5 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠵᠧᠩ ᠳ᠋ᠡ ᠢᠳᠡᠭᠡᠨ ᠤ ᠬᠢᠵᠠᠭᠠᠷᠲᠤ | ᠺᠣᠮᠫᠠᠨᠢ ᠶᠢᠨ ᠬᠠᠶᠢᠷ᠎ᠠ ᠬᠠᠯᠠᠮᠵᠢ ᠪᠠᠷ ᠳᠡᠮᠵᠢᠨ ᠲᠤᠰᠠᠯᠠᠵᠤ ᠬᠠᠨᠳᠢᠪᠯᠠᠬᠤ ᠶᠣᠰᠣᠯᠠᠯ ᠮᠠᠨ ᠤ ᠰᠢᠶᠠᠨ ᠤ ᠱᠠᠪᠠᠭ᠋ᠠᠢ | ᠰᠢᠶᠠᠩ ᠤᠨ ᠳ᠋ᠠ ᠴᠢᠶᠠᠩ ᠭᠸᠦ ᠲᠣᠰᠬᠤᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠬᠤᠩ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠵᠧᠩ ᠳ᠋ᠡ ᠢᠳᠡᠭᠡᠨ ᠤ ᠬᠢᠵᠠᠭᠠᠷᠲᠤ ᠺᠣᠮᠫᠠᠨᠢ ᠱᠠᠪᠠᠭ᠋ᠠᠢ | ᠰᠢᠶᠠᠩ ᠤᠨ 18 ᠶᠠᠳᠠᠭᠤ ᠬᠦᠴᠢᠷᠳᠡᠯᠲᠡᠶ ᠡᠷᠦᠬᠡ ᠳᠤ 36 ᠳᠥᠷᠪᠡᠳ ᠡᠮ᠎ᠡ ᠬᠤᠨᠢ ᠬᠠᠨᠳᠢᠪᠯᠠᠪᠠ᠃ | ᠯᠢ ᠵᠧᠩ ᠬᠤᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠠᠨᠳᠢᠪᠯᠠᠭᠰᠠᠨ ᠠᠵᠢᠯ ᠨᠢ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠶᠢ ᠭᠦᠨᠵᠡᠭᠡᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ | ᠦᠯᠢᠭᠡᠷ ᠳᠠᠭᠤᠷᠢᠶᠠᠯᠲᠤ ᠰᠢᠶᠠᠩ︾ ︽ᠦᠯᠢᠭᠡᠷ ᠳᠠᠭᠤᠷᠢᠶᠠᠯᠲᠤ ᠲᠣᠰᠬᠤᠨ︾ ᠢ ᠨᠠᠩ ᠰᠠᠶᠢᠲᠤᠷ ᠪᠠᠶᠢᠭᠤᠯᠬᠤ ᠳᠤ | ᠴᠢᠬᠤᠯᠠ ᠦᠢᠯᠡᠳᠦᠯ ᠲᠠᠢ ᠶᠤᠮ᠃ ᠲᠡᠷᠡ ᠬᠠᠨᠳᠢᠪ ᠢ ᠬᠦᠯᠢᠶᠡᠨ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢ | ᠳᠣᠲᠣᠨᠣ ᠪᠠᠷ ᠵᠠᠬᠢᠵᠤ᠂ ︽ᠶᠠᠳᠠᠭᠤ ᠶᠢ ᠲᠡᠳᠬᠦᠬᠦ ᠬᠤᠨᠢ︾ ᠶᠢ ᠰᠠᠶᠢᠲᠤᠷ ᠠᠰᠢᠭᠯᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠱᠠᠪᠠᠭ᠋ᠠᠢ ᠰᠢᠶᠠᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ | ᠦᠯᠢᠭᠡᠷ ᠳᠠᠭᠤᠷᠢᠶᠠᠯᠲᠣ ᠰᠢᠶᠠᠩ︾ ᠢ ᠴᠣᠭᠴᠠᠯᠠᠬᠤ ᠶᠠᠪᠤᠴᠠ ᠳᠤᠮᠳᠠ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠠᠵᠤ ᠠᠬᠤᠶᠢᠯᠠᠯ | ᠯᠤᠭ᠎ᠠ ᠶᠢᠨ ᠠᠰᠢᠭ ᠲᠤᠰᠠ ᠲᠠᠢ ᠬᠤᠯᠪᠣᠭᠳᠠᠬᠤ ᠲᠣᠭᠲᠠᠴᠠ ᠪᠠᠷ ᠳᠠᠮᠵᠢᠨ᠂ ︽ᠶᠠᠳᠠᠭᠤ ᠶᠢ ᠲᠡᠳᠬᠦᠬᠦ ᠬᠤᠨᠢ︾ ᠶᠢ | ᠭᠠᠷᠭᠠᠪᠠᠯ᠂ ᠪᠠᠰᠠ 23 ᠮᠦ ᠤᠢ ᠰᠢᠭᠤᠢ ᠵᠢᠮᠢᠰ ᠤᠨ ᠠᠵᠤ ᠠᠬᠤᠢ ᠶᠢ ᠬᠥᠭᠵᠢᠭᠦᠯᠵᠦ᠂ ᠨᠢᠭᠡᠨᠲᠡ 2900 | ᠰᠠᠭᠤᠷᠢ ᠵᠢᠮᠢᠰ ᠤᠨ ᠮᠣᠳᠣ ᠲᠠᠷᠢᠪᠠ᠃ ᠳᠠᠷᠠᠭᠠᠴᠢ ᠶᠢᠨ ᠠᠯᠬᠤᠮ ᠳᠤ ᠱᠠᠪᠠᠭ᠋ᠠᠢ ᠰᠢᠶᠠᠩ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠲᠤᠬᠢᠷᠠᠭᠤᠯᠤᠯᠳᠠ ᠶᠢ ᠨᠠᠷᠢᠯᠢᠬᠵᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠨᠠᠷ | ᠰᠠᠶᠢᠲᠠᠢ ᠬᠠᠷᠢᠭᠤᠯᠲᠠ ᠶᠢᠨ ᠬᠠᠭᠤᠳᠠᠰᠤ ᠲᠣᠰᠢᠶᠠᠬᠤ ᠪᠠᠷ ᠪᠣᠢ᠃ |