| | | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ | ᠵᠢᠩ ᠰᠢᠶᠠᠨ᠂ ᠠᠵᠤ ᠠᠬᠤᠢ ᠠᠷᠠᠯᠵᠢᠶ᠎ᠠ ᠶᠢᠨ ᠰᠠᠯᠠᠭ᠎ᠠ ᠶᠢᠨ ᠳᠠᠷᠤᠭ᠎ᠠ ᠯᠢᠦ ᠰᠢᠤᠸᠠᠢ ᠯᠢᠶᠠᠨ | 1. ᠬᠠᠮᠢᠶᠠᠷᠤᠭᠴᠢ᠄ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ | ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ | ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | 2. ᠬᠥᠲᠥᠯᠥᠭᠴᠢ᠄ | ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠢ ᠪᠠᠲᠤᠯᠠᠬᠤ ᠪᠣᠯ | ᠬᠡᠵᠢᠶ᠎ᠡ ᠴᠦ ᠭᠡᠰᠡᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠠᠮᠤᠭ ᠤᠨ | ᠴᠢᠬᠤᠯᠠ ᠤᠴᠢᠷ ᠪᠣᠯᠣᠨ᠎ᠠ᠃ ᠳᠤᠮᠳᠠᠳᠤ ᠶᠢᠨ ᠬᠥᠮᠥᠨ ᠪᠤᠳᠠᠭᠠᠨ ᠠᠶᠠᠭ᠎ᠠ ᠪᠠᠨ ᠶᠠᠮᠠᠷᠪᠠ ᠴᠠᠭ ᠲᠤ ᠴᠦ ᠥᠪᠡᠷ ᠤᠨ | ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠᠴᠢᠯᠠᠭᠰᠠᠨ | ᠪᠢᠯᠡ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠳᠣᠷᠬᠠᠢ ᠱᠠᠭᠠᠷᠳᠠᠭᠰᠠᠨ ᠨᠢ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ ᠳᠤ᠂ ᠭᠤᠣᠯᠳᠠᠯᠭ᠎ᠠ ᠲᠠᠢ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠵᠠᠪᠠᠯ ᠪᠠᠲᠤᠯᠠᠨ᠂ | ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠶᠢ ᠪᠠᠲᠤᠯᠠᠵᠤ᠂ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠢ ᠲᠣᠭᠲᠠᠭᠤᠨ ᠪᠠᠶᠢᠯᠭᠠᠬᠤ ᠬᠡᠷᠡᠭᠲᠡᠢ ᠭᠡᠵᠡᠢ᠃ ᠣᠷᠴᠢᠮ ᠤᠨ ᠵᠢᠯ ᠤᠳ ᠲᠤ᠂ | ᠮᠠᠨ ᠤ ᠤᠯᠤᠰ ᠤᠨ ᠪᠦᠬᠦ ᠵᠢᠯ ᠤᠨ ᠠᠮᠤ ᠪᠤᠳᠠᠭᠠᠨ ᠤ ᠬᠠᠩᠭᠠᠯᠭ᠎ᠠ ᠬᠠᠩᠭᠠᠯᠲᠠᠲᠠᠢ ᠪᠠᠶᠢᠵᠤ᠂ ᠠᠮᠤ ᠪᠤᠳᠠᠭᠠᠨ ᠤ | ᠭᠤᠣᠯ ᠵᠥᠷᠢᠴᠡᠯ ᠤᠤᠯ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠭᠰᠠᠨ ᠠᠴᠠ ᠪᠠᠨ ᠪᠦᠲᠦᠴᠡ ᠶᠢᠨ | ᠴᠢᠨᠠᠷᠲᠠᠢ ᠵᠥᠷᠢᠴᠡᠯ ᠪᠣᠯᠣᠨ ᠬᠤᠪᠢᠷᠠᠵᠤ᠂ ᠠᠮᠤ ᠪᠤᠳᠠᠭᠠᠨ ᠤ ᠭᠦᠢᠯᠭᠡᠭᠡ ᠶᠢᠨ ᠬᠦᠷᠢᠶᠡᠨ ᠤ ᠰᠠᠶᠢᠨ ᠴᠢᠨᠠᠷ ᠤᠨ | ᠪᠦᠲᠦᠭᠡᠭᠳᠡᠬᠦᠨ ᠤ ᠬᠠᠩᠭᠠᠯᠭ᠎ᠠ᠂ ᠶᠠᠰᠤ ᠴᠢᠨᠠᠷ ᠤᠨ ᠪᠠᠶᠢᠴᠠᠭᠠᠯᠲᠠ᠂ ᠶᠠᠰᠤ ᠴᠢᠨᠠᠷ ᠤᠨ ᠪᠠᠲᠤᠯᠠᠭ᠎ᠠ ᠵᠡᠷᠭᠡ | ᠲᠠᠯ᠎ᠠ ᠪᠠᠷ ᠨᠡᠯᠢᠶᠡᠳ ᠣᠯᠠᠨ ᠠᠰᠠᠭᠤᠳᠠᠯ ᠣᠷᠣᠰᠢᠵᠤ ᠪᠠᠶᠢᠨ᠎ᠠ᠃ 2017 ᠣᠨ ᠳᠤ᠂ ᠮᠠᠨ ᠤ ᠤᠯᠤᠰ | ᠭᠦᠢᠯᠭᠡᠭᠡ ᠶᠢᠨ ᠬᠦᠷᠢᠶᠡᠨ ᠳᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠪᠡ᠃ | 2019 ᠣᠨ ᠳᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ | ᠲᠣᠪᠴᠢᠶ᠎ᠠ ᠬᠠᠮᠲᠤᠷᠠᠨ ᠰᠠᠨᠠᠯ ᠨᠡᠶᠢᠲᠡᠯᠡᠵᠦ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠶᠢᠷᠢᠯᠠᠭᠤᠯᠤᠨ᠂ ᠲᠠᠷᠢᠶᠠᠴᠢᠳ ᠲᠤ ᠠᠰᠢᠭ ᠲᠠᠢ ᠲᠤᠰᠠ | ᠲᠠᠢ ᠰᠠᠶᠢᠨ ᠶᠠᠪᠤᠳᠠᠯ ᠢ ᠰᠠᠶᠢᠨ ᠬᠢᠬᠦ ᠶᠢ ᠪᠠᠲᠤᠯᠠᠪᠠ᠃ ᠡᠨᠡ ᠡᠳᠦᠷ ᠤᠨ ᠰᠤᠷᠪᠤᠯᠵᠢᠯᠠᠭ᠎ᠠ ᠳᠤ ᠪᠢᠳᠠᠨ ︽ᠰᠠᠶᠢᠨ | ᠴᠢᠨᠠᠷ ᠤᠨ ᠠᠮᠤ ᠪᠤᠳᠠᠭᠠᠨ ᠤ ᠢᠨᠵᠧᠨᠧᠷᠢᠩ ᠢ ᠪᠠᠶᠢᠭᠤᠯᠤᠨ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ︾ ᠰᠡᠳᠦᠪ ᠢᠶᠠᠷ ᠲᠠ ᠪᠦᠬᠦᠨ ᠲᠠᠢ | ᠰᠦᠯᠵᠢᠶᠡᠨ ᠳᠡᠭᠡᠷ᠎ᠡ ᠵᠣᠯᠭᠠᠬᠤ ᠪᠣᠯᠣᠯ᠎ᠠ᠃ | 3. ᠬᠥᠲᠥᠯᠥᠭᠴᠢ᠄ | ᠶᠠᠭᠤᠨ ᠤ ᠤᠷᠢᠳ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠦᠨᠳᠦᠰᠦᠨ | ᠪᠠᠶᠢᠳᠠᠯ ᠠᠴᠠ ᠲᠠᠨᠢᠯᠴᠠᠭᠤᠯᠵᠤ ᠥᠭᠭᠦᠨ᠎ᠡ ᠦᠦ︖ | 4. ᠯᠢ ᠵᠢᠩ ᠰᠢᠶᠠᠨ᠄ | ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠨᠢ ︽ᠲᠠᠷᠢᠶᠠᠴᠢᠳ ᠲᠤ ᠠᠰᠢᠭ ᠣᠯᠭᠤᠵᠤ᠂ | ᠬᠡᠷᠡᠭᠯᠡᠭᠴᠢᠳ ᠲᠤ ᠪᠤᠶᠠᠨ ᠦᠢᠯᠡᠳᠬᠦ︾᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠯᠤᠰ ᠤᠨ ᠠᠮᠤ | ᠪᠤᠳᠠᠭᠠᠨ ᠤ ᠠᠶᠤᠯᠭᠦᠢ ᠪᠠᠷ ᠬᠠᠷᠠᠯᠲᠠ ᠪᠠᠨ ᠪᠣᠯᠭᠠᠭᠰᠠᠨ ᠶᠤᠮ᠃ ᠪᠣᠬᠢᠷᠲᠤᠯ ᠦᠭᠡᠢ ᠰᠠᠶᠢᠨ ᠴᠢᠨᠠᠷ ᠤᠨ ᠠᠮᠤ | ᠪᠤᠳᠠᠭ᠎ᠠ ᠢᠳᠡᠰᠢᠨ ᠲᠣᠰᠣ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠳᠠᠮᠵᠢᠨ᠂ ᠠᠮᠤ ᠪᠤᠳᠠᠭᠠᠨ ᠤ | ᠬᠤᠷᠢᠶᠠᠯᠲᠠ ᠶᠢᠨ ᠰᠠᠶᠢᠨ ᠴᠢᠨᠠᠷ ᠤᠨ ᠨᠣᠷᠮ᠎ᠠ ᠶᠢ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠬᠦᠨ ᠤ ᠰᠠᠶᠢᠨ | ᠴᠢᠨᠠᠷ ᠤᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ | ᠣᠷᠣᠯᠭ᠎ᠠ ᠶᠢ ᠨᠡᠮᠡᠭᠳᠡᠭᠦᠯᠦᠨ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠳᠤ ᠠᠬᠢᠭᠤᠯᠬᠤ | ᠦᠢᠯᠡᠳᠦᠯ ᠲᠠᠢ ᠶᠤᠮ᠃ | ᠦᠨᠡᠨ ᠳᠡᠭᠡᠨ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠨᠢ | ᠭᠤᠣᠯᠳᠠᠭᠤ ᠳᠣᠣᠷᠠᠬᠢ ᠭᠤᠷᠪᠠ ᠰᠢᠯᠲᠠᠭᠠᠨ ᠳᠤ ᠰᠠᠭᠤᠷᠢᠯᠠᠭᠰᠠᠨ ᠶᠤᠮ᠄ | ᠨᠢᠭᠡ ᠳᠤ᠂ ᠰᠠᠶᠢᠨ ᠴᠢᠨᠠᠷ ᠤᠨ ᠲᠥᠷᠥᠯ ᠵᠦᠢᠯ ᠤᠨ ᠬᠠᠩᠭᠠᠯᠭ᠎ᠠ ᠬᠦᠷᠦᠯᠴᠡᠬᠦ ᠦᠭᠡᠢ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠢᠳᠡᠰᠢᠨ ᠲᠣᠰᠣᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠬᠦᠴᠢᠷᠲᠡᠢ᠃ ᠬᠤᠶᠠᠷ ᠲᠤ᠂ ᠠᠮᠤ ᠪᠤᠳᠠᠭᠠᠨ ᠤ ᠶᠠᠰᠤ ᠴᠢᠨᠠᠷ ᠢ | ᠰᠢᠯᠭᠠᠨ ᠪᠠᠶᠢᠴᠠᠭᠠᠬᠤ ᠰᠢᠰᠲ᠋ᠧᠮᠵᠢ ᠪᠠᠰᠠ ᠲᠡᠶᠢᠮᠦ ᠰᠠᠶᠢᠨ ᠲᠡᠭᠦᠯᠳᠡᠷᠵᠢᠭᠡᠳᠦᠢ᠂ ᠲᠠᠷᠢᠶᠠᠨ ᠭᠠᠵᠠᠷ ᠠᠴᠠ ᠬᠤᠭᠤᠯᠠᠨ | ᠰᠢᠷᠡᠭᠡ ᠬᠦᠷᠲᠡᠯᠡᠬᠢ ᠶᠠᠰᠤ ᠴᠢᠨᠠᠷ ᠤᠨ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮ ᠪᠠᠰᠠ ᠰᠠᠶᠢᠨ ᠪᠦᠷᠢᠯᠳᠦᠭᠡᠳᠦᠢ᠃ | ᠭᠤᠷᠪᠠ ᠳᠤ᠂ ᠲᠠᠷᠢᠶᠠᠴᠢᠨ ᠡᠷᠦᠬᠡ ᠶᠢᠨ ᠲᠠᠷᠢᠶ᠎ᠠ ᠪᠠᠨ ᠬᠤᠷᠢᠶᠠᠭᠰᠠᠨ ᠤ ᠳᠠᠷᠠᠭ᠎ᠠ ᠴᠢᠨᠠᠷ ᠴᠢᠨᠰᠠᠭ᠎ᠠ ᠶᠢ ᠪᠠᠲᠤᠯᠠᠬᠤ | ᠴᠢᠳᠠᠪᠤᠷᠢ ᠨᠡᠯᠢᠶᠡᠳ ᠳᠣᠷᠣᠢ᠂ ᠲᠠᠷᠢᠶ᠎ᠠ ᠪᠠᠨ ᠬᠤᠷᠢᠶᠠᠭᠰᠠᠨ ᠤ ᠳᠠᠷᠠᠭᠠᠬᠢ ᠨᠡᠶᠢᠭᠡᠮ ᠤᠨ ᠦᠢᠯᠡᠴᠢᠯᠡᠭᠡ ᠲᠤᠶᠢᠯ ᠤᠨ | ᠬᠦᠷᠦᠯᠴᠡᠬᠦ ᠦᠭᠡᠢ᠃ | 5. ᠬᠥᠲᠥᠯᠥᠭᠴᠢ᠄ | ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠳᠦᠨ ᠵᠢᠯ ᠬᠤᠪᠢᠶᠠᠨ ᠬᠡᠷᠡᠭᠵᠢᠭᠦᠯᠬᠦ ᠪᠣᠢ︖ | ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠨᠢ ᠶᠠᠭᠤ ᠪᠣᠢ︖ | 6. ᠯᠢ ᠵᠢᠩ ᠰᠢᠶᠠᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ | ᠲᠣᠪᠴᠢᠶ᠎ᠠ ᠶᠢᠨ 2019 ᠣᠨ ᠤ ︽ ︿ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ﹀ ᠤᠨ ᠭᠤᠷᠪᠠᠨ | ᠵᠢᠯ ᠤᠨ ᠬᠡᠷᠡᠭᠵᠢᠭᠦᠯᠬᠦ ᠲᠥᠰᠥᠯ ᠢ ᠲᠡᠭᠦᠯᠳᠡᠷᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠨ ᠬᠢᠬᠦ ᠲᠤᠬᠠᠢ | ᠮᠡᠳᠡᠭᠳᠡᠯ︾ ︵ᠥᠪᠥᠷ ᠠᠮᠤ ᠬᠤᠷᠢᠶᠠᠯᠲᠠ ᠦᠰᠦᠭ ﹇2019﹈ 54 ᠳ᠋ᠦ᠋ᠭᠡᠷ ᠲᠣᠭᠠᠲᠤ︶ ᠢ ᠦᠨᠳᠦᠰᠦᠯᠡᠨ᠂ ︽ | ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠭᠤᠷᠪᠠᠨ ᠵᠢᠯ ᠬᠤᠪᠢᠶᠠᠨ ᠬᠡᠷᠡᠭᠵᠢᠭᠦᠯᠦᠨ᠎ᠡ᠂ ᠳᠠᠷᠤᠢ | 2018 ᠣᠨ᠂ 2019 ᠣᠨ᠂ 2020 ᠣᠨ ᠬᠤᠪᠢᠶᠠᠨ ᠬᠡᠷᠡᠭᠵᠢᠭᠦᠯᠦᠨ᠎ᠡ᠃ | ᠡᠨᠡ ᠭᠤᠷᠪᠠᠨ ᠵᠢᠯ ᠳᠤ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠠᠭᠤᠯᠭ᠎ᠠ ᠶᠢ ᠪᠦᠲᠦᠭᠡᠨ | ᠪᠠᠶᠢᠭᠤᠯᠤᠨ᠎ᠠ᠄ | ᠨᠢᠭᠡ ᠳᠤ᠂ ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠠᠵᠢᠯᠯᠠᠭ᠎ᠠ ᠶᠢ ᠥᠷᠨᠢᠭᠦᠯᠵᠦ᠂ ︽ | ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠰᠠᠭᠤᠷᠢ ᠲᠠᠯᠪᠢᠨ᠎ᠠ᠃ | ᠬᠤᠶᠠᠷ ᠲᠤ᠂ ᠠᠮᠤ ᠪᠤᠳᠠᠭᠠᠨ ᠤ ᠶᠠᠰᠤ ᠴᠢᠨᠠᠷ ᠢ ᠰᠢᠯᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ | ᠠᠮᠤ ᠪᠤᠳᠠᠭᠠᠨ ᠤ ᠭᠦᠢᠯᠭᠡᠭᠡ ᠶᠢᠨ ᠭᠤᠭᠴᠣᠭᠠᠨ ᠳᠠᠬᠢ ᠠᠶᠤᠯᠭᠦᠢ ᠶᠢ ᠦᠨᠡᠨ ᠬᠦ ᠬᠠᠮᠠᠭᠠᠯᠠᠨ᠎ᠠ᠃ | ᠭᠤᠷᠪᠠ ᠳᠤ᠂ ᠲᠤᠰᠬᠠᠶᠢᠵᠢᠭᠰᠠᠨ ᠨᠡᠶᠢᠭᠡᠮᠴᠢᠯᠡᠭᠰᠡᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ | ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠴᠢᠨ ᠡᠷᠦᠬᠡ ᠶᠢᠨ ᠬᠤᠷᠢᠶᠠᠯᠲᠠ ᠳᠤ ᠰᠠᠶᠢᠨ ᠰᠠᠶᠢᠬᠠᠨ | ᠴᠢᠨᠠᠷ ᠴᠢᠨᠰᠠᠭ᠎ᠠ ᠶᠢ ᠬᠠᠳᠠᠭᠠᠯᠠᠬᠤ ᠪᠠᠲᠤᠯᠠᠭ᠎ᠠ ᠬᠠᠩᠭᠠᠨ᠎ᠠ᠃ | 7. ᠬᠥᠲᠥᠯᠥᠭᠴᠢ᠄ | 2018 ᠣᠨ ᠠᠴᠠ 2019 ᠣᠨ ᠪᠣᠯᠲᠠᠯ᠎ᠠ ᠮᠠᠨ ᠤ ᠬᠤᠲᠠ ︽ᠰᠠᠶᠢᠨ ᠴᠢᠨᠠᠷ ᠤᠨ ᠠᠮᠤ ᠪᠤᠳᠠᠭᠠᠨ ᠤ | ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | 8. ᠯᠢᠦ ᠰᠢᠤᠸᠠᠢ ᠯᠢᠶᠠᠨ᠄ | ᠨᠢᠭᠡ ᠳᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠪᠠ᠃ ︽ᠰᠠᠶᠢᠨ ᠴᠢᠨᠠᠷ ᠤᠨ ᠠᠮᠤ | ᠪᠤᠳᠠᠭᠠᠨ ᠤ ᠢᠨᠵᠧᠨᠧᠷᠢᠩ︾ ᠤᠨ ᠬᠡᠷᠡᠭᠵᠢᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠤᠰᠬᠠᠶᠢᠯᠠᠨ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠨ᠂ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠪᠠ᠃ ᠮᠠᠨ ᠤ ᠬᠤᠲᠠ ᠶᠢᠨ ᠪᠣᠳᠠᠲᠠᠢ ᠲᠠᠢ | ᠤᠶᠠᠯᠳᠤᠭᠤᠯᠤᠨ ᠠᠵᠢᠯ ᠤᠨ ᠲᠥᠰᠥᠯ ᠭᠠᠷᠭᠠᠪᠠ᠃ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠲᠤᠰ ᠭᠠᠵᠠᠷ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠪᠠᠭᠤᠯᠭᠠᠬᠤ ᠪᠠ ᠬᠢᠨᠠᠨ ᠬᠠᠮᠢᠶᠠᠷᠬᠤ ᠶᠢ | ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠥᠷᠥᠯ ᠵᠦᠢᠯ ᠤᠨ | ᠪᠠᠶᠢᠷᠢᠰᠢᠭᠤᠯᠤᠯᠲᠠ᠂ ᠬᠡᠪᠴᠢᠶᠡᠵᠢᠯ᠂ ᠠᠭᠤᠯᠭ᠎ᠠ ᠵᠢᠴᠢ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠡᠷᠡᠭᠵᠢᠭᠦᠯᠬᠦ ᠲᠥᠰᠥᠯ ᠢ ᠬᠠᠷᠢᠭᠤᠴᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠵᠥᠪᠳᠡᠯᠴᠡᠭᠰᠡᠨ ᠤ ᠳᠠᠷᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ | ᠬᠡᠷᠡᠭᠵᠢᠭᠦᠯᠬᠦ ᠶᠢᠨ ᠬᠠᠮᠲᠤ᠂ ᠲᠥᠷᠥᠯ ᠵᠦᠢᠯ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠬᠠᠮᠢᠶᠠᠷᠪᠠ᠃ | ᠬᠤᠶᠠᠷ ᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠪᠠ᠃ | ᠠᠮᠤ ᠪᠤᠳᠠᠭᠠᠨ ᠤ ᠭᠠᠷᠤᠯᠲᠠ ᠶᠢᠨ ᠣᠷᠣᠨ ᠠᠴᠠ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ᠂ ᠶᠠᠰᠤ ᠴᠢᠨᠠᠷ ᠢ ᠰᠢᠯᠭᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ | ᠳᠤᠮᠳᠠᠳᠤ ᠤᠯᠤᠰ ᠤᠨ ᠠᠮᠤ ᠪᠤᠳᠠᠭᠠᠨ ᠤ ᠬᠥᠬᠡᠬᠤᠲᠠ ᠶᠢᠨ ᠠᠵᠢᠯᠯᠠᠭ᠎ᠠ ᠶᠢᠨ ᠲᠥᠰᠥᠯ ᠢ ᠬᠡᠷᠡᠭᠵᠢᠭᠦᠯᠬᠦ ᠶᠢ | ᠬᠠᠷᠢᠭᠤᠴᠠᠵᠤ᠂ ︽ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠲᠥᠷᠥᠯ | ᠲᠡᠮᠳᠡᠭᠲᠦ ᠶᠢ ᠡᠭᠦᠳᠬᠦ︾ ᠪᠠᠷ ᠬᠠᠷᠠᠯᠲᠠ ᠪᠣᠯᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠵᠢᠴᠢ ᠣᠷᠣᠨ | ᠨᠤᠲᠤᠭ ᠤᠨ ᠲᠣᠮᠣ ᠭᠤᠣᠯᠯᠠᠭᠴᠢ ᠠᠵᠤ ᠠᠬᠤᠶᠢᠯᠠᠯ ᠤᠨ ᠳᠠᠶᠢᠴᠢᠯᠠᠨ ᠬᠥᠲᠥᠯᠬᠦ ᠪᠠ ᠵᠢᠱᠢᠶ᠎ᠡ ᠦᠵᠡᠭᠦᠯᠬᠦ | ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠢ ᠳᠠᠭᠠᠭᠤᠯᠤᠨ ᠰᠠᠶᠢᠨ ᠴᠢᠨᠠᠷ ᠤᠨ ᠠᠮᠤ ᠪᠤᠳᠠᠭᠠᠨ ᠤ | ᠲᠠᠷᠢᠶ᠎ᠠ ᠶᠢ ᠥᠷᠭᠡᠳᠬᠡᠨ᠂ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠠᠵᠤ ᠠᠬᠤᠶᠢᠯᠠᠯ ᠢ ᠨᠡᠮᠡᠭᠳᠡᠭᠦᠯᠵᠦ᠂ ᠬᠡᠪᠴᠢᠶᠡᠵᠢᠯ᠂ ᠪᠠᠷᠢᠮᠵᠢᠶᠠᠵᠢᠯ᠂ ᠲᠥᠷᠥᠯ ᠲᠡᠮᠳᠡᠭᠲᠦ ᠶᠢ | ᠠᠯᠢ ᠬᠤᠷᠳᠤᠨ ᠢᠶᠠᠷ ᠪᠡᠶᠡᠯᠡᠭᠦᠯᠵᠦ᠂ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠢᠳᠡᠰᠢᠨ ᠲᠣᠰᠣ ᠶᠢᠨ | ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | ᠭᠤᠷᠪᠠ ᠳᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠪᠠᠭ᠎ᠠ ᠵᠣᠭᠤᠰ ᠢᠶᠠᠷ | ᠶᠡᠭᠡ ᠤᠴᠢᠷ ᠪᠦᠲᠦᠭᠡᠬᠦ︾ ᠵᠠᠷᠴᠢᠮ ᠶᠣᠰᠣᠭᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠳᠦᠯᠦᠨ | ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ | ᠪᠦᠲᠦᠮᠵᠢ ᠶᠢ ᠶᠡᠬᠡᠳᠬᠡᠵᠦ᠂ ᠬᠡᠮᠵᠢᠶ᠎ᠡ ᠲᠠᠢ ᠪᠡᠯᠡ ᠮᠥᠩᠭᠦ ᠪᠠᠷ ᠬᠠᠮᠤᠭ ᠶᠡᠭᠡ ᠠᠰᠢᠭᠯᠠᠮᠵᠢ ᠶᠢ ᠡᠭᠦᠳᠪᠡ᠃ | ᠳᠥᠷᠪᠡ ᠳᠤ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠡᠯ᠎ᠡ ᠭᠠᠵᠠᠷ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠪᠡᠯᠡ ᠣᠷᠣᠭᠤᠯᠬᠤ ᠪᠡᠯᠡ ᠴᠤᠭᠯᠠᠭᠤᠯᠬᠤ ᠲᠣᠭᠲᠠᠴᠠ ᠳᠤ ᠰᠢᠨ᠎ᠡ ᠶᠢ | ᠡᠭᠦᠳᠬᠦ ᠶᠢ ᠵᠣᠷᠢᠭᠵᠢᠭᠤᠯᠤᠨ᠂ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠨ᠂ ᠵᠠᠰᠠᠭ ᠤᠨ ᠣᠷᠳᠣᠨ ᠪᠣᠯᠣᠨ | ᠨᠡᠶᠢᠭᠡᠮ ᠤᠨ ᠬᠥᠷᠥᠩᠭᠡ ᠶᠢ ᠬᠠᠮᠲᠤᠷᠠᠭᠤᠯᠬᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ︽ᠰᠠᠶᠢᠨ | ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠦᠷᠭᠦᠯᠵᠢᠯᠡᠨ ᠬᠡᠷᠡᠭᠵᠢᠭᠦᠯᠦᠭᠳᠡᠬᠦ ᠶᠢ ᠠᠬᠢᠭᠤᠯᠵᠤ᠂ ᠪᠣᠳᠠᠲᠠᠢ | ᠦᠷ᠎ᠡ ᠪᠦᠲᠦᠮᠵᠢ ᠣᠯᠪᠠ᠃ | ᠲᠠᠪᠤ ᠳᠤ᠂ ᠦᠨᠡᠯᠡᠨ ᠰᠢᠯᠭᠠᠬᠤ ᠲᠣᠭᠲᠠᠴᠠ ᠶᠢ ᠪᠠᠶᠢᠭᠤᠯᠪᠠ᠃ ᠣᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠳᠤ ᠣᠷᠣᠭᠰᠠᠨ ᠲᠥᠷᠥᠯ ᠵᠦᠢᠯ ᠢ 12 ᠰᠠᠷ᠎ᠠ ᠶᠢᠨ ᠳᠣᠲᠣᠷ᠎ᠠ ᠪᠦᠲᠦᠭᠡᠨ ᠪᠠᠶᠢᠭᠤᠯᠵᠤ ᠪᠠᠷᠠᠬᠤ ᠶᠢ | ᠪᠠᠲᠤᠯᠠᠪᠠ᠃ | 9. ᠬᠥᠲᠥᠯᠥᠭᠴᠢ᠄ | ᠰᠦᠯᠵᠢᠶᠡᠨ ᠤ ᠠᠨᠳᠠ ᠶᠢᠨ ᠠᠰᠠᠭᠤᠭᠰᠠᠨ ᠨᠢ᠂ 2018 ᠣᠨ ᠠᠴᠠ 2019 ᠣᠨ ᠳᠤ ︽ᠰᠠᠶᠢᠨ | ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠪᠠᠭᠤᠯᠭᠠᠭᠰᠠᠨ ᠵᠢᠴᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠶᠠᠮᠠᠷ ᠵᠡᠷᠭᠡ ᠪᠣᠢ︖ | 10. ᠯᠢ ᠰᠢᠤᠸᠠᠢ ᠯᠢᠶᠠᠨ᠄ | ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠢ | ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠪᠦᠬᠦ | ᠱᠠᠩᠨᠠᠯ ᠨᠥᠬᠦᠪᠦᠷᠢ ᠶᠢᠨ ᠪᠡᠯᠡ ᠮᠥᠩᠭᠦ 11677 ᠲᠦᠮᠡᠨ ᠲᠥᠭᠦᠷᠢᠭ ᠢ ᠤᠷᠢᠳᠴᠢᠯᠠᠨ ᠪᠠᠭᠤᠯᠭᠠᠪᠠ᠃ | ᠣᠳᠣᠬᠠᠨ ᠪᠣᠯᠲᠠᠯ᠎ᠠ᠂ 2018 ᠣᠨ ᠠᠴᠠ 2019 ᠣᠨ ᠳᠤ ᠪᠢᠳᠠᠨ ︽ᠰᠠᠶᠢᠨ ᠴᠢᠨᠠᠷ ᠤᠨ ᠠᠮᠤ | ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠤᠨ ᠪᠡᠯᠡ ᠮᠥᠩᠭᠦ ᠨᠡᠶᠢᠲᠡ 8185.225 ᠲᠦᠮᠡᠨ | ᠲᠥᠭᠦᠷᠢᠭ ︵ᠲᠤᠰ ᠱᠠᠲᠤᠨ ᠤ ᠪᠠᠭᠤᠯᠭᠠᠭᠰᠠᠨ ᠪᠠ ᠬᠤᠰᠢᠭᠤ ᠰᠢᠶᠠᠨ ᠲᠣᠭᠤᠷᠢᠭ ᠤᠨ ᠪᠠᠭᠤᠯᠭᠠᠭᠰᠠᠨ ᠪᠡᠯᠡ | ᠮᠥᠩᠭᠦ ᠪᠠᠭᠲᠠᠨ᠎ᠠ︶ ᠪᠠᠭᠤᠯᠭᠠᠪᠠ᠃ 2018 ᠣᠨ ᠳᠤ 2000 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ | ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ ᠢᠳᠡᠰᠢᠨ ᠲᠣᠰᠣ᠂ ︽ᠰᠠᠶᠢᠨ ᠴᠢᠨᠠᠷ ᠤᠨ ᠠᠮᠤ ᠪᠤᠳᠠᠭᠠᠨ ᠤ | ᠢᠨᠵᠧᠨᠧᠷᠢᠩ︾ ᠤᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠵᠢᠴᠢ ᠶᠠᠰᠤ ᠴᠢᠨᠠᠷ ᠤᠨ | ᠰᠢᠯᠭᠠᠨ ᠬᠡᠮᠵᠢᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠂ ᠡᠭᠦᠨ ᠳᠤ 9 ᠬᠤᠰᠢᠭᠤ | ᠰᠢᠶᠠᠨ ᠲᠣᠭᠤᠷᠢᠭ ᠲᠤ 1490 ᠲᠦᠮᠡᠨ ᠲᠥᠭᠦᠷᠢᠭ᠂ ᠲᠦᠮᠡᠳ ᠵᠡᠭᠦᠨ ᠬᠤᠰᠢᠭᠤᠨ ᠳᠤ 400 ᠲᠦᠮᠡᠨ | ᠲᠥᠭᠦᠷᠢᠭ᠂ ᠲᠣᠭᠲᠠᠬᠤ ᠰᠢᠶᠠᠨ ᠳᠤ 420 ᠲᠦᠮᠡᠨ ᠲᠥᠭᠦᠷᠢᠭ᠂ ᠬᠤᠷᠢᠨᠭᠡᠷ ᠰᠢᠶᠠᠨ ᠳᠤ 100 ᠲᠦᠮᠡᠨ | ᠲᠥᠭᠦᠷᠢᠭ᠂ ᠴᠢᠩ ᠱᠦᠢ ᠾᠧ ᠰᠢᠶᠠᠨ ᠳᠤ 260 ᠲᠦᠮᠡᠨ ᠲᠥᠭᠦᠷᠢᠭ᠂ ᠦᠴᠦᠸᠠᠨ ᠰᠢᠶᠠᠨ ᠳᠤ 260 | ᠲᠦᠮᠡᠨ ᠲᠥᠭᠦᠷᠢᠭ᠂ ᠰᠢᠨ᠎ᠡ ᠬᠤᠲᠠ ᠲᠣᠭᠤᠷᠢᠭ ᠲᠤ 10 ᠲᠦᠮᠡᠨ ᠲᠥᠭᠦᠷᠢᠭ᠂ ᠬᠤᠲᠣᠩ ᠠᠷᠠᠳ ᠤᠨ | ᠲᠣᠭᠤᠷᠢᠭ ᠲᠤ 12.5 ᠲᠦᠮᠡᠨ ᠲᠥᠭᠦᠷᠢᠭ᠂ ᠢᠦᠢ ᠴᠢᠦᠸᠠᠨ ᠲᠣᠭᠤᠷᠢᠭ ᠲᠤ 12.5 ᠲᠦᠮᠡᠨ ᠲᠥᠭᠦᠷᠢᠭ᠂ | ᠰᠠᠶᠢᠬᠠᠨ ᠲᠣᠭᠤᠷᠢᠭ ᠲᠤ 15 ᠲᠦᠮᠡᠨ ᠲᠥᠭᠦᠷᠢᠭ ᠪᠠᠭᠤᠯᠭᠠᠵᠠᠢ᠃ ᠠᠮᠤ ᠪᠤᠳᠠᠭ᠎ᠠ ᠢᠳᠡᠰᠢᠨ ᠲᠣᠰᠣ ᠶᠢᠨ ᠶᠠᠰᠤ | ᠴᠢᠨᠠᠷ ᠢ ᠰᠢᠯᠭᠠᠨ ᠬᠡᠮᠵᠢᠬᠦ ᠲᠥᠪ ᠵᠡᠷᠭᠡ ᠲᠥᠷᠥᠯ ᠵᠦᠢᠯ ᠳᠤ 510 ᠲᠦᠮᠡᠨ ᠲᠥᠭᠦᠷᠢᠭ ᠬᠡᠷᠡᠭᠯᠡᠪᠡ᠃ 2019 | ᠣᠨ ᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠨᠡᠶᠢᠲᠡ 29 ᠪᠠᠶᠢᠵᠤ᠂ ᠲᠥᠯᠥᠪᠯᠡᠭᠡ ᠪᠠᠷ ᠶᠡᠷᠦᠩᠬᠡᠢ ᠪᠡᠯᠡ ᠣᠷᠣᠭᠤᠯᠬᠤ ᠬᠡᠮᠵᠢᠶ᠎ᠡ 15284.85 ᠲᠦᠮᠡᠨ | ᠲᠥᠭᠦᠷᠢᠭ ᠬᠦᠷᠴᠦ᠂ ᠲᠥᠪ ᠤᠨ ᠡᠳ᠋ ᠤᠨ ᠵᠠᠰᠠᠭ ᠠᠴᠠ ᠲᠤᠰ ᠵᠢᠯ ᠳᠤ 4339.3 ᠲᠦᠮᠡᠨ ᠲᠥᠭᠦᠷᠢᠭ ᠤᠨ | ᠲᠤᠰᠬᠠᠢ ᠲᠥᠷᠥᠯ ᠤᠨ ᠪᠡᠯᠡ ᠮᠥᠩᠭᠦ ᠲᠣᠬᠢᠷᠠᠭᠤᠯᠵᠤ᠂ 2019 ᠣᠨ ᠤ 11 ᠳ᠋ᠦ᠋ᠭᠡᠷ ᠰᠠᠷ᠎ᠠ ᠪᠣᠯᠲᠠᠯ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠰᠠᠶᠢᠨ ᠴᠢᠨᠠᠷ ᠤᠨ | ᠠᠮᠤ ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ 4339.3 ᠲᠦᠮᠡᠨ ᠲᠥᠭᠦᠷᠢᠭ | ᠪᠠᠭᠤᠯᠭᠠᠪᠠ᠃ | 11. ᠬᠥᠲᠥᠯᠥᠭᠴᠢ᠄ | 2019 ᠣᠨ ᠪᠣᠯᠲᠠᠯ᠎ᠠ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠳᠤ ᠨᠢᠭᠡᠨᠲᠡ ᠶᠠᠮᠠᠷ | ᠶᠠᠮᠠᠷ ᠲᠥᠷᠥᠯ ᠵᠦᠢᠯ ᠢ ᠬᠡᠷᠡᠭᠵᠢᠭᠦᠯᠪᠡ︖ ᠦᠷ᠎ᠡ ᠪᠦᠲᠦᠮᠵᠢ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠶᠠᠮᠠᠷ | ᠵᠡᠷᠭᠡ ᠪᠣᠢ︖ | 12. ᠯᠢᠦ ᠰᠢᠤᠸᠠᠢ ᠯᠢᠶᠠᠨ᠄ | ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠶᠢᠨ ᠵᠣᠷᠢᠯᠭ᠎ᠠ ᠨᠢ ︽ | ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠠᠵᠢᠯᠯᠠᠭ᠎ᠠ ᠪᠠᠷ ᠳᠠᠮᠵᠢᠨ᠂ ᠠᠮᠤ ᠪᠤᠳᠠᠭ᠎ᠠ ᠢᠳᠡᠰᠢᠨ ᠲᠣᠰᠣ ᠶᠢᠨ | ᠰᠠᠶᠢᠨ ᠴᠢᠨᠠᠷ ᠤᠨ ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠢᠳᠡᠰᠢᠨ ᠲᠣᠰᠣ ᠲᠠᠷᠢᠭᠰᠠᠨ | ᠣᠷᠣᠯᠭ᠎ᠠ ᠶᠢ ᠨᠡᠮᠡᠭᠳᠡᠭᠦᠯᠦᠨ᠂ ᠠᠮᠤ ᠪᠤᠳᠠᠭ᠎ᠠ ᠢᠳᠡᠰᠢᠨ ᠲᠣᠰᠣ ᠶᠢᠨ ᠲᠡᠰ ᠲᠡᠪᠰᠢᠭᠦᠯᠦᠨ᠎ᠡ ᠲᠠᠩᠰᠠᠨ ᠳᠤ | ᠤᠷᠤᠭᠤᠯᠬᠤ᠂ ᠲᠥᠷᠥᠯ ᠲᠡᠮᠳᠡᠭᠲᠦ ᠶᠢᠨ ᠲᠡᠰ ᠳᠡᠪᠰᠢᠬᠦ ᠶᠢ ᠠᠬᠢᠭᠤᠯᠬᠤ ᠪᠣᠯᠣᠨ᠎ᠠ᠃ | ᠶᠠᠭᠤᠨ ᠤ ᠡᠮᠦᠨ᠎ᠡ᠂ ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ 8 ᠲᠥᠷᠥᠯ ᠵᠦᠢᠯ ᠲᠠᠢ᠃ 2019 ᠣᠨ ᠳᠤ ︽ᠳᠤᠮᠳᠠᠳᠤ ᠤᠯᠤᠰ ᠤᠨ ᠰᠠᠶᠢᠨ | ᠠᠮᠤ ᠲᠤᠰᠤ︾ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ | ᠲᠥᠷᠥᠯ ᠵᠦᠢᠯ ᠨᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠮᠵᠢᠶ᠎ᠡ ᠶᠢ ᠲᠣᠭᠲᠠᠭᠤᠬᠠᠨ ᠢᠶᠠᠷ 110 | ᠲᠣᠨ/ ᠡᠳᠦᠷ ᠬᠦᠷᠭᠡᠵᠦ᠂ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ᠂ ᠲᠥᠷᠥᠯ ᠲᠡᠮᠳᠡᠭᠲᠦ ᠶᠢᠨ ᠲᠤᠰᠬᠠᠢ | ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠬᠡᠲᠦ ᠳᠡᠯᠭᠡᠭᠦᠷ ᠤᠨ ᠲᠤᠰᠬᠠᠢ ᠲᠣᠭᠤᠷᠢᠭ ᠤᠨ ᠦᠷ᠎ᠡ ᠠᠰᠢᠭ | ᠢᠯᠡᠳᠲᠡ ᠪᠠᠶᠢᠵᠤ᠂ 2019 ᠣᠨ ᠤ ᠪᠣᠷᠣᠯᠠᠭᠤᠯᠭ᠎ᠠ ᠶᠢᠨ ᠬᠡᠮᠵᠢᠶ᠎ᠡ ᠨᠢ 13.58% ᠪᠠᠷ ᠨᠡᠮᠡᠭᠳᠡᠵᠡᠢ᠃ | ᠳᠠᠷᠠᠭ᠎ᠠ ᠨᠢ᠂ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ 18 ᠲᠥᠷᠥᠯ ᠵᠦᠢᠯ ᠲᠠᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠭᠤᠣᠯᠳᠠᠭᠤ ᠵᠠᠬ᠎ᠠ ᠳᠡᠯᠭᠡᠭᠦᠷᠴᠢᠯᠡᠭᠰᠡᠨ ᠬᠤᠷᠢᠶᠠᠬᠤ ᠨᠥᠬᠦᠴᠡᠯ ᠳᠣᠣᠷ᠎ᠠ ᠲᠠᠷᠢᠶᠠᠴᠢᠳ ᠤᠨ ᠠᠮᠤ ᠪᠤᠳᠠᠭ᠎ᠠ | ᠬᠤᠷᠢᠶᠠᠬᠤ᠂ ᠬᠠᠳᠠᠭᠠᠯᠠᠬᠤ᠂ ᠬᠤᠳᠠᠯᠳᠤᠬᠤ᠂ ᠴᠡᠪᠡᠷᠯᠡᠨ ᠬᠠᠲᠠᠭᠠᠬᠤ ᠵᠡᠷᠭᠡ ᠠᠯᠢ ᠣᠯᠠᠨ ᠬᠦᠴᠢᠷ ᠠᠰᠠᠭᠤᠳᠠᠯ ᠳᠤ | ᠴᠢᠭᠯᠡᠭᠦᠯᠦᠨ᠂ ᠠᠮᠤ ᠪᠤᠳᠠᠭᠠᠨ ᠤ ᠭᠦᠢᠯᠭᠡᠭᠡ ᠶᠢᠨ ᠬᠦᠷᠢᠶᠡᠨ ᠳᠠᠬᠢ ᠣᠳᠣ ᠶᠢᠨ ᠪᠠᠶᠢᠭ᠎ᠠ ᠡᠬᠢ ᠪᠠᠶᠠᠯᠢᠭ ᠢ | ᠨᠡᠶᠢᠳᠬᠡᠬᠦ ᠪᠠᠷ ᠳᠠᠮᠵᠢᠨ᠂ ᠲᠤᠰᠬᠠᠶᠢᠵᠢᠭᠰᠠᠨ ᠡᠵᠡᠩᠨᠡᠯᠲᠡ ᠶᠢᠨ ᠴᠢᠨᠠᠷ ᠲᠠᠢ ᠠᠮᠤ ᠪᠤᠳᠠᠭᠠᠨ ᠤ ᠬᠤᠷᠢᠶᠠᠯᠲᠠ ᠶᠢᠨ | ᠳᠠᠷᠠᠭᠠᠬᠢ ᠦᠢᠯᠡᠴᠢᠯᠡᠭᠡ ᠶᠢᠨ ᠲᠥᠪ ᠢ ᠪᠠᠶᠢᠭᠤᠯᠵᠤ᠂ ᠲᠠᠷᠢᠶᠠᠴᠢᠳ ᠲᠤ ︽ᠣᠷᠣᠯᠠᠨ ᠴᠡᠪᠡᠷᠯᠡᠬᠦ᠂ ᠣᠷᠣᠯᠠᠨ | ᠬᠠᠲᠠᠭᠠᠬᠤ᠂ ᠣᠷᠣᠯᠠᠨ ᠬᠠᠳᠠᠭᠠᠯᠠᠬᠤ᠂ ᠣᠷᠣᠯᠠᠨ ᠦᠢᠯᠡᠳᠪᠦᠷᠢᠯᠡᠬᠦ᠂ ᠣᠷᠣᠯᠠᠨ ᠪᠣᠷᠣᠯᠠᠭᠤᠯᠬᠤ︾ ᠵᠡᠷᠭᠡ ︽ | ᠲᠠᠪᠤ ᠶᠢ ᠣᠷᠣᠯᠠᠬᠤ︾ ᠲᠥᠯᠥᠪᠦᠷᠢ ᠲᠠᠢ ᠦᠢᠯᠡᠴᠢᠯᠡᠭᠡ ᠬᠠᠩᠭᠠᠪᠠ᠃ | ᠡᠴᠦᠰ ᠲᠤ᠂ ᠠᠮᠤ ᠪᠤᠳᠠᠭ᠎ᠠ ᠢᠳᠡᠰᠢᠨ ᠲᠣᠰᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ 3 ᠲᠥᠷᠥᠯ ᠵᠦᠢᠯ ᠲᠠᠢ᠂ 2019 ᠣᠨ ᠳᠤ | ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ 500 ᠲᠦᠮᠡᠨ ᠲᠥᠭᠦᠷᠢᠭ ᠬᠦᠷᠴᠦ᠂ ᠥᠪᠡᠷᠲᠡᠭᠡᠨ | 370 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠲᠤᠰ ᠵᠢᠯ ᠳᠤ ᠲᠥᠪ ᠤᠨ ᠡᠳ᠋ ᠤᠨ ᠵᠠᠰᠠᠭ ᠠᠴᠠ | 130 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠣᠯᠭᠤᠪᠠ᠃ | 13. ᠬᠥᠲᠥᠯᠥᠭᠴᠢ᠄ | 2020 ᠣᠨ ᠳᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠳᠤ | ᠲᠥᠯᠥᠪᠯᠡᠭᠡ ᠬᠢᠪᠡ ᠦᠦ︖ | 14. ᠯᠢᠦ ᠰᠢᠤᠸᠠᠢ ᠯᠢᠶᠠᠨ᠄ | ᠠᠮᠤ ᠪᠤᠳᠠᠭᠠᠨ ᠤ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠵᠣᠬᠢᠴᠠᠵᠤ᠂ ᠠᠮᠤ ᠪᠤᠳᠠᠭᠠᠨ ᠤ ᠠᠶᠤᠯᠭᠦᠢ ᠶᠢ | ᠪᠠᠲᠤᠯᠠᠵᠤ᠂ ᠲᠠᠷᠢᠶᠠᠴᠢᠳ ᠪᠠ ᠠᠵᠤ ᠠᠬᠤᠶᠢᠯᠠᠯ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠶᠢᠨ ᠲᠤᠰᠠᠳᠠ᠂ | 2020 ᠣᠨ ᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠳᠤ 21 ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠪᠠ᠃ ᠡᠭᠦᠨ ᠤ ᠬᠠᠮᠲᠤ᠂ ᠲᠥᠷᠥᠯ ᠵᠦᠢᠯ ᠤᠨ | ᠲᠥᠯᠥᠪᠯᠡᠭᠡ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠨᠥᠭᠡᠴᠡᠯᠡᠬᠦ ᠲᠣᠪᠴᠢᠶ᠎ᠠ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠦᠷᠭᠡᠨ ᠮᠡᠳᠡᠭᠦᠯᠵᠡᠢ᠃ ᠬᠡᠷᠡᠭᠵᠢᠭᠦᠯᠬᠦ | ᠬᠡᠪᠴᠢᠶ᠎ᠡ ᠳᠤ ᠴᠢᠩ ᠱᠦᠢ ᠾᠧ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ | ᠂ ᠦᠴᠦᠸᠠᠨ ᠰᠢᠶᠠᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ ᠵᠡᠷᠭᠡ 7 ᠬᠤᠰᠢᠭᠤ ᠰᠢᠶᠠᠨ | ᠲᠣᠭᠤᠷᠢᠭ ᠢ ᠪᠠᠭᠲᠠᠭᠠᠪᠠ᠃ | 15. ᠬᠠᠮᠢᠶᠠᠷᠤᠭᠴᠢ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ | ᠂ ᠠᠵᠤ ᠠᠬᠤᠢ ᠠᠷᠠᠯᠵᠢᠶ᠎ᠠ ᠶᠢᠨ ᠰᠠᠯᠠᠭ᠎ᠠ ᠶᠢᠨ ᠳᠠᠷᠤᠭ᠎ᠠ ᠯᠢᠦ ᠰᠢᠤᠸᠠᠢ ᠯᠢᠶᠠᠨ ᠳᠤ ᠲᠠᠯᠠᠷᠬᠠᠯ᠎ᠠ᠂ ᠰᠦᠯᠵᠢᠶᠡᠨ | ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ ᠲᠠᠯᠠᠷᠬᠠᠯ᠎ᠠ᠂ ᠡᠨᠡ ᠤᠳᠠᠭ᠎ᠠ ᠶᠢᠨ | ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃ |