯ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠡᠯ᠎ᠡ ᠵᠦᠢᠯ ᠤᠨ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠣᠷᠢᠵᠢᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠷᠡᠭᠲᠡᠨ ᠬᠠᠷᠠᠬᠤ ᠭᠠᠵᠠᠷ ᠵᠡᠷᠭᠡ ᠭᠤᠤᠯᠳᠠᠯᠭ᠎ᠠ ᠲᠠᠢ ᠬᠥᠮᠦᠰ ᠪᠣᠯᠤᠨ ᠪᠠᠶᠢᠭᠤᠯᠣᠮᠵᠢ ᠶᠢᠨ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠩᠭᠤᠵᠢᠭᠤᠯᠤᠭᠰᠠᠨ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠣᠯᠭᠠᠵᠤ᠂ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠳᠡᠭᠡᠨ ᠴᠢᠩᠭ᠎ᠠ ᠪᠥᠭᠡᠳ ᠠᠯᠳᠠᠭ᠎ᠠ ᠪᠤᠷᠤᠭᠤ ᠭᠠᠷᠭᠠᠵᠤ ᠪᠣᠯᠬᠤ ᠦᠭᠡᠢ᠂ ᠭᠠᠳᠠᠨᠠᠬᠢ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠵᠦ᠂ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠡᠪᠴᠢᠶ᠎ᠡ ᠶᠢ ᠥᠷᠭᠡᠳᠬᠡᠵᠦ᠂ ᠬᠢᠯᠢ ᠶᠢᠨ ᠭᠠᠳᠠᠨᠠᠬᠢ᠂ ᠳᠤᠮᠳᠠ ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠰᠢᠶᠠᠨ ᠳᠤ ᠢᠷᠡᠭᠰᠡᠨ ᠬᠥᠮᠦᠰ ᠲᠤ ᠪᠠᠶᠢᠴᠠᠭᠠᠨ ᠬᠡᠮᠵᠢᠯᠲᠡ ᠬᠢᠵᠦ᠂ ︽ᠪᠠᠶᠢᠴᠠᠭᠠᠬᠤ ᠶᠣᠰᠣᠲᠠᠢ ᠶᠢ ᠪᠦᠬᠦᠨ ᠢ ᠪᠠᠶᠢᠴᠠᠭᠠᠵᠤ︾᠂ ᠮᠠᠨ ᠤ ᠰᠢᠶᠠᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠬᠤᠯᠠ ᠪᠦᠬᠦᠢ ᠲᠥᠬᠦᠭᠡᠷᠦᠮᠵᠢ᠂ ᠰᠠᠭᠤᠷᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠵᠢᠯ ᠤᠨ ᠪᠠᠶᠢᠷᠢ ᠪᠠᠨ ᠦᠷᠭᠦᠯᠵᠢᠯᠡᠨ ᠪᠠᠲᠤ ᠰᠠᠬᠢᠵᠤ᠂ ᠴᠠᠭ ᠲᠤᠬᠠᠶ ᠳᠤᠨᠢ ᠮᠡᠳᠡᠭᠡ ᠬᠦᠷᠭᠡᠵᠦ᠂ ᠳᠡᠭᠡᠭᠰᠢ ᠳᠠᠮᠵᠢᠭᠤᠯᠤᠨ ᠳᠣᠷᠣᠭᠰᠢ ᠤᠯᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠷᠤᠯᠭ᠎ᠠ ᠪᠠᠨ ᠰᠡᠷᠭᠦᠭᠡᠬᠦ᠂ ᠬᠢᠴᠢᠶᠡᠯ ᠢᠶᠠᠨ ᠰᠡᠷᠭᠦᠭᠡᠬᠦ᠂ ᠠᠵᠢᠯ ᠢᠶᠠᠨ ᠰᠡᠷᠭᠦᠭᠡᠬᠦ᠂ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠠᠭ ᠢ ᠵᠥᠷᠢᠭᠦᠯᠦᠨ ᠬᠤᠭᠤᠯᠠ ᠢᠳᠡᠬᠦ᠂ ᠵᠠᠮ ᠵᠥᠷᠢᠭᠦᠯᠦᠨ ᠰᠤᠷᠭᠠᠭᠤᠯᠢ ᠪᠠᠭᠤᠬᠤ᠂ ᠡᠳᠦᠷ ᠲᠤᠲᠤᠮ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠤ᠂ ᠡᠳᠦᠷ ᠲᠤᠲᠤᠮ ᠤᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号