ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-19
     5 ᠳ᠋ᠤᠭᠠᠷ ᠰᠠᠷ᠎ᠠ ᠶᠢᠨ 14 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠤᠷᠭᠠᠨ ᠬᠥᠮᠦᠵᠢᠯ ᠤᠨ ᠲᠣᠪᠴᠢᠶᠠᠨ ᠤ ᠡᠯ᠎ᠡ ᠲᠠᠰᠤᠭ᠂ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ 2019 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠠᠵᠢᠯ ᠤᠨ ᠡᠭᠦᠷᠭᠡ ᠶᠢ ᠲᠣᠬᠢᠷᠠᠭᠤᠯᠣᠨ ᠪᠠᠶᠢᠷᠢᠯᠠᠭᠤᠯᠪᠠ᠃      ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠦᠮᠦᠵᠢᠯ ᠢ ᠡᠷᠬᠢᠯᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠲᠣᠬᠢᠷᠠᠭᠤᠯᠬᠤ᠂ ᠲᠡᠩᠴᠡᠭᠦᠷᠢ ᠶᠢ ᠠᠬᠢᠭᠤᠯᠬᠤ︾ ᠰᠡᠳᠬᠢᠴᠡ ᠶᠣᠰᠣᠭᠠᠷ᠂ ᠪᠦᠬᠦ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠭᠦᠨᠵᠡᠭᠡᠶᠢᠷᠡᠭᠦᠯᠦᠨ ᠬᠦᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠯᠠᠪᠳᠠᠭᠤᠨ ᠢᠶᠠᠷ ᠠᠬᠢᠪᠠ᠃      ᠳᠠᠷᠠᠭ᠎ᠠ ᠠᠯᠬᠤᠮ ᠳᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠨᠢᠭᠡ ᠳᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ︽ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠦᠩᠬᠡᠶ ᠲᠠᠶᠢᠨ᠂ ᠬᠤᠷᠢᠭᠯᠠᠯᠲᠠ ᠶᠢᠨ ᠲᠠᠶᠢᠨ ᠳᠤ ᠡᠷᠡᠰ ᠢᠯᠠᠯᠲᠠ ᠣᠯᠵᠤ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠡᠷᠡᠰ ᠢᠯᠠᠯᠲᠠ ᠣᠯᠬᠤ ᠬᠡᠷᠡᠭᠲᠡᠢ᠃ ᠬᠤᠶᠠᠷ ᠲᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠯᠮᠦᠷᠢ ᠶᠢᠨ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠭᠤᠷᠪᠠ ᠳᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠡᠷᠳᠡᠮ ᠤᠨ ᠴᠣᠯᠠ ᠳᠤᠲᠠᠭᠳᠠᠵᠤ ᠪᠠᠶᠢᠭ᠎ᠠ ᠳᠤᠲᠠᠭᠤᠳᠠᠯ ᠢ ᠨᠥᠬᠦᠪᠥᠷᠢᠯᠡᠨ ᠪᠦᠷᠢᠳᠦᠭᠦᠯᠵᠦ᠂ 2020 ᠣᠨ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠠᠳᠠᠭᠠᠯᠠᠮᠵᠢ ᠶᠢ ᠡᠬᠢᠯᠡᠨ ᠬᠡᠷᠡᠭᠯᠡᠬᠦ ᠪᠠ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ ᠴᠡᠴᠡᠷᠯᠢᠭ ᠢ ᠰᠢᠯᠵᠢᠭᠦᠯᠦᠨ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠪᠠᠨ ᠠᠴᠠ ᠡᠷᠬᠢᠯᠡᠭᠰᠡᠨ 6 ᠬᠡᠥᠬᠡᠳ ᠤᠨ ᠴᠡᠴᠡᠷᠯᠢᠭ ᠡᠷᠬᠢᠯᠡᠵᠦ᠂ ᠵᠢᠱᠢᠯᠲᠡ ᠪᠠᠷ 1200 ᠡᠷᠳᠡᠮ ᠤᠨ ᠴᠣᠯᠠ ᠰᠢᠨ᠎ᠡ ᠪᠠᠷ ᠨᠡᠮᠡᠭᠳᠡᠬᠦ ᠪᠣᠯᠤᠨ᠎ᠠ᠃ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠢᠭᠡ ᠴᠤᠭᠴᠠᠵᠢᠯᠳᠠ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠳᠥᠷᠪᠡ ᠳᠤ᠂ ᠰᠤᠷᠭᠠᠭᠤᠯᠢ ᠶᠢᠨ ᠵᠠᠬᠢᠷᠤᠯ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠦ ᠴᠢᠩᠭᠠᠳᠬᠠᠵᠤ ᠂ ᠪᠠᠭᠰᠢ ᠶᠢ ᠨᠦᠬᠦᠪᠦᠷᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠲᠠᠪᠤ ᠳᠤ᠂ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠰᠤᠷᠤᠭᠴᠢ ᠡᠯᠰᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠰᠤᠷᠤᠯᠭ᠎ᠠ ᠶᠢᠨ ᠬᠤᠭᠤᠴᠠᠭᠠᠨ ᠳᠤ ᠰᠤᠷᠤᠭᠴᠢ ᠡᠯᠰᠡᠬᠦ ᠠᠵᠢᠯ ᠢ ᠡᠷᠬᠡ ᠲᠡᠭᠰᠢ ᠲᠥᠪ ᠭᠤᠣᠯᠴᠢ ᠪᠠᠷ ᠰᠠᠶᠢᠲᠣᠷ ᠶᠠᠪᠣᠭᠳᠠᠭᠤᠯᠵᠤ᠂ ︽ᠢᠯᠡ ᠪᠠᠷ ᠰᠤᠷᠤᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠡ ᠵᠢᠯ ᠤᠨ ︽ᠬᠡᠥᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ︾ ᠪᠠ ︽ᠪᠠᠭ᠎ᠠ ᠰᠤᠷᠭᠠᠭᠤᠯᠢ ᠠᠴᠠ ᠳᠤᠮᠳᠠᠳᠤ ᠰᠤᠷᠭᠠᠭᠤᠯᠢ ᠳᠤ ᠳᠡᠪᠰᠢᠬᠦ︾ ᠰᠣᠷᠣᠭᠴᠢ ᠡᠯᠰᠡᠬᠦ ᠠᠵᠢᠯ ᠢ ᠤᠷᠤᠭᠰᠢᠲᠠᠶ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号