ᠯᠢ ᠼᠦᠢ ᡁᠢ ᠲᠦᠯᠦᠭᠡᠯᠡᠭᠴᠢ᠄ ᠬᠤᠪᠢ ᠬᠦᠮᠦᠨ ᠤ ᠡᠯᠧᠺᠲᠷᠦᠨ ᠡᠷᠡᠬᠦᠯ ᠮᠡᠨᠲᠦ ᠶᠢᠨ ᠳᠠᠩᠰᠠ ᠶᠢᠨ ᠪᠠᠶᠢᠭᠤᠯᠤᠯᠲᠠ ᠶᠢ ᠳᠡᠬᠦᠯᠳᠡᠷᠵᠢᠬᠦᠯᠪᠠᠯ ᠵᠣᠬᠢᠨ᠎ᠠ
ᠨᠡᠶᠢᠲᠡᠯᠡᠭᠰᠡᠨ ᠴᠠᠭ᠄
2020-05-26
     ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠠᠷᠠᠳ ᠲᠦᠮᠡᠨ ᠤ ᠠᠮᠤᠷ ᠵᠢᠮᠤᠷ ᠠᠵᠦ ᠲᠦᠷᠦᠬᠦ᠂ ᠠᠮᠤᠷ ᠲᠦᠪᠰᠢᠨ ᠬᠠᠯᠠᠭᠤᠨ ᠲᠤᠯᠠᠭᠠᠨ ᠪᠠᠶᠢᠬᠤ ᠠᠰᠠᠭᠤᠳᠠᠯ ᠢ ᠢᠮᠠᠬᠲᠠ ᠰᠡᠳᠬᠢᠯ ᠳᠡᠭᠡᠨ ᠪᠤᠳᠤᠵᠦ᠂ ᠤᠯᠠᠨ ᠲᠦᠮᠡᠨ ᠤ ᠠᠩᠬᠠᠷᠴᠦ ᠪᠠᠶᠢᠭ᠎ᠠ ᠪᠤᠲᠠᠲᠠᠢ ᠠᠰᠠᠭᠤᠳᠠᠯ ᠢ ᠰᠡᠳᠬᠢᠯ ᠳᠠᠯᠪᠢᠵᠦ ᠬᠦᠴᠦ ᠤᠷᠤᠭᠤᠯᠤᠨ ᠰᠢᠢᠳᠪᠦᠷᠢᠯᠡᠨ᠎ᠡ ᠭᠡᠵᠦ ᠴᠢᠬᠤᠯᠠᠴᠢᠯᠠᠪᠠ ᠃ ᠢᠳᠡᠭᠡᠨ ᠤ ᠠᠵᠢᠯ ᠲᠦᠷᠦᠯ ᠳᠤ ᠠᠵᠢᠯᠯᠠᠵᠦ ᠪᠠᠶᠢᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠪᠤᠯᠤᠬᠰᠠᠨ ᠤ ᠬᠤᠪᠢ ᠳᠤ᠂ ᠯᠢ ᠼᠦᠢ ᡁᠢ ᠠᠷᠠᠳ ᠲᠦᠮᠡᠨ ᠤ ᠡᠷᠡᠬᠦᠯ ᠮᠡᠨᠳᠦ ᠶᠢᠨ ᠠᠰᠠᠭᠤᠳᠠᠯ ᠢ ᠬᠠᠯᠠᠮᠵᠢᠯᠠᠬᠰᠠᠭᠠᠷ ᠢᠷᠡᠵᠡᠢ᠃      ᠡᠨᠡ ᠵᠢᠯ ᠲᠡᠷᠡ ᠬᠤᠪᠢ ᠬᠦᠮᠦᠨ ᠤ ᠡᠯᠧᠺᠲᠷᠣᠨ ᠡᠷᠡᠬᠦᠯ ᠮᠡᠨᠳᠦ ᠶᠢᠨ ᠳᠠᠩᠰᠠ ᠶᠢᠨ ᠪᠠᠶᠢᠭᠤᠯᠤᠯᠲᠠ ᠶᠢ ᠲᠦᠷᠭᠡᠳᠭᠡᠨ ᠳᠡᠬᠦᠯᠳᠡᠷᠵᠢᠬᠦᠯᠬᠦ ᠲᠤᠬᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ︽ᠤᠳᠤᠬᠠᠨ ᠳᠤ ᠮᠠᠨ ᠤ ᠤᠯᠤᠰ ᠤᠨ ᠡᠮ ᠡᠮᠨᠡᠯᠭᠡ ᠶᠢᠨ ᠡᠬᠢ ᠪᠠᠶᠠᠯᠢᠭ ᠲᠤ ᠮᠥᠨ ᠬᠦ ᠵᠤᠬᠢᠬᠤ ᠬᠡᠮᠵᠢᠶᠠᠨ  ᠤ ᠳᠤᠲᠠᠭᠤᠳᠠᠯ ᠤᠷᠤᠰᠢᠵᠦ᠂ ᠢᠯᠠᠩᠭᠤᠶ᠎ᠠ ᠬᠤᠲᠠ ᠬᠦᠳᠡᠭᠡ ᠶᠢᠨ ᠬᠤᠭᠤᠷᠤᠨᠳᠦᠬᠢ᠂ ᠭᠠᠵᠠᠷ ᠤᠷᠤᠨ ᠤ ᠬᠤᠭᠤᠷᠤᠨᠲᠦᠬᠢ ᠡᠮ ᠡᠮᠨᠡᠯᠬᠡ ᠶᠢᠨ ᠡᠬᠢ ᠪᠠᠶᠠᠯᠢᠭ ᠤᠨ ᠵᠦᠷᠢᠶᠡᠨᠲᠦ ᠴᠢᠨᠠᠷ ᠳᠣᠪᠣᠶᠢᠮ᠎ᠠ ᠪᠠᠶᠢᠳᠠᠭ᠃ ᠡᠮ ᠡᠮᠨᠡᠯᠭᠡ  ᠶᠢᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠴᠢᠬᠤᠯᠠ ᠨᠢᠭᠡ ᠭᠤᠭᠴᠤᠭ᠎ᠠ ᠪᠤᠯᠤᠬᠰᠠᠨ ᠤ ᠬᠤᠪᠢ ᠳᠤ᠂ ᠬᠤᠪᠢ ᠬᠦᠮᠦᠨ ᠤ ᠡᠯᠧᠺᠲᠷᠣᠨ ᠡᠷᠡᠬᠦᠯ ᠮᠡᠨᠲᠦ ᠶᠢᠨ ᠳᠠᠩᠰᠠ ᠶᠢᠨ ᠪᠠᠶᠢᠭᠤᠯᠤᠯᠲᠠ ᠶᠢ ᠳᠡᠬᠦᠯᠳᠡᠷᠵᠢᠬᠦᠯᠬᠦ ᠨᠢ ᠡᠨᠡ ᠬᠦ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠳᠠᠮᠵᠢᠯᠭᠡ ᠬᠠᠩᠭᠠᠬᠤ ᠪᠣᠯᠣᠨ᠎ᠠ︾ ᠭᠡᠵᠦ ᠯᠢ ᠼᠦᠢ ᡁᠢ ᠲᠥᠯᠥᠭᠡᠯᠡᠭᠴᠢ ᠤᠴᠢᠷᠯᠠᠪᠠ᠂ ᠡᠶᠢᠨ ᠬᠦ ᠳᠡᠷᠡ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠷᠠᠭᠠᠯᠵᠠᠬᠰᠠᠨ ᠬᠠᠥᠯᠢ ᠲᠣᠭᠲᠠᠭᠠᠯ ᠢ ᠲᠤᠬᠲᠠᠭᠠᠬᠤ ᠪᠠᠷ ᠳᠠᠮᠵᠢᠭᠤᠯᠤᠨ᠂ ᠡᠯᠧᠺᠲᠷᠣᠨ ᠡᠷᠡᠬᠦᠯ ᠮᠡᠨᠳᠦ ᠶᠢᠨ ᠳᠠᠩᠰᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠭᠡᠨ ᠠᠬᠢᠭᠤᠯᠵᠦ᠂ ᠪᠦᠬᠦ ᠤᠯᠤᠰ ᠤᠨ ᠬᠡᠪᠴᠢᠶᠡᠨ ᠳᠤ ᠨᠢᠬᠡᠲᠦᠯᠲᠡᠢ ᠲᠦᠷᠢᠮᠵᠢᠭᠰᠡᠨ ᠡᠯᠧᠺᠲᠷᠣᠨ ᠡᠷᠡᠬᠦᠯ ᠮᠡᠨᠳᠦ ᠶᠢᠨ ᠳᠠᠩᠰᠠ ᠶᠢᠨ ᠪᠠᠷᠢᠮᠵᠢᠶ᠎ᠠ ᠶᠢ ᠪᠠᠶᠢᠭᠤᠯᠤᠨ᠂ ᠬᠤᠲᠠ ᠬᠦᠳᠡᠭᠡ ᠵᠢᠴᠢ ᠭᠠᠵᠠᠷ ᠤᠷᠤᠨ ᠤ ᠬᠤᠭᠤᠷᠤᠨᠲᠦ ᠡᠷᠡᠬᠦᠯ ᠮᠡᠨᠳᠦ ᠶᠢᠨ ᠮᠡᠳᠡᠭᠡ ᠵᠠᠩᠬᠢ ᠶᠢᠨ ᠲᠡᠪᠴᠡᠩ ᠢ ᠬᠠᠮᠳᠦ ᠪᠠᠷ ᠡᠳ᠋ᠯᠡᠬᠦ ᠶᠢ ᠪᠡᠶᠡᠯᠡᠬᠦᠯᠵᠦ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠰᠠᠯᠠᠭ᠎ᠠ ᠮᠥᠴᠢᠷ ᠪᠣᠯᠣᠨ ᠡᠮᠴᠢᠯᠡᠭᠡᠨ ᠤ ᠠᠵᠢᠯᠲᠠᠳ ᠲᠤ ᠳᠠᠷᠤᠢ ᠲᠦᠷᠭᠡᠨ ᠬᠠᠮᠤᠬ ᠰᠢᠨ᠎ᠡ ᠮᠡᠳᠡᠭᠡ ᠵᠠᠩᠬᠢ ᠶᠢ ᠤᠢᠢᠯᠠᠭᠠᠭᠤᠯᠪᠠᠯ ᠵᠣᠬᠢᠨ᠎ᠠ ᠭᠡᠵᠦ ᠰᠠᠨᠠᠭᠤᠯᠭ᠎ᠠ ᠪᠠᠨ ᠨᠠᠷᠢᠯᠢᠭᠵᠢᠭᠤᠯᠤᠨ ᠲᠣᠳᠣᠷᠠᠭᠤᠯᠤᠨ᠎ᠠ᠃      ᠯᠢ ᠼᠦᠢ ᡁᠢ ᠲᠦᠯᠦᠭᠡᠯᠡᠭᠴᠢ᠂ ᠡᠯᠧᠺᠲᠷᠣᠨ ᠡᠷᠡᠭᠦᠯ ᠮᠡᠨᠳᠦ ᠶᠢᠨ ᠳᠠᠩᠰᠠ ᠶᠢᠨ ᠰᠢᠰᠲ᠋ᠧᠮ ᠢ ᠡᠬᠦᠳᠦᠨ ᠪᠠᠶᠢᠭᠤᠯᠬᠤ ᠳᠤᠮᠲᠠ ᠲᠤᠮᠤ ᠳ᠋ᠠᠶᠢᠲ᠋ᠠ ᠶᠢᠨ ᠮᠡᠷᠭᠡᠵᠢᠯ ᠢ ᠶᠡᠭᠡ ᠬᠦᠴᠦᠨ ᠢᠶᠠᠷ ᠠᠰᠢᠬᠯᠠᠵᠦ᠂ ᠰᠠᠭᠤᠭᠠᠯᠢ ᠠᠷᠠᠳ ᠤᠨ ᠡᠯᠧᠺᠲᠷᠣᠨ ᠡᠷᠡᠬᠦᠯ ᠮᠡᠨᠳᠦ ᠶᠢᠨ ᠲᠤᠮᠤ ᠳ᠋ᠠᠶᠢᠲ᠋ᠠ ᠶᠢᠨ ᠬᠦᠮᠦᠷᠭᠡ ᠶᠢ ᠪᠠᠶᠢᠭᠤᠯᠵᠦ᠂ ᠲᠤᠰᠬᠠᠢᠢᠵᠢᠬᠰᠠᠨ ᠪᠠᠭᠠᠵᠢ ᠬᠡᠷᠡᠭᠰᠡᠯ ᠪᠤᠯᠤᠨ ᠠᠷᠭ᠎ᠠ ᠬᠡᠷᠡᠭᠯᠡᠬᠦᠷ ᠲᠤ ᠲᠦᠰᠢᠭᠯᠡᠨ ᠬᠢᠮᠡᠯ ᠤᠶᠤᠨᠴᠢ ᠠᠷᠭ᠎ᠠ ᠪᠠᠷᠢᠯ ᠳᠤ ᠲᠦᠰᠢᠭᠯᠡᠨ ᠰᠠᠭᠤᠭᠠᠯᠢ ᠠᠷᠠᠳ ᠤᠨ ᠡᠯᠧᠺᠲᠷᠣᠨ ᠡᠷᠡᠬᠦᠯ ᠮᠡᠨᠲᠦ ᠶᠢᠨ ᠳᠠᠩᠰᠠ ᠶᠢᠨ ᠰᠢᠰᠲ᠋ᠧᠮ ᠤᠨ ᠬᠡᠷᠡᠭᠯᠡᠭᠡ ᠶᠢ ᠳᠡᠬᠦᠯᠳᠡᠷᠵᠢᠬᠦᠯᠵᠦ᠂ ᠬᠦᠮᠦᠨ ᠨᠢᠭᠡ ᠪᠦᠷᠢ ᠳᠤ ᠦᠨᠳᠦᠷ ᠦᠷ᠎ᠡ ᠪᠦᠲᠦᠮᠵᠢᠲᠡᠢ ᠲᠦᠬᠦᠮ ᠳᠦᠲᠡ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠭᠦᠯᠪᠡᠯ ᠵᠣᠬᠢᠨ᠎ᠠ ᠭᠡᠯ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号