ᠵᠠᠩ ᠯᠢᠨ ᠯᠢᠨ ᠪᠦᠬᠦ ᠰᠢᠶᠠᠨ ᠤ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-25
     5 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠮᠠᠨ ᠤ ᠰᠢᠶᠠᠨ ᠤ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ︵ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠦᠷᠦᠯ ᠵᠦᠢᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠠᠷᠢᠭᠤᠴᠠᠯᠭᠠᠲᠠᠨ ᠮᠠᠨ ᠤ ᠰᠢᠶᠠᠨ ᠤ 2019 ᠣᠨ ᠤ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠢ ᠳ᠋ᠦᠩᠨᠡᠬᠦ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠤ 2019 ᠣᠨ ᠤ ᠬᠥᠯᠥᠰᠥᠨ ᠠᠵᠢᠯᠴᠢᠨ ᠤ ᠴᠠᠯᠢᠩ ᠢ ᠥᠭᠬᠦ ᠠᠵᠢᠯ ᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠣᠨ ᠪᠠᠶᠢᠷᠢᠯᠠᠭᠤᠯᠪᠠ︔ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠮᠠᠨ ᠤ ᠰᠢᠶᠠᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ︽ᠳᠥᠷᠪᠡᠨ ᠲᠦᠷᠢᠮ ᠨᠢᠭᠡ ᠮᠥᠩᠭᠦ︾ ᠪᠠ ᠦᠨᠡᠨ ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯ᠂ ᠬᠤᠷᠢᠨᠭᠡᠷ ᠰᠢᠨ᠎ᠡ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠵᠠᠩ ᠯᠢᠨ ᠯᠢᠨ ᠵᠢᠭᠠᠵᠤ ᠭᠠᠷᠭᠠᠭᠰᠠᠨ ᠨᠢ᠂ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠨᠢ ᠥᠷᠭᠡᠨ ᠣᠯᠠᠨ ᠬᠥᠯᠥᠰᠥᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠣ ᠂ ᠬᠠᠷᠢᠭᠤᠴᠠᠯᠭ᠎ᠠ ᠬᠦᠨᠳᠦ ᠶᠡᠭᠡ᠂ ᠠᠴᠢ ᠬᠤᠯᠪᠣᠭᠳᠠᠯ ᠬᠦᠨᠳᠦ ᠴᠢᠬᠤᠯᠠ ᠭᠡᠵᠦ ᠵᠢᠭᠠᠵᠣ ᠭᠠᠷᠭᠠᠭᠰᠠᠨ ᠪᠥᠭᠡᠳ ᠴᠢᠬᠤᠯᠠᠴᠢᠯᠠᠭᠰᠠᠨ ᠨᠢ᠂ ᠬᠦᠷᠦᠯᠴᠡᠬᠦ ᠦᠭᠡᠢ ᠲᠠᠯ᠎ᠠ ᠪᠠᠨ ᠵᠥᠪ ᠢᠶᠠᠷ ᠦᠵᠡᠵᠦ᠂ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠲᠤᠬᠠᠶ ᠤᠯᠤᠰ ᠲᠦᠷᠦ ᠶᠢᠨ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ ︵ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠬᠠᠲᠠᠭᠤ ᠪᠡᠷᠬᠡ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠣᠷᠢᠵᠢᠭᠤᠯᠬᠤ ᠶᠢ ᠤᠯᠠᠮ ᠨᠢᠭᠡ ᠠᠯᠬᠤᠮ ᠱᠠᠭᠠᠷᠳᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠳᠤ ︽ᠥᠴᠦᠬᠡᠨ ᠴᠦ ᠥᠷᠢᠲᠦᠬᠦ ᠥᠬᠡᠶ︾ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠠᠲᠤᠯᠠᠵᠤ᠂ ᠲᠡᠤᠬᠡᠨ ᠳᠠᠷᠤᠭᠳᠠᠮᠠᠯ ᠬᠡᠷᠡᠭ ᠢ ︽ᠥᠴᠦᠬᠡᠨ ᠴᠦ ᠥᠷᠢᠲᠦᠬᠦ ᠥᠬᠡᠶ︾ ᠶᠢ ᠦᠨᠳᠦᠰᠦᠨ ᠳᠡᠭᠡᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠴᠢᠩᠭᠠᠳᠬᠠᠨ᠂ ᠴᠠᠯᠢᠩ ᠥᠭᠬᠦ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ︽ᠳᠥᠷᠪᠡᠨ ᠳᠦᠷᠢᠮ ᠨᠢᠭᠡ ᠮᠥᠩᠭᠦ︾ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ︔ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠢᠩᠭ᠎ᠠ ᠰᠢᠮᠳᠠᠭᠤᠯᠣᠨ ᠪᠠᠶᠢᠴᠠᠭᠠᠵᠤ ᠬᠢᠨᠠᠨ ᠰᠢᠯᠭᠠᠵᠣ ᠬᠠᠷᠢᠭᠤᠴᠠᠯᠭ᠎ᠠ ᠨᠡᠬᠡᠮᠵᠢᠯᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠢᠨᠠᠨ ᠰᠢᠯᠭᠠᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠵᠠᠬᠢᠷᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠥᠯᠥᠰᠥᠨ ᠠᠵᠢᠯᠴᠢᠨ ᠤ ᠴᠠᠭ ᠲᠤᠬᠠᠶ ᠳᠤᠨᠢ ᠲᠤᠭ᠎ᠠ ᠶᠣᠰᠣᠭᠠᠷ ᠴᠠᠯᠢᠩ ᠤᠯᠬᠤ ᠶᠢ ᠦᠨᠡᠨᠬᠦ ᠪᠠᠲᠤᠯᠠᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠮᠠᠨ ᠤ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号