ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠦᠷᠭᠦᠯᠵᠢᠯᠡᠨ ᠬᠢᠨᠠᠨ ᠵᠦᠪᠯᠡᠵᠠᠢ
ᠨᠡᠶᠢᠲᠡᠯᠡᠭᠰᠡᠨ ᠴᠠᠭ᠄
2020-05-26
     ᠱᠢ ᠲᠠᠢ ᠹᠧᠩ   ᠪᠦ᠋ ᠰᠢᠶᠥᠥ ᠯᠢᠨ  ᠯᠢ ᠰᠢᠦ ᠯᠢᠩ ᠬᠢᠨᠠᠨ ᠵᠥᠪᠯᠡᠬᠦ ᠳᠤ ᠣᠷᠣᠯᠴᠠᠪᠠ      5 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠢᠷᠭᠡᠨ ᠤ ᠬᠠᠤᠯᠢ ᠶᠢᠨ ᠪᠢᠴᠢᠭ ᠤᠨ ᠲᠥᠰᠥᠯ ᠢ ᠦᠷᠭᠦᠯᠵᠢᠯᠡᠨ ᠬᠢᠨᠠᠨ ᠵᠦᠪᠯᠡᠵᠦ᠂ ︽ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠭᠦᠯᠬᠦ ᠲᠤᠬᠲᠠᠴᠠ ᠶᠢ ᠪᠠᠶᠢᠭᠤᠯᠤᠨ ᠲᠠᠬᠦᠯᠳᠡᠷᠵᠢᠬᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ‍ᠤᠨ‌‍ᠲ᠋ᠤᠬᠲᠠᠭᠠᠯ ︵ᠲᠦᠰᠦᠯ︶︾ ᠢ ᠬᠢᠨᠠᠨ ᠵᠦᠪᠯᠡᠪᠡ᠃      ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ᠂ ᠪᠦᠯᠬᠦᠮ ᠤᠨ ᠲᠡᠳ᠋ ᠳᠠᠷᠤᠭ᠎ᠠ ᠪᠦ᠋ ᠰᠢᠶᠤᠤ ᠯᠢᠨ᠂ ᠯᠢ ᠰᠢᠦ ᠯᠢᠩ ᠬᠢᠨᠠᠨ ᠵᠥᠪᠯᠡᠬᠦ ᠳᠤ ᠣᠷᠣᠯᠴᠠᠵᠠᠢ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢ ᠱᠤᠤ ᠴᠦᠨ᠂ ᠨᠠᠰᠤᠨᠮᠦ᠋ᠩᠭᠡ ᠲᠤᠰ ᠪᠦᠷᠢ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠠᠤᠯᠢ ᠶᠢᠨ ᠲᠥᠰᠥᠯ ᠤᠨ ᠳᠤᠭᠤᠶᠢᠯᠠᠩ ᠤᠨ ᠬᠠᠮᠢᠶ᠎ᠠ ᠪᠦᠬᠦᠢ ᠨᠦᠬᠦᠳ ᠬᠤᠷᠠᠯ ᠳᠤ ᠤᠷᠤᠯᠴᠠᠨ ᠰᠠᠨᠠᠯ ᠰᠤᠨᠤᠰᠴᠠᠢ᠃      ᠲᠦᠯᠦᠭᠡᠯᠡᠭᠴᠢᠳ᠂ ᠢᠷᠭᠡᠨ ᠤ ᠬᠠᠤᠯᠢ ᠶᠢᠨ ᠪᠢᠴᠢᠭ ᠤᠨ ᠲᠥᠰᠥᠯ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠠᠤᠯᠢ ᠲᠣᠭᠲᠠᠭᠠᠬᠰᠠᠨ ᠡᠯᠪᠡᠭ ᠪᠠᠶᠠᠯᠢᠭ ᠦᠷ᠎ᠡ ᠪᠦᠲᠦᠭᠡᠯ ᠪᠤᠯᠤᠨ ᠮᠠᠨ ᠤ ᠤᠯᠤᠰ ᠤᠨ ᠤᠷᠲᠤ ᠬᠤᠭᠤᠴᠠᠭᠠᠨ ᠤ ᠢᠷᠭᠡᠨ ᠤ ᠬᠡᠷᠡᠭ ᠤᠨ ᠬᠠᠤᠯᠢ ᠪᠠᠷᠢᠬᠰᠠᠨ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠮᠠᠨ ᠤ ᠤᠯᠤᠰ ᠤᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠰᠢᠰᠲ᠋ᠧᠮ ᠢ ᠰᠢᠰᠲ᠋ᠧᠮᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠡᠶᠡᠯᠡᠭᠦᠯᠵᠦ᠂ ᠠᠷᠠᠳ ᠲᠦᠮᠡᠨ ᠤ ᠬᠠᠤᠯᠢᠵᠢᠯ ᠤᠨ ᠬᠡᠷᠡᠭᠴᠡᠭᠡ ᠳᠤ ᠦᠨᠡᠨᠬᠦ ᠬᠠᠷᠢᠭᠤᠯᠲᠠ ᠥᠭᠬᠦᠭᠰᠡᠨ ᠪᠠᠶᠢᠨ᠎ᠠ ᠬᠡᠵᠦ ᠦᠵᠡᠵᠡᠭᠡᠪᠡ᠃      ᠲᠥᠯᠥᠭᠡᠯᠡᠭᠴᠢᠳ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠠᠬᠦᠯᠳᠡᠷᠵᠢᠬᠦᠯᠬᠦ ᠲᠣᠭᠲᠠᠭᠠᠯ ᠤᠨ ᠲᠥᠰᠥᠯ ᠢ ᠰᠠᠨᠠᠯ ᠨᠢᠭᠡᠲᠡᠶ ᠵᠥᠪᠰᠢᠶᠡᠷᠡᠵᠦ ᠪᠠᠶᠢᠬᠤ ᠪᠠᠨ ᠢᠯᠡᠷᠭᠡᠶᠢᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号