ᠰᠦᠨ ᠵᠢᠶᠦ᠋ᠨ ᠴᠢᠩ ᠭᠡᠰᠢᠬᠦᠨ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠳᠤ ᠮᠦᠨ ᠬᠦ ︽ᠮᠤᠩᠭᠤᠯ ᠮᠤᠷᠢᠨ ᠤ ᠵᠤᠷᠢᠭ ᠰᠠᠨᠠᠭ᠎ᠠ︾ ᠱᠠᠭᠠᠷᠳᠠᠭᠳᠠᠨ᠎ᠠ
ᠨᠡᠶᠢᠲᠡᠯᠡᠭᠰᠡᠨ ᠴᠠᠭ᠄
2020-05-26
     ︽5 ᠳ᠋ᠤᠭᠠᠷ ᠰᠠᠷ᠎ᠠ ᠶᠢᠨ 22 ᠤᠨ ᠤᠷᠤᠢ᠂ ᠰᠣᠨᠢᠨ ᠮᠡᠳᠡᠭᠡ ᠠᠴᠠ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠳᠠᠭᠠᠨ ︿ᠮᠣᠩᠭᠤᠯ ᠮᠣᠷᠢᠨ ᠤ ᠵᠤᠷᠢᠭ ᠰᠠᠨᠠᠭ᠎ᠠ﹀ ᠶᠢ ᠪᠠᠳᠠᠷᠠᠭᠤᠯᠬᠤ ᠲᠤᠬᠠᠢ ᠳᠠᠬᠢᠨᠲᠠ ᠳᠤᠷᠠᠳᠤᠬᠰᠠᠨ ᠢ ᠰᠤᠨᠤᠰᠴᠠᠢ︾ ᠭᠡᠵᠦ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠰᠢᠨᠵᠢᠯᠠᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠰᠡᠳᠬᠢᠯ  ᠲᠤᠭᠳᠤᠯᠤᠨ ᠬᠡᠯᠡᠨ᠎ᠡ᠃      ᠤᠳᠤᠬᠠᠨ ᠳᠤ ᠮᠠᠨ ᠤ ᠤᠷᠤᠨ ᠶᠠᠭ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠦ᠂ ᠤᠯᠠᠮᠵᠢᠯᠠᠯᠲᠦ ᠠᠵᠦ ᠦᠢᠯᠡᠰ ᠢ ᠬᠤᠪᠢᠷᠠᠭᠤᠯᠤᠨ ᠳᠡᠰ ᠳᠡᠪᠰᠢᠬᠦᠯᠬᠦ ᠪᠤᠯᠤᠨ ᠰᠢᠨ᠎ᠡ ᠪᠠᠷ ᠮᠠᠨᠳᠤᠬᠰᠠᠨ ᠠᠵᠦ ᠦᠢᠯᠡᠰ ᠢ ᠬᠦᠭᠵᠢᠬᠦᠯᠦᠨ ᠪᠤᠵᠠᠭᠠᠢᠢᠷᠠᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠭᠡᠪᠠᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠬᠦᠷᠦᠯᠴᠡᠬᠦ ᠦᠭᠡᠢ ᠵᠡᠷᠭᠡ ᠳᠤᠲᠠᠭᠤᠳᠠᠯ ᠤᠷᠤᠰᠢᠵᠦ᠂ ᠡᠨᠡ ᠬᠦ ᠲᠠᠯ᠎ᠠ ᠶᠢᠨ ᠠᠵᠢᠯ ᠢ ᠴᠢᠬᠤᠯᠠᠴᠢᠯᠠᠨ ᠬᠢᠬᠦ ᠴᠢᠬᠤᠯᠠᠳᠠᠢ ᠪᠤᠯᠵᠠᠢ᠃ ᠡᠨᠡ ᠬᠦ ᠪᠠᠶᠢᠳᠠᠯ ᠳᠤ ᠴᠢᠭᠯᠡᠬᠦᠯᠵᠤ᠂ ᠰᠦᠨ ᠵᠢᠶᠦ᠋ᠨ ᠴᠢᠩ᠄ ︽ᠤᠷᠤᠰᠢᠵᠤ ᠪᠠᠶᠢᠭ᠎ᠠ ᠳᠤᠲᠠᠭᠤᠳᠠᠯ ᠢ ᠨᠦᠬᠦᠪᠦᠷᠢᠯᠡᠬᠦ ᠳᠤ ᠰᠢᠨᠵᠢᠯᠡᠬᠦ ᠤᠬᠠᠭᠠᠨᠴᠢ ᠰᠤᠳᠤᠯᠭᠠᠨ ᠤ ᠵᠢᠮ᠎ᠡ ᠶᠤᠰᠤ ᠶᠢ ᠵᠢᠷᠤᠮᠯᠠᠬᠤ ᠶᠢᠨ ᠬᠠᠮᠳᠦ ︿ᠮᠤᠩᠭᠤᠯ ᠮᠤᠷᠢᠨ ᠤ ᠵᠤᠷᠢᠭ ᠰᠠᠨᠠᠭ᠎ᠠ﹀ ᠶᠢ ᠶᠡᠭᠡ ᠪᠠᠷ ᠪᠠᠳᠠᠷᠠᠭᠤᠯᠤᠨ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠢᠶᠠᠷ ᠠᠵᠤ ᠠᠬᠤᠶᠢᠯᠠᠯ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠵᠦ᠂ ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠴᠢᠬᠤᠯᠠᠳᠠᠢ︾ ᠭᠡᠯ᠎ᠡ᠃      ᠰᠦᠨ ᠵᠢᠶᠦ᠋ᠨ ᠴᠢᠩ ᠭᠡᠰᠢᠬᠦᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠮᠣᠩᠭᠤᠯ  ᠮᠣᠷᠢᠨ ᠤ ᠵᠣᠷᠢᠭ ᠰᠠᠨᠠᠭ᠎ᠠ︾ ᠶᠢ ᠬᠤᠪᠢ ᠬᠦᠮᠦᠨ ᠤ ᠠᠵᠢᠯ ᠦᠢᠯᠡᠰ ᠪᠣᠰᠬᠠᠬᠤ ᠪᠣᠳᠠᠲᠤ ᠦᠢᠯᠡᠳᠦᠯᠭᠡ ᠳᠤᠮᠳᠠ ᠪᠠᠨ ᠠᠭᠤᠰᠬᠠᠨ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠬᠦᠳᠬᠦ ᠶᠢ ᠠᠬᠢᠭᠤᠯᠬᠤ ᠡᠯ᠎ᠡ ᠵᠦᠢᠯ ᠤᠨ ᠠᠵᠢᠯ ᠳᠤᠮᠲᠠ ᠪᠠᠨ ᠪᠠᠳᠠᠷᠠᠭᠤᠯᠤᠨ᠎ᠠ ᠭᠡᠵᠦ ᠵᠤᠷᠢᠭ ᠢᠶᠠᠨ ᠢᠯᠡᠳᠬᠡᠨ᠎ᠡ᠃ ᠲᠠᠷᠠ᠂ ᠪᠦᠬᠦ ᠤᠷᠤᠨ ᠤ ᠡᠷᠳᠠᠮ ᠰᠢᠨᠵᠢᠯᠡᠬᠡᠨ ᠤ ᠠᠵᠢᠯᠲᠠᠳ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠬᠦᠨᠵᠡᠬᠡᠢ ᠦᠢᠯᠡᠳᠦᠯᠭᠡᠵᠢᠬᠦᠯᠵᠦ᠂ ᠬᠦᠴᠢᠷ ᠪᠡᠷᠬᠡᠰᠢᠶᠡᠯ ᠢ ᠲᠠᠪᠠᠨ ᠰᠢᠷᠭᠠᠭᠤ ᠬᠠᠳᠠᠭᠤᠵᠢᠯᠲᠠᠢ ᠠᠵᠢᠯᠯᠠᠵᠦ᠂ ᠰᠤᠳᠤᠯᠭᠠᠨ ᠬᠢᠬᠦ ᠪᠣᠯᠣᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠠᠬᠢᠭᠤᠯᠵᠦ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠳᠠᠪᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠯᠢᠳᠡᠭ ᠪᠦᠲᠦᠭᠡᠯ ᠭᠠᠷᠭᠠᠵᠤ᠂ ᠦᠪᠡᠷᠲᠡᠭᠡᠨ ᠵᠠᠰᠠᠬᠤ ᠤᠷᠤᠨ ᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠠᠪᠰᠢᠬᠦ᠂ ᠰᠢᠨ᠎ᠡ ᠬᠦᠳᠡᠯᠭᠡᠬᠦ ᠬᠦᠴᠦᠨ ᠤ ᠡᠨᠧᠷᠬᠢ ᠶᠢ ᠪᠤᠢ ᠪᠤᠯᠭᠠᠬᠤ ᠳᠤ ᠤᠢ ᠤᠬᠠᠭᠠᠨ ᠪᠤᠯᠤᠨ ᠬᠦᠴᠦᠨ ᠴᠢᠳᠠᠯ ᠢᠶᠠᠨ ᠨᠡᠮᠡᠷᠢᠯᠡᠪᠠᠯ ᠵᠣᠬᠢᠨ᠎ᠠ ᠭᠡᠵᠤ ᠪᠤᠳᠤᠯ ᠢᠶᠠᠨ ᠳᠡᠯᠭᠡᠯ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号