| | — — 2018 ᠣᠨ ᠤ 12 ᠳ᠋ᠤᠭᠠᠷ ᠰᠠᠷ᠎ᠠ ᠶᠢᠨ 27 ᠤ ᠡᠳᠦᠷ ᠬᠤᠷᠢᠨᠭᠡᠷ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | | ᠬᠤᠷᠢᠨᠭᠡᠷ ᠰᠢᠶᠠᠨ ᠤ ᠰᠢᠶᠠᠨ ᠤ ᠳᠠᠷᠤᠭ᠎ᠠ ᠴᠧᠨ ᠯᠢ ᠶᠢᠨ | | | ᠲᠥᠯᠥᠭᠡᠯᠡᠭᠴᠢᠳ ᠡ᠄ | ᠣᠳᠣ ᠪᠢ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠣ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠣ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠬᠤᠷᠢᠨᠭᠡᠷ ᠰᠢᠶᠠᠨ ᠤ ᠬᠥᠭᠵᠢᠯᠲᠡ ᠶᠢᠨ ᠶᠠᠪᠤᠴᠠ ᠳᠠᠬᠢ ᠲᠤᠩ ᠶᠡᠷᠦ | ᠪᠤᠰᠤ ᠶᠢᠨ ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠢ ᠬᠠᠲᠠᠭᠤ ᠴᠢᠩᠭ᠎ᠠ ᠠᠵᠤ ᠠᠬᠤᠢ ᠶᠢᠨ ᠣᠷᠴᠢᠨ | ᠲᠣᠭᠤᠷᠢᠨ ᠳᠤ ᠬᠠᠨᠳᠤᠵᠤ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠰᠢᠶᠠᠨ ᠤ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ | ᠳᠣᠣᠷ᠎ᠠ᠂ ᠪᠦᠬᠦ ᠰᠢᠶᠠᠨ ᠳᠠᠶᠠᠭᠠᠷ ᠢᠶᠠᠨ ᠰᠡᠳᠬᠢᠯ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠰᠢᠶᠠᠨ ᠤ ᠬᠡᠪᠴᠢᠶᠡᠨ ᠤ ᠠᠵᠤ ᠠᠬᠤᠢ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ | ᠤᠷᠤᠭᠰᠢᠯᠠᠨ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠤᠯᠠᠮ ᠨᠢᠭᠡ ᠠᠯᠬᠤᠮ ᠳᠡᠭᠡᠭᠰᠢᠯᠡᠪᠡ᠃ | ᠵᠢᠱᠢᠯᠲᠡ ᠪᠠᠷ ᠪᠥᠬᠦ ᠵᠢᠯ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 141.46 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5 % ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 5.5 | % ᠲᠤ ᠬᠥᠷᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 14.64 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.53 % ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 49.1 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 31.94 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.8 % ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠲᠠᠢ ᠠᠳᠠᠯᠢ ᠠᠯᠬᠤᠮ ᠶᠢ ᠪᠠᠲᠣᠯᠠᠵᠣ ᠪᠣᠢ︔ ᠭᠤᠷᠪᠠᠨ ᠠᠵᠤ ᠦᠢᠯᠡᠰ ᠤᠨ ᠬᠠᠷᠢᠴᠠᠯ 17.5᠄ 39. | 9᠄ 42.6 ᠪᠣᠯᠣᠨ ᠰᠢᠯᠢᠳᠡᠭᠵᠢᠵᠦ᠂ ᠠᠵᠤ ᠦᠢᠯᠡᠰ ᠤᠨ ᠪᠦᠲᠦᠴᠡ ᠨᠠᠩ ᠵᠦᠶ ᠵᠣᠬᠢᠰᠲᠠᠶ ᠪᠣᠯᠪᠠ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠮᠡᠲᠦ ᠭᠤᠣᠯᠳᠠᠯᠭ᠎ᠠ ᠲᠠᠢ ᠠᠵᠢᠯ ᠢ ᠬᠢᠪᠡ᠄ | ︵ᠨᠢᠭᠡ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠪᠠᠷ ᠬᠠᠷᠠᠯᠲᠠ ᠪᠣᠯᠭᠠᠵᠤ᠂ | ᠭᠤᠷᠪᠠᠨ ᠶᠡᠭᠡ ᠰᠢᠪᠲᠣᠯᠣᠯᠲᠠ ᠶᠢᠨ ᠳᠠᠶᠢᠨ ᠤ ᠢᠯᠠᠯᠲᠠ ᠶᠢ ᠤᠯᠬᠤ ᠪᠠᠷ ᠪᠦᠬᠦ ᠬᠦᠴᠦᠨ ᠢᠶᠠᠷ ᠴᠢᠷᠮᠠᠶᠢᠪᠠ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ | ᠃ ᠡᠳ᠋ ᠤᠨ ᠵᠠᠰᠠᠭ ᠤᠨ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠵᠢᠯ ᠳᠤ ᠨᠡᠶᠢᠲᠡ 7 | ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠢᠯᠭᠠᠷᠠᠭᠤᠯᠵᠣ᠂ ᠲᠥᠯᠥᠪᠯᠡᠭᠡ ᠶᠢᠨ ᠡᠭᠦᠷᠭᠡ ᠶᠢ ᠳᠠᠪᠠᠭᠤᠯᠤᠨ | ᠪᠡᠶᠡᠯᠡᠭᠦᠯᠵᠦ᠂ ︽ᠠᠷᠪᠠ ᠶᠢ ᠪᠦᠷᠬᠦᠭᠦᠯᠬᠦ︾ ᠠᠷᠪᠠᠨ ᠵᠦᠢᠯ ᠤᠨ ᠢᠨᠵᠧᠨᠧᠷᠢᠩ ᠤᠨ ᠳᠣᠲᠣᠷᠠᠬᠢ ᠥᠷᠢ | ᠥᠭᠴᠡᠭᠡ ᠶᠢ ᠪᠦᠬᠦᠨ ᠢ ᠢᠯᠭᠠᠷᠠᠭᠤᠯᠪᠠ᠃ ᠬᠥᠳᠡᠭᠡ ᠲᠣᠰᠬᠤᠨ ᠤ ᠥᠨᠳᠥᠷ ᠬᠦᠦ ᠲᠠᠢ ᠵᠢᠭᠡᠯᠡᠯᠭᠡ ᠳᠤ ᠴᠢᠩᠭ᠎ᠠ | ᠴᠣᠬᠢᠯᠲᠠ ᠥᠭᠴᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠢᠨᠲ᠋ᠧᠷ ᠰᠦᠯᠵᠢᠶᠡᠨ ᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠪᠠᠲᠤ ᠰᠠᠬᠢᠪᠠ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ | ᠶᠠᠳᠠᠭᠤ ᠬᠦᠴᠢᠷᠳᠡᠯ ᠤᠨ ᠡᠭᠦᠰᠬᠦ ᠨᠤᠷᠮ᠎ᠠ 0.08 % ᠪᠣᠯᠲᠠᠯ᠎ᠠ ᠪᠠᠭᠤᠷᠠᠵᠤ᠂ ᠵᠢᠯ ᠤᠨ ᠶᠠᠳᠠᠭᠤ ᠶᠢ ᠪᠠᠭᠠᠰᠬᠠᠬᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠰᠤ ᠴᠢᠨᠠᠷ | ᠦᠷ᠎ᠡ ᠠᠰᠢᠭ ᠢᠯᠡᠳᠲᠡ ᠳᠡᠭᠡᠭᠰᠢᠯᠡᠪᠡ᠃ ᠪᠥᠬᠦ ᠬᠤᠲᠠ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠬᠤᠢ | ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠬᠢᠯᠡᠵᠦ᠂ ᠣᠯᠠᠨ ᠵᠦᠢᠯ ᠤᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠶᠠᠳᠠᠭᠤ ᠬᠦᠴᠢᠷᠳᠡᠯᠲᠡᠶ ᠡᠷᠦᠬᠡ ᠯᠦᠭᠡ ᠨᠠᠩ ᠨᠢᠭᠲᠠ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠣ᠂ 5417 ᠶᠠᠳᠠᠭᠤ ᠬᠦᠴᠢᠷᠳᠡᠯᠲᠡᠶ ᠬᠥᠮᠥᠨ ᠠᠮᠠ ᠶᠢ | ᠬᠠᠮᠤᠷᠪᠠ᠃ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠰᠠᠭᠤᠷᠢ ᠮᠥᠩᠭᠦ ᠶᠢ ᠪᠠᠶᠢᠭᠤᠯᠵᠣ᠂ ᠶᠡᠷᠦᠩᠬᠡᠶᠢᠯᠡᠨ ᠳᠠᠩᠰᠠ | ᠲᠠᠶᠢᠯᠬᠤ ᠨᠣᠷᠮ᠎ᠠ 90 % ᠠᠴᠠ ᠳᠡᠭᠡᠭᠰᠢ ᠳᠤ ᠬᠦᠷᠪᠡ᠃ ᠶᠠᠳᠠᠭᠤ ᠶᠢ ᠲᠡᠳᠬᠦᠬᠦ ᠲᠦᠷᠥᠯ ᠵᠦᠢᠯ ᠤᠨ | ᠬᠥᠮᠥᠷᠭᠡ ᠶᠢᠨ ᠪᠦᠲᠦᠭᠡᠨ ᠪᠠᠶᠢᠭᠤᠯᠣᠯᠲᠠ ᠪᠣᠯᠣᠨ ᠪᠡᠯᠡ ᠮᠥᠩᠭᠦ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ︽ | ᠢᠨᠲ᠋ᠧᠷ ᠰᠦᠯᠵᠢᠶ᠎ᠡ + ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ︾ ᠠᠵᠢᠯ ᠢ ᠡᠬᠢᠯᠡᠭᠦᠯᠪᠡ᠃ ᠪᠥᠬᠦ | ᠰᠢᠶᠠᠨ ᠤ ᠰᠢᠶᠠᠨ ᠳᠤ ᠰᠠᠭᠤᠭ᠎ᠠ 103 ᠠᠵᠤ ᠠᠬᠤᠶᠢᠯᠠᠯ ︽ᠳᠥᠷᠪᠡᠨ ᠨᠢᠭᠡ︾ ᠶᠢᠨ ᠨᠠᠷᠢᠯᠢᠭ ᠣᠨᠣᠪᠴᠢᠲᠠᠢ ᠪᠠᠷ | ᠶᠠᠳᠠᠭᠤ ᠶᠢ ᠲᠡᠳᠬᠦᠬᠦ ᠠᠵᠢᠯᠯᠠᠭ᠎ᠠ ᠳᠤ ᠣᠷᠣᠯᠴᠠᠵᠤ᠂ ᠨᠡᠶᠢᠭᠡᠮ ᠳᠠᠶᠠᠭᠠᠷ ᠤᠨ ᠶᠠᠳᠠᠭᠤ ᠶᠢ ᠲᠡᠳᠬᠦᠬᠦ ᠠᠵᠢᠯ ᠳᠤ | ᠣᠷᠣᠯᠴᠠᠬᠤ ᠠᠭᠤᠷ ᠠᠮᠢᠰᠬᠤᠯ ᠤᠯᠠᠮ ᠠᠴᠠ ᠤᠯᠠᠮ ᠵᠣᠵᠠᠭᠠᠨ ᠪᠣᠯᠣᠭᠰᠠᠨ ᠪᠠᠶᠢᠨ᠎ᠠ᠃ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠰᠤᠷᠭᠠᠨ ᠬᠥᠮᠦᠵᠢᠯ᠂ ᠣᠨᠳᠣᠤ ᠭᠠᠵᠠᠷ ᠲᠤ | ᠨᠡᠭᠦᠯᠭᠡᠬᠦ᠂ ᠦᠨᠳᠦᠰᠦᠨ ᠵᠦᠢᠯ ᠢ ᠪᠠᠲᠤᠯᠠᠬᠤ᠂ ᠠᠮᠢ ᠠᠬᠤᠶ᠂ ᠣᠰᠣᠨ ᠠᠰᠢᠭᠯᠠᠯᠲᠠ᠂ ᠮᠥᠩᠭᠦᠨᠭᠦ᠋ᠢᠯᠭᠡᠭᠡ᠂ | ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠠᠵᠢᠯ ᠨᠡᠯᠢᠶᠡᠳ ᠰᠠᠶᠢᠨ ᠦᠷ᠎ᠡ | ᠪᠦᠲᠦᠮᠵᠢ ᠣᠯᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠣᠯᠣᠯᠲᠠ ᠶᠢᠨ ᠳᠠᠶᠢᠨ ᠢ ᠭᠦᠨᠵᠡᠭᠡᠶ ᠲᠦᠯᠬᠢᠨ ᠠᠬᠢᠭᠤᠯᠪᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ︽ᠡᠷᠭᠢᠨ | ᠬᠠᠷᠠᠬᠤ︾ ᠶᠢᠨ ᠰᠢᠯᠵᠢᠭᠦᠯᠦᠨ ᠰᠢᠢᠳᠪᠦᠷᠢᠯᠡᠭᠦᠯᠦᠭᠰᠡᠨ 34 ᠬᠡᠷᠡᠭ ᠢ ᠴᠡᠭᠴᠡᠯᠡᠨ ᠥᠭᠡᠷᠡᠴᠢᠯᠡᠵᠦ᠂ ᠬᠤᠶᠠᠳᠤᠭᠠᠷ | ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠪᠡ᠃ | ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠠᠵᠤ ᠠᠬᠤᠶᠢᠯᠠᠯ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠴᠢᠩᠭ᠎ᠠ ᠬᠠᠮᠢᠶᠠᠷᠤᠨ | ᠡᠵᠡᠮᠳᠡᠵᠦ᠂ ᠴᠧᠩ ᠭᠤᠸᠠᠨ ᠪᠠᠯᠭᠠᠰᠤ ᠶᠢᠨ ᠬᠡᠪᠴᠢᠶᠡᠨ ᠳᠣᠲᠣᠷᠠᠬᠢ 10 ᠲᠣᠨ ᠠᠭᠤᠷᠰᠢᠭᠤᠯᠬᠤ ᠵᠢᠴᠢ | ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠭᠳᠡᠭᠦᠯᠵᠦ ᠬᠦᠴᠦᠨ ᠦᠭᠡᠢ ᠪᠣᠯᠭᠠᠨ᠂ | ᠠᠷᠢᠭᠤᠨ ᠴᠡᠪᠡᠷ ᠵᠤᠤᠬ᠎ᠠ ᠶᠢ ᠰᠣᠯᠢᠬᠤ ᠪᠠ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠵᠡᠷᠭᠡ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠵᠢᠯ ᠤᠨ ᠠᠭᠤᠷ ᠠᠮᠢᠰᠬᠤᠯ ᠤᠨ ᠰᠢᠯᠢᠳᠡᠭ ᠰᠠᠶᠢᠨ ᠡᠳᠦᠷ ᠤᠨ ᠲᠤᠭ᠎ᠠ | 310 ᠡᠳᠦᠷ ᠲᠤ ᠬᠦᠷᠴᠡᠢ᠃ ᠨᠤᠮᠢᠨ ᠣᠰᠤ ᠶᠢ ᠬᠠᠮᠠᠭᠠᠯᠠᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ | ᠴᠧᠩ ᠭᠤᠸᠠᠨ ᠪᠠᠯᠭᠠᠰᠤᠨ ᠤ ᠰᠢᠨ᠎ᠡ ᠤᠰᠤᠨ ᠤ ᠡᠬᠢ ᠰᠤᠷᠪᠤᠯᠵᠢ ᠶᠢᠨ ᠭᠠᠵᠠᠷ ᠢ ᠰᠢᠯᠵᠢᠭᠦᠯᠦᠨ ᠪᠠᠶᠢᠭᠤᠯᠬᠤ | ᠢᠨᠵᠧᠨᠧᠷᠢᠩ ᠢ ᠡᠬᠢᠯᠡᠭᠦᠯᠵᠦ᠂ ᠴᠧᠩ ᠭᠤᠸᠠᠨ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠳᠤᠮᠳᠠᠬᠢ ᠤᠰᠤ ᠶᠢ ᠡᠭᠡᠭᠦᠯᠵᠦ | ᠬᠡᠷᠡᠭᠯᠡᠬᠦ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠪᠡ᠃ ᠬᠥᠷᠥᠰᠥ ᠰᠢᠷᠣᠶ ᠶᠢ ᠴᠡᠪᠡᠷᠰᠢᠭᠦᠯᠬᠦ ᠬᠠᠮᠠᠭᠠᠯᠠᠯᠲᠠ ᠶᠢᠨ | ᠳᠠᠶᠢᠨ ᠢ ᠯᠠᠪᠳᠠᠭᠤᠨ ᠪᠠᠳᠣᠲᠠᠢ ᠲᠦᠯᠬᠢᠨ ᠠᠬᠢᠭᠤᠯᠵᠣ᠂ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ | ᠪᠠᠶᠢᠴᠠᠭᠠᠬᠤ ᠪᠠ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠠᠬᠤᠶᠢᠯᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ | ᠬᠠᠶᠠᠭᠳᠠᠮᠠᠯ ᠪᠣᠳᠠᠰ ᠵᠡᠷᠭᠡ ᠶᠢ ᠪᠦᠲᠦᠮᠵᠢᠲᠡᠶ ᠰᠢᠢᠳᠪᠦᠷᠢᠯᠡᠪᠡ᠃ | ︵ᠬᠤᠶᠠᠷ︶ ᠪᠣᠳᠠᠲᠤ ᠬᠦᠴᠦᠨ ᠪᠦᠬᠦᠢ ᠬᠤᠷᠢᠨᠭᠡᠷ ᠢ ᠪᠦᠲᠦᠭᠡᠨ ᠪᠠᠶᠢᠭᠤᠯᠬᠤ ᠪᠠᠷ ᠬᠥᠳᠡᠯᠭᠡᠭᠦᠷ ᠪᠣᠯᠭᠠᠵᠤ᠂ | ᠠᠵᠤ ᠠᠬᠤᠢ ᠶᠢᠨ ᠦᠨᠳᠦᠷ ᠴᠢᠨᠰᠠᠭᠠᠲᠣ ᠬᠥᠭᠵᠢᠯᠲᠡ ᠶᠢ ᠬᠦᠴᠦᠯᠡᠨ ᠠᠬᠢᠭᠤᠯᠪᠠ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ | ᠳᠡᠭᠡᠭᠰᠢᠯᠡᠭᠦᠯᠪᠡ᠃ ᠲᠠᠷᠢᠮᠠᠯ ᠤᠨ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠲᠠᠷᠢᠮᠠᠯ ᠤᠨ | ᠶᠡᠷᠦᠩᠬᠡᠢ ᠲᠠᠷᠢᠬᠤ ᠲᠠᠯᠠᠪᠠᠢ 105 ᠲᠦᠮᠡᠨ ᠮᠦ᠂ ᠵᠢᠱᠢᠯᠲᠡ ᠪᠠᠷ ᠠᠮᠤ ᠪᠤᠳᠠᠭᠠᠨ ᠤ ᠤᠨᠠᠯᠲᠠ 22 ᠲᠦᠮᠡᠨ ᠲᠣᠨ | ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠠᠰᠢᠭᠯᠠᠯᠲᠠ ᠳᠤ ᠣᠷᠣᠭᠤᠯᠤᠭᠰᠠᠨ ᠲᠠᠯᠠᠪᠠᠢ | 1700 ᠮᠦ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠲᠠᠷᠢᠬᠤ ᠲᠠᠯᠠᠪᠠᠢ ᠨᠡᠶᠢᠲᠡ 8.5 ᠲᠦᠮᠡᠨ ᠮᠦ᠂ ᠠᠮᠤ | ᠪᠤᠳᠠᠭ᠎ᠠ ᠠᠵᠤ ᠠᠬᠤᠢ ᠪᠣᠷᠳᠤᠭ᠎ᠠ ᠶᠢᠨ ᠲᠠᠷᠢᠮᠠᠯ ᠤᠨ ᠬᠠᠷᠢᠴᠠᠯ 67.5᠄ 8.5᠄ 24 ᠪᠣᠯᠤᠨ᠎ᠠ᠃ ᠲᠠᠷᠢᠮᠠᠯ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ 81.7 % ᠳᠤ ᠬᠦᠷᠪᠡ᠃ ᠰᠠᠭᠠᠯᠢ ᠶᠢᠨ ᠦᠨᠢᠶ᠎ᠡ᠂ ᠠᠯᠠᠰᠢᠨ | ᠦᠬᠡᠷ᠂ ᠭᠠᠭ᠋ᠠᠶ᠂ ᠠᠯᠠᠰᠢᠨ ᠡᠯᠵᠢᠭᠡ᠂ ᠠᠯᠠᠰᠢᠨ ᠬᠤᠨᠢ᠂ ᠰᠠᠭᠠᠯᠢ ᠶᠢᠨ ᠢᠮᠠᠭ᠎ᠠ᠂ ᠥᠨᠳᠡᠭᠡᠨ ᠲᠠᠬᠢᠶ᠎ᠠ ᠲᠡᠵᠢᠭᠡᠨ | ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠪᠥᠬᠦ ᠰᠢᠶᠠᠨ ᠤ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ 67 ᠪᠠᠶᠢᠵᠤ᠂ ᠲᠡᠵᠢᠭᠡᠵᠦ ᠪᠠᠶᠢᠭ᠎ᠠ ᠮᠠᠯ ᠤᠨ ᠲᠤᠭ᠎ᠠ 81.2 ᠲᠦᠮᠡᠨ ᠲᠣᠯᠣᠭᠠᠶ | ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠷᠭᠡᠳᠬᠡᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠪᠣᠯᠤᠨ 3 ᠬᠤᠲᠠ ᠶᠢᠨ ᠳᠡᠰ ᠤᠨ ᠠᠵᠤ ᠦᠶᠯᠡᠰᠵᠢᠭᠰᠡᠨ ᠬᠤᠯᠪᠣᠭᠠᠲᠤ ᠴᠣᠭᠴᠠ ᠶᠢ ᠢᠳᠡᠪᠬᠢᠲᠡᠶ ᠪᠠᠷ ᠡᠭᠦᠳᠦᠨ | ᠪᠠᠶᠢᠭᠤᠯᠵᠣ᠂ 10 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠡᠰ ᠤᠨ ᠲᠣᠯᠣᠭᠠᠶᠢᠯᠠᠭᠴᠢ ᠠᠵᠤ | ᠠᠬᠤᠶᠢᠯᠠᠯ ᠪᠠᠷ ᠰᠢᠨ᠎ᠡ ᠪᠠᠷ ᠭᠤᠶᠤᠴᠢᠯᠠᠨ ᠮᠡᠳᠡᠭᠦᠯᠵᠦ᠂ 106 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ᠂ 340 ᠮᠡᠷᠭᠡᠵᠢᠯ ᠤᠨ ᠲᠠᠷᠢᠶᠠᠴᠢᠨ ᠢ ᠪᠣᠶᠢᠵᠢᠭᠤᠯᠪᠠ᠃ ᠵᠧᠩ ᠶᠣᠸᠠᠨ ᠪᠠᠭ᠎ᠠ ᠵᠢᠯᠠᠭ᠎ᠠ ᠶᠢᠨ ᠬᠦᠳᠡᠭᠡ | ᠲᠣᠰᠬᠤᠨ ᠤ ᠶᠡᠷᠦᠩᠬᠡᠶᠢᠯᠡᠭᠰᠡᠨ ᠴᠣᠭᠴᠠ ᠯᠠᠪᠳᠠᠭᠤᠨ ᠢᠶᠠᠷ ᠠᠬᠢᠪᠠ᠃ | ᠣᠳᠣ ᠦᠶ᠎ᠡ ᠶᠢᠨ ᠠᠵᠤ ᠦᠢᠯᠡᠳᠪᠦᠷᠢ ᠲᠣᠭᠲᠠᠭᠤᠨ ᠢᠶᠠᠷ ᠰᠠᠶᠢᠵᠢᠷᠠᠪᠠ᠃ ᠪᠥᠬᠦ ᠰᠢᠶᠠᠨ ᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠢᠯ ᠡᠬᠢᠯᠡᠭᠦᠯᠦᠭᠰᠡᠨ ᠪᠠ ᠰᠡᠷᠭᠦᠭᠰᠡᠨ ᠲᠥᠷᠥᠯ ᠵᠦᠢᠯ 15 ᠪᠠᠶᠢᠵᠤ᠂ 17.2 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠪᠣᠬᠢᠷᠲᠤᠯ ᠥᠬᠡᠶ ᠢᠳᠡᠭᠡᠨ ᠡᠳ᠋ᠰᠢᠭᠦᠯᠬᠦ | ᠠᠵᠤ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠮᠧᠩ ᠨᠢᠤ ᠰᠦ ᠰᠠᠭᠠᠯᠢ ᠶᠢᠨ ᠦᠢᠯᠡᠰ ᠤᠨ ᠶᠡᠷᠦᠩᠬᠡᠶ | ᠬᠡᠯᠲᠡᠰ ᠤᠨ ᠠᠵᠤ ᠠᠬᠤᠶ ᠦᠷᠭᠦᠯᠵᠢᠯᠡᠨ ᠪᠣᠵᠠᠭᠠᠶᠢᠷᠠᠪᠠ︔ ᠹᠦ᠋ ᠶᠢᠦ ᠰᠦᠨ ᠦᠢᠯᠡᠳᠬᠦᠨ ᠤ ᠲᠥᠷᠥᠯ ᠵᠦᠢᠯ᠂ | ᠶᠠ ᠡᠸᠤ ᠣᠯᠠᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠲᠥᠷᠥᠯ ᠵᠦᠢᠯ ᠢ ᠪᠠᠶᠢᠭᠤᠯᠣᠨ ᠳᠠᠭᠤᠰᠬᠠᠵᠣ | ᠠᠰᠢᠭᠯᠠᠯᠲᠠ ᠳᠤ ᠣᠷᠣᠭᠤᠯᠵᠤ᠂ ᠱᠧᠩ ᠵᠢᠶᠠᠨ ᠢᠮᠠᠭᠠᠨ ᠰᠦ ᠶᠢᠨ ᠲᠥᠷᠥᠯ ᠵᠦᠢᠯ ᠢ ᠤᠷᠤᠭᠰᠢᠲᠠᠶ ᠡᠬᠢᠯᠡᠭᠦᠯᠵᠦ᠂ | ︽ᠳᠤᠮᠳᠠᠳᠤ ᠤᠯᠤᠰ ᠤᠨ ᠰᠦ ᠰᠠᠭᠠᠯᠢ ᠶᠢᠨ ᠬᠤᠲᠠ ᠶᠢᠨ ᠭᠤᠣᠯ ᠲᠣᠭᠤᠷᠢᠭ︾ ᠤᠨ ᠪᠠᠶᠢᠷᠢ ᠰᠠᠭᠤᠷᠢ ᠶᠢ ᠤᠯᠠᠮ | ᠨᠢᠭᠡ ᠠᠯᠬᠤᠮ ᠪᠠᠬᠢᠵᠢᠭᠦᠯᠪᠡ᠃ ᠵᠧᠩ ᠳ᠋ᠠ ᠪᠣᠷᠳᠤᠭ᠎ᠠ᠂ ᠵᠢᠶᠠᠨ ᠢ ᠢ ᠱᠧᠩ᠂ ᡁᠢ ᠲᠢᠶᠠᠨ ᠷᠠᠨ ᠵᠡᠷᠭᠡ ᠲᠦᠷᠥᠯ | ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠦᠷᠭᠦᠯᠵᠢᠯᠡᠨ | ᠰᠠᠶᠢᠵᠢᠷᠠᠵᠤ᠂ ᠮᠧᠩ ᠲᠠᠢ ᠠᠮᠢᠳᠤ ᠪᠣᠳᠠᠰ᠂ ᠱᠢ ᠵᠢᠢ ᠹᠦ᠋ ᠺᠠᠩ᠂ ᠳ᠋ᠠ ᠳᠠᠩ ᠡᠮ ᠤᠨ ᠦᠢᠯᠡᠰ᠂ ᠪᠢ ᠸᠧᠢ | ᠠᠨ ᠲᠠᠢ ᠵᠡᠷᠭᠡ ᠲᠥᠷᠥᠯ ᠵᠦᠢᠯ ᠤᠷᠤᠭᠰᠢᠲᠠᠢ ᠠᠬᠢᠪᠠ᠃ ᠮᠧᠩ ᠼᠤᠤ᠂ ᠮᠧᠩ ᠱᠣ᠋ ᠵᠡᠷᠭᠡ ᠠᠵᠤ ᠦᠢᠯᠡᠰ ᠤᠨ | ᠬᠡᠯᠬᠢᠶᠡᠵᠢᠯ ᠲᠠᠰᠤᠷᠠᠯᠲᠠ ᠦᠭᠡᠢ ᠥᠷᠭᠡᠵᠢᠵᠦ᠂ ᠣᠷᠣᠨ ᠨᠤᠲᠤᠭ ᠤᠨ ᠣᠨᠴᠠᠯᠢᠭ ᠲᠠᠢ ᠠᠮᠢ ᠠᠬᠤᠢ ᠶᠢᠨ ᠠᠵᠤ | ᠦᠢᠯᠡᠰ ᠢ ᠪᠦᠷᠢᠯᠳᠦᠭᠦᠯᠪᠡ᠃ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ | ᠦᠳᠲᠡᠷ ᠲᠦᠷᠭᠡᠨ ᠬᠥᠭᠵᠢᠵᠦ᠂ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ ᠰᠠᠭᠤᠷᠢᠨ | ᠭᠠᠵᠠᠷ ᠪᠠᠶᠢᠭᠤᠯᠤᠭᠳᠠᠵᠤ ᠠᠰᠢᠭᠯᠠᠯᠲᠠ ᠳᠤ ᠣᠷᠣᠵᠤ᠂ ᠲᠠᠨ ᠭᠦ᠋ ᠰᠢᠨᠵᠢᠯᠡᠬᠦ ᠤᠬᠠᠭᠠᠨ ᠮᠡᠷᠭᠡᠵᠢᠯ ᠤᠨ ᠹᠦᠯᠧᠷ | ᠠᠯᠺᠧᠨ ᠢ ᠲᠤᠷᠰᠢᠨ ᠦᠢᠯᠡᠳᠪᠦᠷᠢᠯᠡᠵᠦ ᠡᠬᠢᠯᠡᠪᠡ᠃ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ | ᠳᠡᠭᠡᠳᠦ ᠲᠠᠰ ᠤᠨ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠲᠦᠷᠭᠡᠨ ᠬᠥᠭᠵᠢᠵᠦ᠂ ᠺᠧ ᠳ᠋ᠠ ᠬᠦᠩᠭᠡᠨᠴᠠᠭᠠᠨ ᠤ | ᠦᠢᠯᠡᠰ᠂ ᠵᠦᠩ ᠳ᠋ᠦᠸᠧ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠨ | ᠠᠰᠢᠭᠯᠠᠯᠲᠠ ᠳᠤ ᠣᠷᠣᠵᠤ᠂ ᠰᠢᠨ ᠭᠤᠸᠠᠩ ᠶᠢᠨ ᠵᠡᠷᠭᠡ ᠲᠦᠷᠥᠯ ᠵᠦᠢᠯ ᠤᠷᠤᠭᠰᠢᠲᠠᠶ ᠶᠠᠪᠤᠭᠳᠠᠵᠤ ᠪᠠᠶᠢᠨ᠎ᠠ︔ | ᠣᠶᠣᠨᠲᠣ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠦᠲᠦᠭᠡᠨ ᠪᠠᠶᠢᠭᠤᠯᠵᠣ᠂ ᠳ᠋ᠦᠩ ᠹᠠᠩ ᠭᠦᠸᠧ | ᠰᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠢᠭᠡ ᠪᠦᠯᠦᠭ ᠲᠥᠷᠥᠯ ᠵᠦᠢᠯ ᠭᠡᠷ᠎ᠡ ᠲᠣᠭᠲᠠᠵᠤ ᠨᠠᠶᠢᠳᠠᠪᠤᠷᠢᠵᠢᠪᠠ᠃ | ᠴᠠᠬᠢᠯᠭᠠᠨ ᠬᠦᠴᠦᠨ ᠤ ᠠᠵᠤ ᠦᠢᠯᠡᠰ ᠲᠣᠭᠲᠠᠭᠤᠨ ᠢᠶᠠᠷ ᠬᠥᠭᠵᠢᠵᠦ᠂ ᠬᠤᠷᠢᠨᠭᠡᠷ ᠤᠨ ᠴᠠᠬᠢᠯᠭᠠᠨ ᠤ ᠦᠢᠯᠡᠳᠪᠦᠷᠢ | ᠤᠳᠠᠯ ᠦᠭᠡᠢ ᠠᠰᠢᠭᠯᠠᠯᠲᠠ ᠳᠤ ᠣᠷᠣᠵᠤ᠂ ᠹᠧᠩ ᠬᠤᠸᠠ ᠢᠯᠴᠢ ᠶᠢᠨ ᠴᠠᠬᠢᠯᠭᠠᠨ᠂ ᠵᠢᠩ ᠨᠧᠩ ᠢᠯᠴᠢ ᠶᠢᠨ | ᠴᠠᠬᠢᠯᠭᠠᠨ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠷᠮᠡᠭᠦᠨ ᠬᠦᠴᠦᠲᠡᠶ ᠪᠠᠶᠢᠨ᠎ᠠ᠃ ᠡᠭᠦᠯᠡᠨ | ᠪᠤᠳᠤᠯᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ 48 | ᠲᠦᠮᠡᠨ ᠦᠢᠯᠡᠴᠢᠯᠡᠭᠦᠷ ᠤᠨ ᠦᠢᠯᠡᠴᠢᠯᠡᠭᠡᠨ ᠤ ᠴᠢᠳᠠᠪᠤᠷᠢ ᠲᠠᠢ ᠪᠣᠯᠵᠤ᠂ 11 ᠲᠣᠮᠣ ᠳ᠋ᠠᠶᠢᠲ᠋ᠠ ᠶᠢᠨ ᠬᠡᠷᠡᠭᠯᠡᠭᠡᠨ ᠤ | ᠲᠠᠪᠴᠠᠩ ᠪᠠᠶᠢᠭᠤᠯᠵᠣ᠂ ᠮᠧᠩ ᠨᠢᠤ ᠡᠯᠧᠺᠲᠷᠣᠨ ᠬᠤᠳᠠᠯᠳᠤᠭᠠᠨ ᠤ ᠰᠦᠯᠵᠢᠶ᠎ᠡ ᠶᠢᠨ ᠪᠣᠷᠣᠯᠠᠭᠤᠯᠤᠯᠲᠠ ᠶᠢᠨ | ᠬᠡᠮᠵᠢᠶ᠎ᠡ 26 ᠳ᠋ᠦᠩᠰᠢᠭᠤᠷ ᠲᠥᠭᠦᠷᠢᠭ ᠲᠤ ᠬᠦᠷᠴᠦ᠂ ᠳᠤᠮᠳᠠᠳᠤ ᠣᠯᠣᠰ ᠤᠨ ᠴᠠᠬᠢᠯᠭᠠᠨ ᠬᠤᠯᠪᠣᠭᠠᠨ ᠤ 2 | ᠮᠠᠰᠢᠨ ᠤ ᠠᠰᠠᠷ ᠭᠤᠤᠯ ᠴᠣᠭᠴᠠ ᠶᠢᠨ ᠪᠦᠲᠦᠴᠡ ᠶᠢ ᠪᠡᠶᠡᠯᠡᠭᠦᠯᠵᠦ᠂ ᠬᠤᠲᠠ ᠶᠢᠨ ᠨᠠᠮ ᠤᠨ ᠰᠤᠷᠭᠠᠭᠤᠯᠢ᠂ ᠢ | ᠭᠤᠤ ᠣᠯᠠᠨ ᠤᠯᠤᠰ᠂ ᠪᠥᠸᠧ ᠣᠣ ᠠᠨᠠᠭᠠᠬᠤ ᠤᠬᠠᠭᠠᠨ ᠤ ᠪᠠᠶᠢᠴᠠᠭᠠᠨ ᠬᠡᠮᠵᠢᠯᠲᠡ ᠵᠡᠷᠭᠡ ᠲᠥᠷᠥᠯ ᠵᠦᠢᠯ ᠤᠨ | ᠠᠬᠢᠴᠠ ᠤᠷᠤᠭᠰᠢᠲᠠᠶ ᠪᠠᠶᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠣᠨ ᠪᠠᠷᠠᠭ᠎ᠠ ᠶᠢᠨ ᠭᠦᠢᠯᠭᠡᠭᠡᠨ ᠤ | ᠦᠢᠯᠡᠰ ᠲᠦᠷᠭᠡᠨ ᠬᠥᠭᠵᠢᠵᠦ᠂ ᠵᠢᠩ ᠳ᠋ᠦᠩ ︽ᠠᠽᠢᠶ᠎ᠠ ᠲᠢᠪ ᠨᠢᠭᠡᠳᠦᠭᠡᠷ ᠨᠣᠮᠧᠷᠲᠤ︾ ᠶᠢ ᠡᠬᠢᠯᠡᠨ ᠪᠦᠲᠦᠭᠡᠨ | ᠪᠠᠶᠢᠭᠤᠯᠵᠣ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠥᠷᠲᠡᠭᠡ 107 ᠶᠢ ᠪᠠᠶᠢᠭᠤᠯᠣᠨ ᠳᠠᠭᠤᠰᠬᠠᠵᠤ᠂ ᠬᠥᠳᠡᠭᠡ ᠲᠣᠰᠬᠤᠨ ᠤ ᠲᠦᠷᠭᠡᠨ ᠢᠯᠡᠭᠡᠯᠲᠡ ᠶᠢ ᠬᠥᠳᠡᠭᠡ | ᠪᠠᠭᠤᠯᠭᠠᠭᠰᠠᠨ ᠨᠢ 36.8 ᠲᠦᠮᠡᠨ ᠬᠤᠪᠢ ᠪᠠᠶᠢᠵᠤ᠂ ᠭᠤᠷᠪᠠᠳᠠᠬᠢ ᠡᠲᠡᠭᠡᠳ ᠤᠨ ᠲᠠᠪᠴᠠᠩ ᠤᠨ | ᠠᠷᠠᠯᠵᠢᠶᠠᠯᠠᠭᠰᠠᠨ ᠲᠤᠭ᠎ᠠ 21.8 ᠳ᠋ᠦᠩᠰᠢᠭᠤᠷ ᠲᠥᠭᠦᠷᠢᠭ ᠲᠤ ᠬᠦᠷᠪᠡ᠃ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠳᠠᠶᠢᠴᠢᠯᠠᠬᠤ ᠦᠢᠯᠡᠳᠦᠯ ᠡᠳᠦᠷ ᠢᠷᠡᠬᠦᠶ᠎ᠡ ᠮᠡᠳᠡᠭᠳᠡᠮ᠎ᠡ ᠪᠣᠯᠵᠤ᠂ ᠵᠤᠭᠠᠴᠠᠭᠰᠠᠳ ᠢ ᠨᠡᠶᠢᠲᠡ 208 | ᠲᠦᠮᠡᠨ ᠬᠥᠮᠥᠨ ᠤᠳᠠᠭ᠎ᠠ ᠬᠦᠯᠢᠶᠡᠨ ᠠᠪᠴᠠᠢ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠶ ᠳᠤ ᠦᠢᠯᠡᠴᠢᠯᠡᠬᠦ ᠶᠠᠰᠤ ᠴᠢᠨᠠᠷ ᠪᠣᠯᠣᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠦ᠂ ᠮᠥᠩᠭᠦᠨ | ᠭᠦᠢᠯᠭᠡᠭᠡᠨ ᠤ ᠪᠠᠶᠢᠭᠤᠯᠣᠮᠵᠢ 3 ᠰᠢᠨ᠎ᠡ ᠪᠠᠷ ᠨᠡᠮᠡᠭᠳᠡᠵᠦ᠂ ᠡᠯ᠎ᠡ ᠵᠦᠢᠯ ᠤᠨ ᠬᠠᠳᠠᠭᠠᠯᠠᠮᠵᠢ᠂ ᠵᠢᠭᠡᠯᠡᠯᠭᠡ ᠶᠢᠨ | ᠦᠯᠡᠳᠡᠪᠦᠷᠢ ᠲᠤᠭ᠎ᠠ ᠲᠤᠰ ᠲᠤᠰ 30.9 % ᠪᠠ 10.7 % ᠪᠠᠷ ᠨᠡᠮᠡᠭᠳᠡᠪᠡ᠃ | ︵ᠭᠤᠷᠪᠠ︶ ᠲᠠᠲᠠᠬᠤ ᠬᠦᠴᠦᠨ ᠪᠦᠬᠦᠢ ᠷᠢᠳᠢ ᠰᠢᠳᠢ ᠲᠠᠢ ᠬᠤᠷᠢᠨᠭᠡᠷ ᠶᠢ ᠪᠦᠲᠦᠭᠡᠨ ᠪᠠᠶᠢᠭᠤᠯᠬᠤ ᠪᠠᠷ | ᠭᠠᠷᠳᠠᠴᠠ ᠪᠣᠯᠭᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠵᠣᠬᠢᠴᠠᠭᠤᠯᠤᠨ ᠠᠬᠢᠭᠤᠯᠪᠠ | ᠰᠢᠨ᠎ᠡ ᠲᠣᠭᠤᠷᠢᠭ ᠤᠨ ᠪᠦᠲᠦᠭᠡᠨ ᠪᠠᠢᠭᠤᠯᠤᠯᠲᠠ ᠳᠤ ᠠᠭᠤᠰᠤᠯᠴᠠᠬᠤ ᠶᠢ ᠪᠦᠬᠦ ᠲᠠᠯ᠎ᠠ ᠪᠠᠷ ᠴᠢᠩᠭᠠᠳᠬᠠᠪᠠ᠃ | ︽ᠬᠤᠶᠠᠷ ᠭᠤᠣᠯ ᠨᠢᠭᠡ ᠬᠤᠩᠭᠢᠯ ᠵᠠᠮ︾᠂ ᠭᠤᠣᠯ ᠲᠣᠭᠤᠷᠢᠭ ᠤᠨ ᠭᠠᠵᠠᠷ ᠰᠢᠷᠣᠢ ᠶᠢ 2.6 ᠲᠦᠮᠡᠨ ᠮᠦ | ᠲᠠᠲᠠᠪᠣᠷᠢᠯᠠᠬᠤ ᠶᠢ ᠪᠡᠶᠡᠯᠡᠭᠦᠯᠵᠦ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ | ᠬᠡᠷᠡᠭᠴᠡᠭᠡ ᠶᠢ ᠬᠦᠴᠦᠲᠡᠢ ᠪᠠᠲᠤᠯᠠᠪᠠ᠃ ᠬᠥᠬᠡᠬᠤᠲᠠ ᠵᠢᠨᠰᠢᠨ᠎ᠡ ᠨᠢᠰᠬᠡᠯ ᠤᠨ ᠪᠠᠭᠤᠳᠠᠯ ᠤᠨ ᠲᠠᠲᠠᠪᠤᠷᠢᠯᠠᠨ | ᠨᠣᠷᠠᠭᠠᠬᠤ ᠠᠵᠢᠯ ᠢ ᠤᠷᠤᠭᠰᠢᠲᠠᠢ ᠲᠦᠯᠬᠢᠨ ᠠᠬᠢᠭᠤᠯᠵᠤ᠂ ᠪᠣᠴᠠᠨ ᠨᠡᠭᠦᠯᠭᠡᠬᠦ ᠬᠤᠷᠢᠶᠠᠯᠠᠯ ᠤᠨ ᠨᠢᠭᠡᠳᠦᠭᠡᠷ | ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ ᠶᠢ ᠳᠠᠭᠤᠰᠬᠠᠵᠤ ᠲᠤᠰᠢᠶᠠᠨ ᠥᠭᠴᠦ᠂ ᠭᠤᠷᠪᠠᠳᠤᠭᠠᠷ | ᠬᠤᠭᠤᠴᠠᠭ᠎ᠠ ᠶᠢᠨ ᠪᠠᠷᠢᠯᠭ᠎ᠠ ᠶᠢᠨ ᠭᠤᠣᠯ ᠴᠣᠭᠴᠠ ᠶᠢ ᠪᠠᠷᠢᠵᠤ ᠳᠠᠭᠤᠰᠬᠠᠪᠠ᠃ ᠠᠵᠤ ᠦᠢᠯᠡᠰ ᠪᠣᠯᠣᠨ ᠬᠤᠲᠠ ᠶᠢ | ᠠᠭᠤᠰᠤᠯᠴᠠᠭᠤᠯᠬᠤ ᠣᠨᠴᠠᠯᠢᠭᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠣᠯᠲᠠ ᠦᠷ᠎ᠡ ᠪᠦᠲᠦᠮᠵᠢ ᠰᠠᠶᠢᠲᠠᠶ | ᠪᠠᠶᠢᠨ᠎ᠠ᠃ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠳᠠᠩᠰᠠᠯᠠᠭᠤᠯᠤᠭᠰᠠᠨ ᠪᠠᠯᠠ ᠮᠥᠩᠭᠦ ᠵᠠᠭᠤᠨ | ᠳ᠋ᠦᠩᠰᠢᠭᠤᠷ ᠢ ᠳᠠᠪᠠᠵᠤ᠂ 70 ᠭᠠᠷᠤᠶ ᠮᠥᠩᠭᠦᠨ ᠭᠦᠢᠯᠭᠡᠭᠡᠨ ᠤ ᠪᠠᠶᠢᠭᠤᠯᠣᠮᠵᠢ ᠰᠠᠭᠤᠷᠢᠰᠢᠪᠠ︔ ᠲᠤᠭ᠎ᠠ | ᠪᠦᠭᠡᠭᠡᠨᠡᠷᠡᠯ ᠤᠨ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠪᠠᠭ᠎ᠠ | ᠪᠠᠯᠭᠠᠰᠤ᠂ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠠᠵᠤ ᠦᠢᠯᠡᠰ ᠤᠨ ᠬᠦᠷᠢᠶᠡᠯᠡᠩ ᠢ ᠴᠥᠮ ᠡᠬᠢᠯᠡᠨ | ᠪᠠᠶᠢᠭᠤᠯᠵᠣ᠂ ᠾᠧᠩ ᠳ᠋ᠠ ᠪᠡᠶ᠎ᠡ ᠰᠣᠪᠢᠯᠠᠯᠲᠠ ᠶᠢᠨ ᠬᠥᠨᠳᠡᠶ ᠶᠢᠨ ᠲᠥᠷᠥᠯ ᠵᠦᠢᠯ ᠳᠤ ᠵᠢᠩᠬᠢᠨᠢ ᠪᠠᠷ ᠭᠠᠷ ᠤᠨ | ᠥᠰᠥᠭ ᠵᠢᠷᠤᠵᠤ᠂ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠵᠡᠷᠭᠡ ᠴᠢᠬᠤᠯᠠ ᠶᠡᠭᠡ | ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠪᠠᠶᠢᠨ᠎ᠠ᠃ ᠰᠢᠨ᠎ᠡ ᠲᠣᠭᠤᠷᠢᠭ ᠤᠨ | ᠭᠤᠣᠯ ᠲᠣᠭᠤᠷᠢᠭ ᠤᠨ ᠵᠠᠮ᠂ ᠬᠤᠭᠤᠯᠠᠢ ᠲᠣᠣᠷ᠂ ᠴᠠᠬᠢᠯᠭᠠᠨ ᠬᠦᠴᠦ᠂ ᠨᠣᠭᠤᠭᠠᠷᠠᠭᠤᠯᠤᠯᠲᠠ ᠵᠡᠷᠭᠡ ᠢᠵᠢ | ᠪᠦᠷᠢᠳᠦᠭᠦᠯᠬᠦ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠱᠧᠩ ᠯᠧ ᠬᠤᠶᠢᠲᠣ ᠬᠤᠶᠠᠳᠤᠭᠠᠷ ᠵᠡᠭᠡᠯᠢ ᠭᠤᠳᠤᠮᠵᠢ ᠶᠢᠨ ᠵᠠᠮ ᠢ ᠰᠢᠨ᠎ᠡ ᠪᠠᠷ ᠪᠠᠶᠢᠭᠤᠯᠵᠣ᠂ | ᠲᠦᠪᠯᠡᠷᠡᠯ ᠤᠨ ᠲᠣᠭᠤᠷᠢᠭ 3 ᠵᠠᠮ ᠰᠢᠨ᠎ᠡ ᠪᠠᠷ ᠵᠠᠰᠠᠵᠣ᠂ ᠲᠦᠪᠯᠡᠷᠡᠯ ᠤᠨ ᠲᠣᠭᠤᠷᠢᠭ ᠤᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠵᠢᠴᠢ ᠢᠵᠢ ᠪᠦᠷᠢᠳᠦᠭᠦᠯᠬᠦ ᠢᠨᠵᠧᠨᠧᠷᠢᠩ᠂ ᠳᠤᠮᠳᠠᠬᠢ ᠤᠰᠤᠨ ᠤ ᠦᠢᠯᠡᠳᠪᠦᠷᠢ ᠶᠢᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠵᠣ᠂ 220KV ᠬᠦᠴᠦᠳᠡᠯ ᠬᠦᠷᠭᠡᠨ | ᠥᠭᠡᠷᠡᠴᠢᠯᠡᠬᠦ ᠥᠷᠲᠡᠭᠡ ᠶᠢᠨ ᠱᠧᠩ ᠯᠧ ᠬᠤᠶᠠᠳᠤᠭᠠᠷ ᠥᠷᠲᠡᠭᠡ ᠶᠢ ᠪᠠᠶᠢᠭᠤᠯᠣᠨ ᠠᠰᠢᠭᠯᠠᠯᠲᠠ ᠳᠤ ᠣᠷᠣᠭᠤᠯᠵᠤ᠂ | 10KV᠂ 110KV ᠴᠠᠬᠢᠯᠭᠠᠨ ᠬᠦᠴᠦᠨ ᠤ ᠨᠦᠬᠡᠨ ᠵᠠᠮ ᠤᠨ ᠲᠥᠷᠥᠯ ᠵᠦᠢᠯ ᠢ ᠤᠷᠤᠭᠰᠢᠲᠠᠢ ᠠᠬᠢᠭᠤᠯᠵᠤ᠂ | ᠨᠣᠭᠤᠭᠠᠷᠠᠭᠤᠯᠤᠯᠲᠠ ᠶᠢᠨ ᠲᠠᠯᠠᠪᠠᠢ ᠶᠢ 123.5 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠦᠦ ᠪᠧ | ᠾᠧ ᠭᠤᠣᠯ ᠤᠨ ᠳᠣᠣᠷᠠᠳᠤ ᠤᠷᠤᠰᠬᠠᠯ ᠤᠨ ᠬᠡᠰᠡᠭ ᠤᠨ ᠭᠤᠣᠯ ᠤᠨ ᠭᠤᠯᠳᠣᠷᠢᠯ ᠤᠨ ᠬᠠᠰᠢᠯᠭ᠎ᠠ ᠵᠡᠷᠭᠡ ᠣᠰᠣᠨ | ᠠᠰᠢᠭᠯᠠᠯᠲᠠ ᠶᠢᠨ ᠪᠠᠷᠢᠯᠭ᠎ᠠ ᠶᠢ ᠬᠠᠮᠵᠢᠨ ᠠᠬᠢᠭᠤᠯᠪᠠ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠲᠠᠰᠤᠷᠠᠯᠲᠠ | ᠦᠭᠡᠢ ᠳᠡᠭᠡᠭᠰᠢᠯᠡᠪᠡ᠃ ︽ᠬᠤᠲᠠ ᠪᠠᠯᠭᠠᠰᠤᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠣᠨ︾ ᠢᠶᠠᠷ | ᠠᠵᠠ ᠲᠣᠬᠢᠶᠠᠯ ᠪᠣᠯᠭᠠᠵᠤ᠂ ᠰᠦᠯᠵᠢᠶᠡᠵᠢᠭᠰᠡᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ | ᠭᠤᠷᠪᠠᠨ ᠬᠤᠲᠠ ᠶᠢ ᠵᠡᠷᠭᠡᠪᠡᠷ ᠡᠭᠦᠳᠦᠨ ᠪᠠᠶᠢᠭᠤᠯᠬᠤ︾ ᠶᠢ ᠯᠠᠪᠳᠠᠭᠤᠨ ᠪᠠᠲᠤᠲᠠᠶ ᠠᠬᠢᠭᠤᠯᠪᠠ᠃ ᠠᠭᠠᠷ ᠲᠠᠬᠢ ︽ | ᠠᠭᠠᠯᠵᠢ ᠶᠢᠨ ᠲᠣᠣᠷ︾᠂ ᠬᠤᠭᠤᠯᠠᠨ ᠭᠡᠷ ᠤᠨ ᠬᠤᠭ ᠨᠣᠪᠰᠢ ᠵᠡᠷᠭᠡ 31 ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤᠨ ᠤ ᠴᠢᠨᠠᠷ ᠳᠡᠰ ᠦᠷᠭᠦᠯᠵᠢᠯᠡᠨ ᠳᠡᠭᠡᠭᠰᠢᠯᠡᠪᠡ᠃ | ᠪᠠᠷᠠᠭᠤᠨ ᠶᠡᠭᠡ ᠬᠥᠭᠦᠷᠭᠡ᠂ ᠡᠮᠦᠨ᠎ᠡ ᠶᠡᠭᠡ ᠬᠥᠭᠦᠷᠭᠡ ᠶᠢ ᠦᠷᠭᠦᠯᠵᠢᠯᠡᠨ ᠪᠠᠶᠢᠭᠤᠯᠬᠤ ᠪᠠ ᠱᠧᠩ ᠯᠢ ᠵᠠᠮ ᠢ | ᠰᠠᠶᠢᠵᠢᠷᠠᠭᠤᠯᠣᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠬᠤᠳᠠ ᠶᠢᠨ ᠶᠠᠪᠤᠳᠠᠯ ᠤᠨ ᠢᠨᠵᠧᠨᠧᠷᠢᠩ ᠢ ᠪᠡᠶᠡᠯᠡᠭᠦᠯᠵᠦ | ᠂ ᠰᠢᠨ ᠬᠤᠸᠠ ᠪᠠᠷᠠᠭᠤᠨ ᠵᠡᠭᠡᠯᠢ ᠶᠢᠨ ᠤᠰᠤ ᠭᠠᠳᠠᠭᠰᠢᠯᠠᠭᠤᠯᠬᠤ ᠬᠤᠭᠤᠯᠠᠶ ᠲᠣᠣᠷ ᠪᠣᠯᠣᠨ 3 ᠲᠡᠷᠭᠡᠨ | ᠵᠣᠭᠰᠣᠭᠠᠯ ᠢ ᠰᠢᠨ᠎ᠡ ᠪᠠᠷ ᠪᠠᠶᠢᠭᠤᠯᠵᠣ᠂ ᠬᠤᠲᠠ ᠪᠠᠯᠭᠠᠰᠤᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠪᠡ᠃ ︽ᠵᠣᠷᠯᠣᠩ ᠤᠨ ᠬᠤᠪᠢᠰᠬᠠᠯ︾ ᠢ ᠶᠡᠬᠡᠪᠡᠷ ᠠᠬᠢᠭᠤᠯᠵᠤ᠂ ᠬᠤᠲᠠ ᠶᠢᠨ ᠲᠣᠭᠤᠷᠢᠭ | ᠤᠨ ᠣᠰᠣᠨ ᠲᠠᠲᠠᠭᠤᠷᠲᠣ ᠨᠡᠶᠢᠲᠡ ᠶᠢᠨ ᠵᠣᠷᠯᠣᠩ 46 ᠪᠣᠯᠪᠠ᠃ ᠨᠠᠨᠱᠠᠨ ᠲᠠᠯᠠᠪᠠᠢ᠂ ᠵᠡᠭᠦᠨ ᠬᠤᠶᠠᠳᠤᠭᠠᠷ | ᠵᠡᠭᠡᠯᠢ ᠶᠢᠨ ᠵᠡᠭᠦᠨ ᠬᠡᠰᠡᠭ ᠤᠨ ᠨᠣᠭᠤᠭᠠᠷᠠᠭᠤᠯᠤᠯᠲᠠ ᠵᠢᠴᠢ ᠾᠧ ᠱᠧᠩ ᠵᠠᠮ ᠤᠨ ᠥᠭᠡᠳᠡ ᠬᠡᠰᠡᠭ ᠢ ᠴᠡᠭᠴᠡᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ | ᠬᠤᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠣ᠂ | ︽ᠵᠠᠮ ᠤᠨ ᠳᠠᠷᠤᠭ᠎ᠠ︾ ᠶᠢᠨ ᠦᠢᠯᠡᠳᠦᠯ ᠡᠳᠦᠷ ᠢᠷᠡᠬᠦᠶ᠎ᠡ ᠢᠯᠡᠷᠬᠡᠢ ᠪᠣᠯᠵᠤ᠂ ᠣᠷᠣᠰᠢᠨ ᠰᠠᠭᠤᠬᠤ ᠪᠠ | ᠠᠵᠢᠯᠯᠠᠬᠤ ᠳᠤ ᠲᠣᠬᠢᠷᠠᠮᠵᠢᠲᠠᠶ ᠬᠢᠷᠢ ᠲᠦᠪᠰᠢᠨ ᠢᠯᠡᠳᠲᠡ ᠳᠡᠭᠡᠭᠰᠢᠯᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠠᠶᠢᠨ ᠡᠬᠢᠯᠡᠯᠲᠡ ᠲᠠᠢ ᠪᠣᠯᠪᠠ᠃ ᠤᠷᠢᠳᠠᠪᠠᠷ | ᠲᠥᠯᠥᠪᠵᠢᠭᠦᠯᠬᠦ ᠶᠢ ᠪᠠᠷᠢᠮᠲᠠᠯᠠᠵᠤ᠂ ︽ᠬᠤᠷᠢᠨᠭᠡᠷ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ ︵2018 — 2020 ᠣᠨ︶︾ ᠶᠢ ᠭᠠᠷᠳᠠᠨ ᠨᠠᠶᠢᠷᠠᠭᠤᠯᠣᠨ | ᠵᠣᠬᠢᠶᠠᠵᠤ᠂ ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠶᠢᠷᠠᠭᠤᠯᠣᠨ ᠵᠣᠬᠢᠶᠠᠵᠤ ᠳᠠᠭᠤᠰᠬᠠᠪᠠ᠃ | ᠴᠣᠷᠵᠢ ᠶᠢᠨ ᠠᠶᠢᠯ ᠵᠡᠷᠭᠡ 12 ᠲᠤᠷᠰᠢᠯᠲᠠ ᠶᠢᠨ ᠲᠣᠰᠬᠤᠨ ᠢ ᠪᠥᠬᠦ ᠬᠦᠴᠦᠨ ᠢᠶᠠᠷ ᠢᠶᠠᠨ ᠪᠠᠶᠢᠭᠤᠯᠵᠣ᠂ | ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠦᠷᠲᠡᠭᠡ 12 ᠶᠢ ᠪᠠᠶᠢᠭᠤᠯᠵᠣ᠂ 22 ᠣᠰᠣᠨ ᠲᠠᠲᠠᠭᠤᠷᠲᠣ | ᠨᠡᠶᠢᠲᠡ ᠶᠢᠨ ᠵᠣᠷᠯᠣᠩ ᠢ ᠪᠠᠶᠢᠭᠤᠯᠣᠨ ᠳᠠᠭᠤᠰᠬᠠᠵᠣ᠂ ᠬᠥᠳᠡᠭᠡ ᠲᠣᠰᠬᠤᠨ ᠤ 357 ᠵᠣᠷᠯᠣᠩ ᠤᠨ | ᠥᠭᠡᠷᠡᠴᠢᠯᠡᠯᠲᠡ ᠶᠢ ᠪᠡᠶᠡᠯᠡᠭᠦᠯᠪᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ | ᠣᠷᠣᠭᠤᠯᠤᠨ ᠠᠪᠴᠢᠷᠠᠵᠤ ᠳᠡᠯᠭᠡᠷᠡᠭᠦᠯᠪᠡ᠃ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠬᠤᠭ ᠨᠣᠪᠰᠢ ᠶᠢ ᠲᠥᠪᠯᠡᠷᠡᠭᠦᠯᠦᠨ ᠢᠯᠭᠠᠷᠠᠭᠤᠯᠬᠤ ︽ᠵᠠᠭᠤᠨ ᠡᠳᠦᠷ ᠤᠨ | ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠪᠣᠯᠤᠨ ︽ᠭᠤᠶᠤ ᠰᠠᠶᠢᠬᠠᠨ ᠬᠦᠷᠢᠶ᠎ᠡ ᠬᠠᠰᠢᠶ᠎ᠠ︾ ᠶᠢ ᠡᠭᠦᠳᠦᠨ | ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠤ ︽ᠪᠤᠵᠠᠷ ᠰᠠᠮᠠᠭᠤᠨ ᠮᠠᠭᠤ︾ ᠪᠠᠶᠢᠳᠠᠯ ᠢ | ᠰᠠᠶᠢᠵᠢᠷᠠᠭᠤᠯᠪᠠ᠃ ᠲᠠᠷᠢᠶᠠᠯᠠᠩ ᠤᠨ ᠣᠰᠣᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠤᠰᠤᠨ ᠤ ᠴᠢᠨᠠᠷ ᠢ ᠬᠢᠨᠠᠨ ᠬᠡᠮᠵᠢᠬᠦ ᠲᠥᠪ ᠢ ᠵᠢᠩᠬᠢᠨᠢ ᠪᠠᠷ | ᠠᠵᠢᠯᠯᠠᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠨᠠᠩ ᠪᠠᠲᠤᠯᠠᠭ᠎ᠠ ᠲᠠᠢ | ᠪᠣᠯᠭᠠᠪᠠ᠃ ᠲᠠᠷᠢᠶᠠᠨ ᠭᠠᠵᠠᠷ ᠤᠨ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠵᠤ᠂ 3686 ᠮᠦ ᠲᠠᠷᠢᠶᠠᠨ | ᠭᠠᠵᠠᠷ ᠤᠨ ᠲᠠᠯᠠᠪᠠᠢ ᠰᠢᠨ᠎ᠡ ᠪᠠᠷ ᠨᠡᠮᠡᠭᠳᠡᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ | ᠲᠦᠷᠭᠡᠳᠴᠦ᠂ ᠬᠤᠷᠢᠨᠭᠡᠷ — ᠶᠠᠩ ᠴᠢᠶᠦ᠋ᠨ ᠭᠸᠦ — ᠬᠤᠭᠤᠯᠠᠢ ᠶᠢᠨ ᠭᠤᠤ ᠶᠢᠨ ᠬᠤᠪᠢᠰᠬᠠᠯ ᠤᠨ | ᠵᠢᠭᠤᠯᠴᠢᠯᠠᠯ ᠤᠨ ᠵᠠᠰᠠᠮᠠᠯ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ︽ᠳᠥᠷᠪᠡᠨ ᠰᠠᠶᠢᠨᠲᠠᠶ ᠬᠥᠳᠡᠭᠡ | ᠲᠣᠰᠬᠤᠨ ᠤ ᠵᠠᠮ︾ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 70 | ᠺᠢᠯᠣᠮᠧᠲᠷ ᠰᠡᠯᠪᠢᠨ ᠵᠠᠰᠠᠵᠤ ᠥᠭᠡᠷᠡᠴᠢᠯᠡᠨ ᠵᠠᠰᠠᠪᠠ᠃ ᠬᠥᠳᠡᠭᠡ ᠲᠣᠰᠬᠤᠨ ᠤ ᠴᠠᠬᠢᠯᠭᠠᠨ ᠬᠦᠴᠦ᠂ ᠮᠡᠳᠡᠭᠡ | ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠢᠯᠡᠳᠲᠡ ᠴᠢᠩᠭᠠᠷᠠᠪᠠ᠃ | ︵ᠳᠥᠷᠪᠡ︶ ᠠᠮᠢᠵᠢᠷᠠᠯ ᠤᠨ ᠬᠦᠴᠦᠨ ᠪᠦᠬᠦᠢ ᠬᠤᠷᠢᠨᠭᠡᠷ ᠶᠢ ᠪᠦᠲᠦᠭᠡᠨ ᠪᠠᠶᠢᠭᠤᠯᠬᠤ ᠪᠠᠷ ᠭᠤᠣᠯ ᠰᠢᠵᠢᠮ | ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠪᠠ᠃ ᠤᠯᠤᠰ ᠤᠨ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠡᠭᠦᠷᠭᠡ ᠶᠢᠨ ᠲᠤᠷᠰᠢᠯᠭ᠎ᠠ ᠶᠢᠨ ᠳ᠋ᠦᠩᠨᠡᠯᠲᠡ ᠶᠢ ᠪᠡᠶᠡᠯᠡᠭᠦᠯᠵᠦ᠂ ᠲᠤᠷᠰᠢᠯᠲᠠ ᠶᠢᠨ ᠠᠵᠢᠯ ᠤᠨ ᠳ᠋ᠦᠩᠨᠡᠯᠲᠡ ᠵᠢᠴᠢ 5 | ᠲᠤᠰᠬᠠᠶ ᠰᠡᠳᠦᠪ ᠤᠨ ᠮᠡᠳᠡᠭᠦᠯᠦᠯᠲᠡ ᠶᠢ ᠪᠦᠷᠢᠯᠳᠦᠭᠦᠯᠪᠡ᠃ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠤᠷᠤᠭᠰᠢᠲᠠᠶ ᠶᠠᠪᠤᠭᠳᠠᠪᠠ᠃ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ 8 ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠫᠠᠶᠢᠰᠠ ᠡᠯᠭᠦᠨ ᠪᠠᠶᠢᠭᠤᠯᠤᠭᠳᠠᠪᠠ᠃ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠲᠣᠯᠣᠭᠠᠶᠢᠯᠠᠭᠴᠢ | ᠠᠵᠤ ᠠᠬᠤᠶᠢᠯᠠᠯ ᠬᠢᠭᠡᠳ ᠲᠠᠷᠢᠶᠠᠴᠢᠳ ᠤᠨ ᠠᠰᠢᠭ ᠲᠤᠰᠠ ᠬᠤᠯᠪᠣᠭᠠᠯᠠᠭᠰᠠᠨ ᠲᠣᠭᠲᠠᠴᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠪᠠ᠃ ᠬᠦᠴᠦ ᠶᠠᠪᠣᠭᠴᠢ ᠮᠠᠯᠴᠢᠨ ᠲᠠᠷᠢᠶᠠᠴᠢᠨ ᠤ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠪᠠ ᠬᠥᠳᠡᠭᠡ ᠲᠣᠰᠬᠤᠨ ᠤ ᠠᠵᠤ ᠦᠢᠯᠡᠰ ᠢ | ᠠᠭᠤᠰᠣᠯᠴᠠᠭᠤᠯᠣᠨ ᠬᠥᠭᠵᠢᠭᠦᠯᠬᠦ ᠲᠤᠷᠰᠢᠯᠲᠠ ᠶᠢᠨ ᠴᠡᠭ ᠤᠨ ᠡᠮᠬᠢ ᠵᠢᠷᠤᠮ ᠲᠠᠢ ᠪᠠᠷ ᠶᠠᠪᠣᠭᠳᠠᠬᠤ ᠶᠢ ᠳᠡᠮᠵᠢᠪᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠤᠷᠰᠢᠯᠲᠠ ᠨᠢ ᠣᠷᠣᠨ ᠪᠦᠰᠡ ᠶᠢᠨ ᠬᠤᠯᠪᠣᠯᠳᠤᠨ ᠬᠥᠭᠵᠢᠬᠦ | ᠰᠢᠨ᠎ᠡ ᠵᠠᠭᠪᠣᠷ ᠢ ᠪᠦᠷᠢᠯᠳᠦᠭᠦᠯᠪᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠪᠠᠶᠢᠭᠤᠯᠣᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ︽ᠬᠤᠷᠢᠨᠭᠡᠷ ᠰᠢᠶᠠᠨ ᠤ ᠪᠠᠶᠢᠭᠠᠯᠢ ᠶᠢᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠨᠠᠶᠢᠷᠠᠭᠤᠯᠣᠨ ᠵᠣᠬᠢᠶᠠᠪᠠ᠃ ᠬᠤᠳᠠᠯᠳᠤᠭᠠᠨ ᠤ | ᠶᠠᠪᠤᠳᠠᠯ ᠤᠨ ᠳᠦᠷᠢᠮ᠂ ︽ᠬᠤᠶᠠᠷ ᠢ ᠰᠣᠭᠤᠴᠢᠵᠣ ᠨᠢᠭᠡ ᠶᠢ ᠢᠯᠠ ᠪᠣᠯᠭᠠᠬᠤ︾᠂ ᠰᠢᠶᠠᠨ ᠤ ᠬᠡᠪᠴᠢᠶᠡᠨ ᠤ | ᠮᠥᠩᠭᠦᠨ ᠭᠦᠢᠯᠭᠡᠭᠡᠨ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠯᠠᠪᠳᠠᠭᠤᠨ ᠢᠶᠠᠷ | ᠥᠷᠨᠢᠭᠦᠯᠵᠦ᠂ ᠲᠠᠷᠢᠶᠠᠯᠠᠩ ᠤᠨ ᠢᠲᠡᠭᠡᠮᠵᠢ ᠶᠢᠨ ᠬᠤᠷᠰᠢᠶ᠎ᠠ ᠳᠦᠷᠢᠮ ᠢᠶᠠᠨ ᠥᠭᠡᠷᠡᠴᠢᠯᠡᠨ ᠲᠠᠷᠢᠶᠠᠯᠠᠩ ᠤᠨ | ᠬᠤᠳᠠᠯᠳᠤᠭᠠᠨ ᠤ ᠪᠠᠩᠬᠢ ᠪᠣᠯᠬᠤ᠂ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ᠂ | ᠬᠥᠳᠡᠭᠡ ᠲᠣᠰᠬᠤᠨ ᠤ ᠤᠰᠤᠨ ᠤ ᠦᠨ᠎ᠡ ᠶᠢᠨ ᠳᠦᠷᠢᠮ ᠤᠨ ᠥᠭᠡᠷᠡᠴᠢᠯᠡᠯᠲᠡ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠥᠭᠡᠷᠡᠴᠢᠯᠡᠯᠲᠡ ᠶᠢ ᠤᠷᠤᠭᠰᠢᠲᠠᠶ ᠬᠡᠷᠡᠭᠵᠢᠭᠦᠯᠪᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠦᠷ᠎ᠡ ᠪᠦᠲᠦᠭᠡᠯ ᠡᠯᠪᠡᠭ ᠳᠡᠯᠪᠡᠭ ᠪᠠᠶᠢᠪᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠭᠤᠷᠪᠠᠳᠤᠭᠠᠷ ᠲᠡᠰ ᠤᠨ | ᠱᠠᠩᠨᠠᠯ ᠢ 3 ᠬᠦᠷᠲᠡᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 9 ᠰᠢᠨ᠎ᠡ ᠪᠠᠷ | ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ᠂ ᠬᠤᠲᠠ ᠶᠢᠨ ᠳᠡᠰ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠲᠠᠪᠴᠠᠩ ᠤᠨ ᠠᠴᠢᠶᠠᠯᠠᠪᠤᠷᠢ ᠶᠢ 6 ᠰᠢᠨ᠎ᠡ ᠪᠠᠷ ᠨᠡᠮᠡᠭᠳᠡᠭᠦᠯᠪᠡ᠃ ᠨᠡᠶᠢᠲᠡ 368 ᠬᠤᠪᠢ | ᠲᠤᠰᠬᠠᠶ ᠠᠰᠢᠭ ᠭᠤᠶᠤᠴᠢᠯᠠᠵᠤ᠂ 237 ᠬᠤᠪᠢ ᠡᠷᠬᠡ ᠣᠯᠭᠤᠭᠰᠠᠨ ᠲᠤᠰᠬᠠᠶ ᠠᠰᠢᠭ ᠣᠯᠪᠠ᠃ ᠠᠵᠤ | ᠠᠬᠤᠶᠢᠯᠠᠯ ᠤᠨ ᠶᠡᠷᠦᠩᠬᠡᠶ ᠬᠡᠯᠲᠡᠰ᠂ ᠡᠭᠦᠳᠦᠭᠴᠢ ᠴᠣᠭᠴᠠᠯᠠᠭᠴᠢ ᠶᠢᠨ ᠲᠥᠪ ᠤᠨ ᠣᠷᠣᠵᠤ ᠰᠠᠭᠤᠭᠰᠠᠨ ᠨᠢᠭᠡᠴᠡ | 200 ᠭᠠᠷᠤᠶ ᠪᠠᠶᠢᠵᠤ᠂ ᠮᠢᠺᠷᠣᠰᠣᠹᠲ ᠵᠣᠬᠢᠶᠠᠮᠠᠯ ᠣᠶᠣᠨᠲᠣ ᠶᠢᠨ ᠬᠡᠷᠡᠭᠯᠡᠭᠡᠨ ᠤ ᠨᠡᠪᠴᠢᠭᠦᠯᠬᠦ ᠰᠠᠭᠤᠷᠢᠨ ᠭᠠᠵᠠᠷ | ᠲᠤ 15 ᠠᠵᠤ ᠠᠬᠤᠶᠢᠯᠠᠯ ᠰᠠᠭᠤᠷᠢᠰᠢᠵᠣ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠢ 4 ᠪᠠᠶᠢᠭᠤᠯᠵᠣ᠂ ᠵᠠᠩ | ᠶᠦᠩ ᠮᠢᠨ ᠠᠺᠠᠳᠧᠮᠢᠴᠢ ᠶᠢᠨ ᠹᠦᠯᠧᠷ ᠠᠯᠺᠧᠨ ᠰᠤᠳᠤᠯᠭᠠᠨ ᠤ ᠲᠥᠪ ᠪᠣᠯᠤᠨ ᠮᠧᠩ ᠱᠣ᠋ ᠣᠢ ᠰᠢᠭᠤᠶ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ | ᠫᠠᠶᠢᠰᠠ ᠡᠯᠭᠦᠨ ᠪᠠᠶᠢᠭᠤᠯᠤᠭᠳᠠᠪᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ ᠨᠢ | ᠰᠢᠨ᠎ᠡ ᠦᠷ᠎ᠡ ᠪᠦᠲᠦᠭᠡᠯ ᠣᠯᠵᠤ᠂ ᠶᠦᠨ ᠺᠧ ᠲᠤᠭ᠎ᠠ ᠪᠠᠷᠢᠮᠲᠠ ᠰᠢᠨ᠎ᠡ ᠭᠤᠷᠪᠠᠳᠤᠭᠠᠷ ᠰᠠᠮᠪᠠᠷ᠎ᠠ ᠳᠤ ᠫᠠᠶᠢᠰᠠ | ᠡᠯᠭᠦᠵᠦ᠂ ᠰᠠᠢ ᠺᠧ ᠰᠢᠩ ᠵᠡᠷᠭᠡ 3 ᠠᠵᠤ ᠠᠬᠤᠶᠢᠯᠠᠯ ᠶᠠᠭ ᠰᠠᠮᠪᠠᠷ᠎ᠠ ᠰᠢᠯᠵᠢᠨ ᠵᠠᠬ᠎ᠠ ᠳᠡᠯᠭᠡᠭᠦᠷ ᠲᠤ ᠭᠠᠷᠬᠤ ᠪᠠᠷ | ᠴᠢᠷᠮᠠᠶᠢᠵᠤ᠂ ᠪᠦᠬᠦ ᠰᠢᠶᠠᠨ ᠤ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ 22 ᠪᠣᠯᠪᠠ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ | ᠤᠯᠤᠰ ᠠᠴᠠ ᠲᠡᠳᠬᠦᠨ ᠳᠡᠮᠵᠢᠬᠦ 6 ᠲᠥᠷᠥᠯ ᠵᠦᠢᠯ᠂ ᠨᠡᠶᠢᠲᠡ 1.24 ᠳ᠋ᠦᠩᠰᠢᠭᠤᠷ ᠲᠥᠭᠦᠷᠢᠭ ᠴᠢᠷᠮᠠᠶᠢᠨ | ᠣᠯᠪᠠ᠃ ᠪᠦᠬᠦ ᠬᠤᠲᠠ ᠶᠢᠨ ᠵᠣᠬᠢᠶᠠᠨ ᠪᠠᠶᠢᠭᠤᠯᠣᠭᠰᠠᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ | ᠲᠠᠨᠢᠯᠴᠠᠭᠤᠯᠭ᠎ᠠ ᠶᠢᠨ ᠬᠤᠷᠠᠯ ᠳᠤ ᠤᠯᠠᠨ ᠤᠳᠠᠭ᠎ᠠ ᠣᠷᠣᠯᠴᠠᠵᠤ᠂ ᠰᠢᠶᠠᠨ ᠤ ᠤᠳᠤᠷᠢᠳᠤᠯᠭ᠎ᠠ ᠪᠦᠯᠬᠦᠮ | ᠳᠠᠭᠠᠭᠤᠯᠤᠨ ᠪᠡᠭᠡᠵᠢᠩ᠂ ᠱᠠᠩᠬᠠᠢ᠂ ᠵᠧᠵᠢᠶᠠᠩ᠂ ᠱᠠᠨᠳᠦ᠋ᠩ᠂ ᠱᠧᠨᠶᠠᠩ ᠵᠡᠷᠭᠡ ᠭᠠᠵᠠᠷ ᠲᠤ ᠬᠦᠷᠴᠦ ᠠᠵᠤ | ᠠᠬᠤᠶᠢᠯᠠᠯ ᠤᠨ ᠲᠥᠷᠥᠯ ᠵᠦᠢᠯ ᠢ ᠵᠣᠯᠭᠠᠭᠤᠯᠵᠤ᠂ ᠨᠡᠶᠢᠲᠡ 58 ᠲᠥᠷᠥᠯ ᠵᠦᠢᠯ 35.37 ᠳ᠋ᠦᠩᠰᠢᠭᠤᠷ | ᠲᠦᠭᠦᠷᠢᠭ ᠤᠨ ᠪᠡᠯᠡ ᠲᠠᠲᠠᠨ ᠣᠷᠣᠭᠤᠯᠪᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ | ᠪᠣᠳᠣᠯᠭ᠎ᠠ ᠶᠢ ᠢᠳᠡᠪᠬᠢᠲᠡᠶ ᠪᠠᠷ ᠪᠡᠶᠡᠯᠡᠭᠦᠯᠵᠦ᠂ ᠲᠤᠰᠬᠠᠶ ᠪᠠᠯᠠ ᠮᠥᠩᠭᠦ ᠲᠣᠬᠢᠷᠠᠭᠤᠯᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ | ᠪᠣᠯᠣᠨ ᠠᠰᠠᠭᠤᠳᠠᠯ ᠢ ᠬᠠᠪᠰᠤᠷᠤᠨ ᠰᠢᠢᠳᠪᠦᠷᠢᠯᠡᠪᠡ᠃ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠦᠷᠭᠦᠯᠵᠢᠯᠡᠨ | ᠰᠢᠯᠢᠳᠡᠭᠵᠢᠵᠦ᠂ ᠮᠧᠩ ᠼᠤᠤ᠂ ᠾᠧ ᠱᠧᠩ ᠤᠢ ᠰᠢᠭᠤᠢ ᠶᠢ ᠪᠣᠶᠢᠵᠢᠭᠤᠯᠬᠤ᠂ ᠰᠢᠶᠠᠨ ᠬᠤᠩ ᠰᠢᠨᠵᠢᠯᠡᠬᠦ | ᠤᠬᠠᠭᠠᠨ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢᠶᠠᠷ ᠦᠨᠡᠯᠡᠭᠳᠡᠪᠡ᠃ | ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠤᠯᠠᠮ ᠢᠶᠠᠷ ᠨᠡᠮᠡᠭᠳᠡᠪᠡ᠃ ᠮᠧᠩ | ᠨᠢᠤ ᠪᠦᠯᠦᠭᠯᠡᠯ ᠰᠢᠨ᠎ᠡ ᠽᠧᠯᠡᠨᠳ᠋᠂ ᠢᠨᠳᠣᠨᠧᠰᠢᠶ᠎ᠠ ᠵᠡᠷᠭᠡ ᠤᠯᠤᠰ ᠲᠤ ᠪᠡᠯᠡ ᠣᠷᠣᠭᠤᠯᠤᠨ ᠦᠢᠯᠡᠳᠪᠦᠷᠢ | ᠪᠠᠶᠢᠭᠤᠯᠵᠤ᠂ ᠵᠡᠭᠦᠨ ᠡᠮᠦᠨᠡᠲᠦ ᠠᠽᠢᠶ᠎ᠠ ᠳᠤ ᠴᠠᠭᠠᠨ ᠢᠳᠡᠭᠡᠨ ᠦᠢᠯᠡᠳᠪᠦᠷᠢᠯᠡᠬᠦ ᠰᠠᠭᠤᠷᠢᠨ ᠭᠠᠵᠠᠷ ᠪᠠᠶᠢᠭᠤᠯᠤᠭᠰᠠᠨ | ᠠᠩᠬᠠᠳᠠᠭᠴᠢ ᠳᠤᠮᠳᠠᠳᠤ ᠤᠯᠤᠰ ᠤᠨ ᠠᠵᠤ ᠠᠬᠤᠶᠢᠯᠠᠯ ᠪᠣᠯᠪᠠ᠃ ᠮᠧᠩ ᠶᠠᠩ ᠺᠣᠮᠫᠠᠨᠢ ᠮᠣᠩᠭᠤᠯ ᠤᠯᠤᠰ ᠤᠨ | ᠥᠪᠥᠷ ᠬᠠᠩᠭᠠᠶ ᠠᠶᠢᠮᠠᠭ ᠤᠨ ᠮᠠᠯ ᠠᠵᠤ ᠠᠬᠤᠶ ᠬᠥᠩᠭᠡᠨ ᠠᠵᠤ ᠦᠢᠯᠡᠳᠪᠦᠷᠢ ᠶᠢᠨ ᠠᠵᠤ ᠦᠢᠯᠡᠰ ᠤᠨ | ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠢ ᠪᠠᠯᠠ ᠣᠷᠣᠭᠤᠯᠤᠨ ᠪᠦᠲᠦᠭᠡᠨ ᠪᠠᠶᠢᠭᠤᠯᠵᠣ᠂ ᠴᠠᠩ ᠬᠤᠢ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠠᠯᠠ | ᠣᠷᠣᠭᠤᠯᠤᠭᠰᠠᠨ ᠦᠨᠡᠮᠯᠡᠯ ᠢ ᠣᠯᠵᠤ᠂ ᠭᠠᠳᠠᠭᠠᠳᠤ ᠠᠷᠠᠯᠵᠢᠶ᠎ᠠ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠪᠠ᠃ | ᠠᠮᠧᠷᠢᠺᠠ᠂ ᠭᠧᠷᠮᠠᠨ ᠤ ᠮᠠᠰᠢ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠵᠢᠴᠢ ᠲᠠᠶᠢᠸᠠᠨ᠂ ᠰᠢᠶᠠᠩᠭᠠᠩ ᠤᠨ | ᠠᠵᠤ ᠠᠬᠤᠶᠢᠯᠠᠯ ᠲᠠᠢ ᠢᠳᠡᠪᠬᠢᠲᠡᠶ ᠪᠠᠷ ᠲᠦᠷᠥᠯ ᠵᠦᠢᠯ ᠵᠣᠯᠭᠠᠭᠤᠯᠤᠨ ᠵᠥᠪᠳᠡᠯᠴᠡᠭᠰᠡᠨ ᠪᠥᠭᠡᠳ | ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ ᠪᠦᠬᠦ ᠤᠯᠤᠰ ᠤᠨ ᠳᠥᠷᠪᠡᠳᠦᠭᠡᠷ ᠤᠳᠠᠭᠠᠨ ᠤ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ ᠡᠭᠦᠷᠭᠡ ᠶᠢ ᠪᠡᠶᠡᠯᠡᠭᠦᠯᠵᠦ᠂ ᠪᠦᠬᠦ | ᠰᠢᠶᠠᠨ ᠤ ᠬᠠᠤᠯᠢ ᠶᠢᠨ ᠡᠷᠬᠡᠲᠡᠨ ᠤ ᠨᠢᠭᠡᠴᠡ ᠪᠣᠯᠣᠨ ᠠᠵᠤ ᠦᠢᠯᠡᠰ ᠤᠨ ᠠᠵᠢᠯᠯᠠᠭᠠᠨ ᠤ ᠨᠢᠭᠡᠴᠡ 2429᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 12300 ᠪᠣᠢ᠃ | ︵ᠲᠠᠪᠤ︶ ᠵᠣᠯ ᠵᠢᠷᠭᠠᠯᠲᠣ ᠬᠤᠷᠢᠨᠭᠡᠷ ᠢ ᠪᠦᠲᠦᠭᠡᠨ ᠪᠠᠶᠢᠭᠤᠯᠬᠤ ᠪᠠᠷ ᠲᠦᠰᠢᠭ ᠪᠣᠯᠭᠠᠵᠤ᠂ ᠠᠷᠠᠳ ᠤᠨ | ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠪᠠ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠴᠢᠩᠭᠠᠷᠠᠪᠠ᠃ ᠬᠦᠷᠢᠶᠡᠯᠡᠩ ᠲᠣᠭᠤᠷᠢᠭ ᠤᠨ ᠬᠡᠦᠬᠡᠳ | ᠤᠨ ᠴᠡᠴᠡᠷᠯᠢᠭ ᠠᠵᠢᠯ ᠳᠠᠭᠤᠰᠴᠤ ᠰᠢᠯᠭᠠᠨ ᠠᠪᠴᠣ᠂ ᠦᠨᠳᠦᠰᠦᠲᠡᠨ ᠤ ᠳᠤᠮᠳᠠᠳᠤ ᠰᠣᠷᠭᠠᠭᠤᠯᠢ ᠶᠢᠨ ᠠᠩᠬ᠎ᠠ | ᠳᠣᠮᠳᠠᠳᠣ ᠶᠢᠨ ᠪᠠᠶᠢᠷᠢ ᠶᠢᠨ ᠠᠰᠠᠷ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠣ᠂ ᠰᠢᠨ᠎ᠡ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ | ᠠᠵᠢᠯ ᠳᠠᠭᠤᠰᠪᠠ᠃ 2018 ᠣᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠳᠠᠬᠢᠨᠲᠠ | ᠰᠢᠯᠢᠳᠡᠭ ᠠᠮᠵᠢᠯᠲᠠ ᠣᠯᠵᠤ᠂ ᠰᠤᠷᠭᠠᠭᠤᠯᠢ ᠳᠠᠪᠰᠢᠭᠰᠠᠨ ᠨᠣᠷᠮ᠎ᠠ ᠪᠥᠬᠦ ᠬᠤᠲᠠ ᠶᠢᠨ 5 ᠲᠠᠷᠢᠶᠠᠯᠠᠩ ᠤᠨ | ᠬᠤᠰᠢᠭᠤ ᠰᠢᠶᠠᠨ ᠳᠤ ᠲᠡᠷᠢᠭᠦᠯᠡᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠨᠡᠶᠢᠲᠡ ᠶᠢᠨ | ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠵᠠᠮ ᠢᠶᠠᠷ ᠡᠷᠡᠭᠦᠯ ᠢᠶᠠᠷ ᠬᠥᠭᠵᠢᠵᠦ᠂ ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ ᠰᠤᠷᠭᠠᠨ ᠬᠥᠮᠦᠵᠢᠯ ᠢ | ᠯᠠᠪᠳᠠᠭᠤᠨ ᠢᠶᠠᠷ ᠵᠣᠬᠢᠴᠠᠩᠭᠤᠶ ᠬᠥᠭᠵᠢᠭᠦᠯᠪᠡ᠃ ᠬᠥᠯ ᠪᠥᠮᠪᠦᠭᠡ ᠶᠢᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ | ᠳᠥᠷᠪᠡᠳᠦᠭᠡᠷ ᠬᠤᠭᠤᠴᠠᠭᠠᠨ ᠤ ᠢᠷᠡᠭᠡᠳᠦᠢ ᠬᠤᠨᠳᠠᠭᠠᠲᠤ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠤᠷᠣᠯᠳᠣᠭᠠᠨ ᠢ ᠠᠮᠵᠢᠯᠲᠠ ᠲᠠᠢ ᠡᠷᠬᠢᠯᠡᠵᠦ᠂ ᠬᠤᠶᠠᠷ | ᠰᠤᠷᠭᠠᠭᠤᠯᠢ ᠤᠯᠤᠰ ᠤᠨ ᠲᠠᠰ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠣᠯᠵᠤ ᠲᠠᠰ ᠳᠡᠪᠰᠢᠪᠡ᠃ | ᠵᠢᠭᠤᠯᠴᠢᠯᠠᠯ ᠰᠣᠶᠣᠯ ᠤᠨ ᠦᠢᠯᠡᠰ ᠥᠷᠨᠢᠩᠭᠦᠶ ᠬᠥᠭᠵᠢᠪᠡ᠃ ᠶᠢᠰᠦᠳᠦᠭᠡᠷ ᠬᠤᠭᠤᠴᠠᠭᠠᠨ ᠤ ᠴᠠᠨ᠎ᠠ | ᠴᠡᠴᠡᠭ ᠤᠨ ᠨᠠᠶᠢᠷ᠂ ᠳᠥᠷᠪᠡᠳᠦᠭᠡᠷ ᠬᠤᠭᠤᠴᠠᠭᠠᠨ ᠤ ᠳᠠᠶᠢᠴᠢᠳ ᠤᠨ ᠭᠦᠢᠯᠡᠰᠦᠨ ᠴᠡᠴᠡᠭ ᠤᠨ ᠨᠠᠶᠢᠷ ᠵᠢᠴᠢ ︽ | ᠬᠤᠷᠢᠨᠭᠡᠷ · ᠳᠤᠮᠳᠠᠳᠤ ᠤᠯᠤᠰ ᠤᠨ ᠣᠨ︾ ᠤ ᠮᠥᠰᠥ ᠴᠠᠰᠤᠨ ᠤ ᠨᠠᠶᠢᠷ᠂ ᠳ᠋ᠧᠩ ᠤᠨ ᠭᠡᠷᠡᠯᠲᠦᠭᠦᠯᠭᠡ ᠶᠢᠨ | ᠦᠵᠡᠭᠦᠯᠭᠡ ᠵᠡᠷᠭᠡ ᠵᠢᠭᠤᠯᠴᠢᠯᠠᠯ ᠤᠨ ᠪᠠᠶᠠᠷ ᠨᠠᠶᠢᠷ ᠤᠨ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ︽ | ᠬᠤᠷᠢᠨᠭᠡᠷ ᠰᠢᠶᠠᠨ ᠤ ᠬᠠᠮ ᠵᠢᠭᠤᠯᠴᠢᠯᠠᠯ ᠤᠨ ᠬᠥᠭᠵᠢᠯᠲᠡ ᠶᠢᠨ ᠲᠦᠯᠦᠪᠵᠢᠭᠦᠯᠭᠡ︾ ᠨᠢ ᠡᠴᠦᠰ ᠤᠨ ᠬᠢᠨᠠᠯᠲᠠ ᠶᠢ | ᠦᠩᠭᠡᠷᠡᠵᠦ᠂ ︽ᠤᠯᠤᠰ ᠤᠨ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠣᠣ ᠸᠧᠢ ᠶᠢᠨ ᠮᠧᠩ ᠶᠤᠸᠠᠨ ᠠᠳᠣᠭᠤᠨ ᠰᠣᠶᠣᠯ ᠤᠨ ᠠᠮᠢ ᠠᠬᠤᠢ ᠶᠢᠨ | ᠵᠢᠭᠤᠯᠴᠢᠯᠠᠯ ᠤᠨ ᠣᠷᠣᠨ᠂ ᠮᠧᠩ ᠱᠣ᠋ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠨᠢ | ᠲᠤᠰ ᠲᠤᠰ ᠤᠯᠤᠰ ᠤᠨ 4A ᠪᠠ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ | ᠵᠥᠪᠰᠢᠶᠡᠷᠡᠭᠳᠡᠵᠦ᠂ ᠳᠠᠶᠢᠴᠢᠳ ᠨᠢ ᠪᠦᠬᠦ ᠤᠯᠤᠰ ᠤᠨ ︽ᠲᠠᠪᠢᠨ ᠰᠢᠯᠢᠳᠡᠭ︾ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠪᠣᠯᠵᠤ᠂ ︽ᠨᠢᠭᠡ ᠴᠥᠮ᠎ᠡ ᠬᠤᠶᠠᠷ ᠵᠢᠭᠦᠷ ᠤᠯᠠᠨ ᠱᠤᠭᠤᠮ︾ ᠤᠨ ᠬᠠᠮ ᠵᠢᠭᠤᠯᠴᠢᠯᠠᠯ ᠤᠨ | ᠪᠠᠶᠢᠷᠢᠰᠢᠯ ᠡᠳᠦᠷ ᠢᠷᠡᠬᠦᠶ᠎ᠡ ᠲᠡᠭᠦᠯᠳᠡᠷᠵᠢᠪᠡ᠃ ᠶᠢᠰᠦᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠪᠠᠶᠠᠷ ᠤᠨ | ᠬᠤᠭᠤᠴᠠᠭᠠᠨ ᠳᠤ᠂ ︽ᠬᠠᠮᠤᠭ ᠤᠨ ᠶᠡᠭᠡ ᠬᠡᠪᠴᠢᠶᠡᠨ ᠤ ᠴᠠᠭᠠᠰᠤᠨ ᠬᠠᠶᠢᠴᠢᠯᠠᠮᠠᠯ︾ ᠪᠣᠯᠣᠨ ︽ᠬᠠᠮᠤᠭ ᠤᠨ | ᠤᠯᠠᠨ ᠮᠠᠰᠢᠨ ᠲᠡᠷᠭᠡ ᠪᠠᠷ ᠴᠠᠨ᠎ᠠ ᠴᠡᠴᠡᠭ ᠤᠨ ᠬᠡ ᠤᠭᠠᠯᠵᠠ ᠨᠡᠶᠢᠯᠡᠭᠦᠯᠦᠭᠰᠡᠨ︾ ᠠᠵᠢᠯᠯᠠᠭ᠎ᠠ ᠶᠢ ᠡᠷᠬᠢᠯᠡᠭᠰᠡᠨ | ᠪᠥᠭᠡᠳ ᠳᠡᠯᠡᠬᠡᠶ ᠶᠢᠨ ᠲᠡᠮᠳᠡᠭᠯᠡᠯ ᠢ ᠠᠮᠵᠢᠯᠲᠠ ᠲᠠᠢ ᠪᠠᠷ ᠳᠠᠪᠠᠪᠠ᠃ ᠤᠯᠤᠰ ᠤᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ | ᠰᠢᠶᠠᠨ ᠤ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠪᠠ᠃ ᠤᠯᠠᠭᠠᠨᠮᠥ᠋ᠴᠢᠷ ᠢ ᠰᠡᠷᠭᠦᠭᠡᠨ | ᠪᠠᠶᠢᠭᠤᠯᠣᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠲᠣᠭᠯᠠᠯᠲᠠ ᠶᠢᠨ | ᠲᠣᠭᠯᠠᠯᠲᠠ ᠳᠤ ᠣᠷᠣᠯᠴᠠᠪᠠ᠃ ᠪᠦᠬᠦ ᠠᠷᠠᠳ ᠤᠨ ᠤᠩᠰᠢᠯᠭ᠎ᠠ ᠭᠦᠨᠵᠡᠭᠡᠶᠢᠷᠡᠨ ᠠᠬᠢᠪᠠ᠃ ᠪᠣᠳᠠᠰ ᠤᠨ ᠪᠤᠰᠤ | ᠰᠣᠶᠣᠯ ᠤᠨ ᠤᠯᠠᠮᠵᠢᠯᠠᠨ ᠵᠠᠯᠭᠠᠮᠵᠢᠯᠠᠬᠤ ᠪᠠ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠶᠢ ᠴᠢᠩᠭᠠᠳᠬᠠᠵᠤ᠂ | ᠨᠢᠭᠡ ︽ᠭᠤᠯᠢᠷ ᠴᠢᠮᠬᠡᠭᠴᠢ︾ ᠤᠯᠠᠮᠵᠢᠯᠠᠭᠴᠢ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ | ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠤ᠂ ᠲᠤ ᠴᠧᠩ | ᠽᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠤᠲᠠ ᠶᠢᠨ ᠬᠡᠷᠡᠮ ᠤᠨ ᠠᠮᠤᠷ ᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯ ᠠᠴᠠ ᠪᠣᠯᠣᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ᠡᠷᠡᠭᠦᠯ ᠡᠩᠬᠡ ᠬᠤᠷᠢᠨᠭᠡᠷ ᠯᠠᠪᠳᠠᠭᠤᠨ ᠢᠶᠠᠷ ᠠᠬᠢᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠤᠨ ᠪᠠᠴᠢᠮ ᠪᠠᠶᠢᠳᠠᠯ ᠢ ᠠᠷᠭᠠᠴᠠᠭᠠᠬᠤ ᠵᠢᠷᠤᠮᠵᠢᠯ ᠤᠨ ᠰᠢᠶᠠᠨ᠂ ᠡᠷᠡᠭᠦᠯ ᠬᠠᠮᠠᠭᠠᠯᠠᠯ ᠤᠨ ᠬᠤᠲᠠ ᠪᠠᠯᠭᠠᠰᠤ᠂ | ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠰᠢᠶᠠᠨ ᠢ ᠰᠢᠯᠭᠠᠨ | ᠠᠪᠬᠤ ᠶᠢ ᠤᠷᠤᠭᠰᠢᠲᠠᠢ ᠥᠩᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ | ᠰᠢᠶᠠᠨ ᠢ ᠢᠳᠡᠪᠬᠢᠲᠡᠢ ᠡᠭᠦᠳᠦᠨ ᠪᠠᠶᠢᠭᠤᠯᠪᠠ᠃ ᠡᠮᠴᠢᠯᠡᠭᠡᠨ ᠤ ᠬᠤᠯᠪᠣᠭᠠᠲᠤ ᠬᠠᠮᠲᠤ ᠶᠢᠨ ᠴᠣᠭᠴᠠ ᠢᠯᠡᠳᠲᠡ | ᠦᠷ᠎ᠡ ᠪᠦᠲᠦᠮᠵᠢ ᠣᠯᠵᠤ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ 3ᠭᠤᠷᠪᠠᠳᠣᠭᠠᠷ ᠳᠡᠰ ᠤᠨ ᠡᠮᠨᠡᠯᠭᠡ ᠶᠢᠨ | ᠬᠤᠷᠢᠶ᠎ᠠ ᠲᠠᠢ ᠠᠳᠠᠯᠢ ᠪᠤᠰᠤ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠵᠣ᠂ 13 ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ ᠴᠣᠭᠴᠠ ᠪᠠᠶᠢᠭᠤᠯᠵᠣ᠂ ᠪᠦᠬᠦ | ᠬᠤᠲᠠ ᠶᠢᠨ ᠠᠩᠬᠠᠳᠠᠭᠴᠢ ᠠᠭᠠᠷ ᠳᠡᠭᠡᠷᠡᠬᠢ ᠠᠪᠤᠷᠠᠨ ᠲᠤᠰᠠᠯᠠᠯᠲᠠ ᠶᠢ ᠨᠡᠪᠲᠡᠷᠡᠭᠦᠯᠵᠡᠶ᠃ 142 | ᠪᠠᠷᠢᠮᠵᠢᠶᠠᠵᠢᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠣ᠂ ᠤᠯᠠᠨ ᠠᠷᠭ᠎ᠠ ᠵᠠᠮ ᠢᠶᠠᠷ | ᠡᠮᠴᠢᠯᠡᠭᠡᠨ ᠤ ᠮᠡᠷᠭᠡᠵᠢᠯ ᠤᠨ ᠠᠵᠢᠯᠲᠠᠨ ᠢ ᠲᠡᠭᠦᠯᠳᠡᠷᠵᠢᠭᠦᠯᠵᠦ᠂ ᠤᠯᠠᠨ ᠲᠦᠮᠡᠨ ᠤ ︽ᠡᠪᠡᠳᠴᠢᠨ ᠦᠵᠡᠭᠦᠯᠬᠦ ᠳᠤ | ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠪᠠ᠃ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠰ ᠤᠨ ᠬᠦᠭᠵᠢᠯᠲᠡ ᠰᠠᠶᠢᠨ ᠪᠠᠶᠢᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠲᠠᠰᠤᠷᠠᠯᠲᠠ | ᠥᠬᠡᠶ ᠴᠢᠩᠭᠠᠳᠬᠠᠵᠤ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ | ᠲᠣᠭᠤᠷᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ ᠤᠨ ᠵᠣᠬᠢᠶᠠᠨ ᠪᠠᠶᠢᠭᠤᠯᠣᠭᠰᠠᠨ ᠰᠦᠷᠢᠶ᠎ᠡ ᠡᠪᠡᠳᠴᠢᠨ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠠᠬᠤᠶ ᠲᠠᠯᠠᠪᠠᠢ ᠶᠢᠨ ᠰᠣᠷᠣᠯᠴᠠᠯᠭ᠎ᠠ ᠦᠵᠡᠭᠦᠯᠭᠡ ᠶᠢᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠣᠷᠢᠵᠢᠭᠤᠯᠵᠣ᠂ ᠡᠬᠡ ᠨᠢᠯᠬᠠᠰ ᠤᠨ ᠡᠷᠡᠭᠦᠯᠵᠢᠯ᠂ ᠡᠷᠡᠭᠦᠯ ᠬᠠᠮᠠᠭᠠᠯᠠᠯ ᠤᠨ ᠬᠢᠨᠠᠯᠲᠠ᠂ ᠡᠷᠡᠭᠦᠯ | ᠮᠡᠨᠳᠦ ᠶᠢᠨ ᠬᠥᠮᠦᠵᠢᠯ ᠵᠡᠷᠭᠡ ᠠᠵᠢᠯ ᠤᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠠᠵᠢᠯ ᠣᠯᠭᠤᠯᠲᠠ ᠶᠢᠨ ᠠᠵᠢᠯ | ᠯᠠᠪᠳᠠᠭᠤᠨ ᠢᠶᠠᠷ ᠠᠬᠢᠵᠤ᠂ ᠬᠤᠲᠠ ᠪᠠᠯᠭᠠᠰᠤᠨ ᠳᠤ 3077 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8 % ᠶᠢᠨ ᠳᠣᠲᠣᠷ᠎ᠠ ᠬᠢᠵᠠᠭᠠᠷᠯᠠᠵᠤ᠂ | ᠬᠥᠳᠡᠭᠡ ᠲᠣᠰᠬᠤᠨ ᠤ 5 ᠲᠦᠮᠡ ᠭᠠᠷᠤᠶ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠪᠠ᠃ ︽ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ︾ ᠤᠨ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ | ᠳᠠᠭᠠᠳᠬᠠᠯ ᠢ ᠦᠨᠳᠦᠰᠦᠨ ᠳᠤ ᠪᠠᠨ ᠪᠦᠬᠦᠨ ᠢ ᠬᠠᠮᠤᠷᠤᠭᠤᠯᠵᠤ᠂ ᠣᠨᠳᠣᠤ ᠭᠠᠵᠠᠷ ᠲᠤ ᠡᠮᠨᠡᠯᠭᠡ ᠳᠤ ᠰᠠᠭᠤᠵᠤ | ᠰᠢᠭᠤᠳ ᠲᠣᠭᠠᠴᠠᠭᠠᠯᠠᠬᠤ ᠶᠢ ᠪᠡᠶᠡᠯᠡᠭᠦᠯᠪᠡ᠃ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ | ᠪᠠᠲᠤᠯᠠᠭ᠎ᠠ ᠶᠢᠨ ᠪᠠᠯᠠ ᠮᠥᠩᠭᠦ ᠶᠢ 5000 ᠭᠠᠷᠤᠶ ᠲᠦᠮᠡᠨ ᠲᠥᠭᠦᠷᠢᠭ ᠲᠠᠷᠬᠠᠭᠠᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠰ ᠪᠣᠯᠣᠨ ᠣᠨᠴᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠪᠠᠲᠤᠯᠠᠭ᠎ᠠ ᠲᠠᠢ ᠪᠣᠯᠪᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠪᠠᠶᠢᠳᠠᠯ ᠢ ᠣᠶᠢᠯᠠᠭᠠᠵᠤ | ᠳᠠᠩᠰᠠᠯᠠᠬᠤ ᠪᠠ ᠮᠡᠳᠡᠭᠡ ᠵᠠᠩᠭᠢ ᠴᠤᠭᠯᠠᠭᠤᠯᠬᠤ ᠵᠡᠷᠭᠡ ᠦᠨᠳᠦᠰᠦᠨ ᠴᠢᠨᠠᠷᠲᠠᠶ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠪᠬᠢᠨᠡᠭᠦᠯᠬᠦ᠂ ᠬᠠᠪᠰᠤᠷᠤᠨ | ᠲᠡᠳᠬᠦᠬᠦ᠂ ᠲᠣᠬᠤᠨᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ | ᠦᠢᠯᠡᠴᠢᠯᠡᠭᠡ ᠬᠠᠮᠢᠶᠠᠷᠤᠯᠲᠠ ᠶᠢᠨ ᠠᠵᠢᠯ ᠨᠢ ᠥᠪᠡᠷᠲᠡᠭᠡᠨ ᠵᠠᠰᠠᠬᠤ ᠣᠷᠣᠨ ᠤ ᠠᠬᠤᠢ ᠲᠠᠯᠠᠪᠠᠢ ᠶᠢᠨ ᠰᠣᠷᠣᠯᠴᠠᠯᠭ᠎ᠠ | ᠦᠵᠡᠭᠦᠯᠭᠡ ᠶᠢ ᠬᠦᠯᠢᠶᠡᠭᠰᠡᠨ ᠪᠥᠭᠡᠳ ᠰᠠᠶᠢᠨ ᠦᠨᠡᠯᠡᠯᠲᠡ ᠶᠢ ᠣᠯᠪᠠ᠃ ᠬᠦᠴᠦ ᠶᠠᠪᠣᠭᠴᠢ ᠮᠠᠯᠴᠢᠨ ᠲᠠᠷᠢᠶᠠᠴᠢᠨ ᠤ | ᠴᠠᠯᠢᠩ ᠢ ᠥᠭᠬᠦ ᠶᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠣ᠂ ︽ᠳᠥᠷᠪᠡᠨ | ᠳᠦᠷᠢᠮ ᠬᠤᠶᠠᠷ ᠮᠦᠩᠭᠦ︾ ᠶᠢᠨ ᠠᠵᠢᠯ ᠤᠨ ᠳᠦᠷᠢᠮ ᠢ ᠨᠠᠶᠢᠳᠠᠪᠣᠷᠢᠵᠢᠭᠤᠯᠵᠣ᠂ ᠬᠥᠳᠡᠯᠮᠦᠷᠢᠴᠢᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠣᠯᠲᠠ ᠦᠷᠭᠦᠯᠵᠢᠯᠡᠨ ᠰᠠᠶᠢᠵᠢᠷᠠᠪᠠ᠃ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠵᠠᠰᠠᠬᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠮᠣᠳᠣ ᠶᠢ | ᠰᠡᠷᠭᠦᠭᠡᠬᠦ᠂ ᠤᠷᠭᠤᠮᠠᠯ ᠬᠤᠴᠢᠯᠭ᠎ᠠ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ | ᠬᠡᠷᠡᠭᠵᠢᠭᠦᠯᠵᠦ᠂ ᠵᠢᠯ ᠤᠨ ᠳᠣᠲᠣᠷ᠎ᠠ 7.7 ᠲᠦᠮᠡᠨ ᠮᠦ ᠮᠣᠳᠣ ᠲᠠᠷᠢᠵᠤ ᠨᠣᠭᠤᠭᠠᠷᠠᠭᠤᠯᠬᠤ ᠠᠵᠢᠯ ᠢ ᠪᠡᠶᠡᠯᠡᠭᠦᠯᠪᠡ᠃ | ᠤᠢ ᠰᠢᠭᠤᠶ ᠶᠢᠨ ᠦᠢᠯᠡᠰ ᠤᠨ ᠬᠠᠤᠯᠢ ᠬᠡᠷᠡᠭᠵᠢᠭᠦᠯᠬᠦ᠂ ᠤᠢ ᠰᠢᠭᠤᠶ ᠶᠢᠨ ᠭᠠᠯ ᠢ ᠰᠡᠷᠭᠡᠶᠢᠯᠡᠬᠦ ᠶᠢ ᠴᠢᠩᠭᠠᠳᠬᠠᠵᠤ | ᠂ ᠤᠢ ᠰᠢᠭᠤᠶ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠪᠠ᠃ ᠾᠦᠨᠾᠧ ᠭᠤᠣᠯ᠂ ᠴᠠ ᠹᠠᠩ ᠾᠧ ᠭᠤᠣᠯ ᠢ | ᠵᠠᠰᠠᠬᠤ ᠵᠡᠷᠭᠡ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ︽ᠭᠤᠤᠯ ᠤᠨ ᠳᠠᠷᠤᠭ᠎ᠠ ᠶᠢᠨ | ᠳᠦᠷᠢᠮ︾ ᠢ ᠭᠦᠨᠵᠡᠭᠡᠶ ᠨᠠᠶᠢᠳᠠᠪᠣᠷᠢᠵᠢᠭᠤᠯᠣᠨ᠂ ᠪᠥᠬᠦ ᠰᠢᠶᠠᠨ ᠤ 38 ᠭᠤᠤᠯ ᠮᠥᠷᠡᠨ ᠤ ︽ᠨᠢᠭᠡ ᠭᠤᠤᠯ ᠨᠢᠭᠡ | ᠲᠥᠷᠥ ᠶᠢᠨ ᠪᠣᠳᠣᠯᠭ᠎ᠠ︾ ᠶᠢᠨ ᠬᠡᠷᠡᠭᠵᠢᠭᠦᠯᠬᠦ ᠲᠥᠰᠦᠯ ᠢ ᠦᠨᠳᠦᠰᠦᠨ ᠳᠤ ᠪᠠᠨ ᠨᠠᠶᠢᠷᠠᠭᠤᠯᠣᠨ ᠵᠣᠭᠢᠶᠠᠬᠤ | ᠠᠵᠢᠯ ᠢ ᠪᠡᠶᠡᠯᠡᠭᠦᠯᠪᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ | ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ | ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠪᠠᠶᠢᠴᠠᠭᠠᠬᠤ | ᠵᠡᠷᠭᠡ ᠠᠵᠢᠯ ᠢ ᠪᠡᠶᠡᠯᠡᠭᠦᠯᠪᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ | ᠪᠣᠯᠣᠨ ᠰᠡᠷᠭᠦᠭᠡᠨ ᠵᠠᠰᠠᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠯᠪᠡᠷᠢ ᠶᠢᠨ | ᠲᠣᠭᠤᠰᠬ᠎ᠠ ᠶᠢᠨ ᠦᠢᠯᠡᠳᠪᠦᠷᠢ ᠶᠢᠨ ᠬᠢᠨᠠᠨ ᠵᠥᠪᠰᠢᠶᠡᠷᠡᠬᠦ ᠭᠠᠷᠲᠠᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ ᠠᠵᠢᠯ ᠢ | ᠡᠮᠬᠢ ᠵᠢᠷᠤᠮ ᠲᠠᠢ ᠲᠦᠯᠬᠢᠨ ᠠᠬᠢᠭᠤᠯᠪᠠ᠃ ᠮᠠᠯ ᠵᠢᠭᠦᠷᠲᠡᠨ ᠢ ᠲᠡᠵᠢᠭᠡᠬᠦ ᠶᠢ ᠴᠠᠭᠠᠵᠠᠯᠠᠬᠤ ᠲᠣᠭᠤᠷᠢᠭ᠂ | ᠲᠡᠵᠢᠭᠡᠬᠦ ᠶᠢ ᠬᠢᠵᠠᠭᠠᠷᠯᠠᠬᠤ ᠲᠣᠭᠤᠷᠢᠭ ᠢ ᠲᠣᠭᠲᠠᠭᠠᠵᠤ᠂ ᠲᠠᠷᠠᠬᠠᠶ ᠲᠡᠵᠢᠭᠡᠵᠦ ᠪᠠᠶᠢᠭ᠎ᠠ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠲᠠᠯᠠᠪᠠᠢ ᠶᠢ ᠬᠠᠭᠠᠵᠤ ᠨᠡᠭᠦᠯᠭᠡᠬᠦ ᠪᠠᠷ ᠪᠣᠯᠪᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ︽ᠠᠷᠠᠳ ᠲᠦᠮᠡᠨ ᠢᠶᠠᠷ | ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠨᠢᠭᠡ ᠪᠦᠯᠦᠭ ᠬᠠᠷ᠎ᠠ ᠪᠦᠯᠦᠭᠲᠡᠨ | ᠬᠠᠷᠭᠢᠰ ᠬᠦᠴᠦᠨ ᠳᠤ ᠬᠤᠯᠪᠣᠭᠳᠠᠭᠰᠠᠨ ᠪᠠ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠢ ᠬᠠᠤᠯᠢ ᠶᠣᠰᠣᠭᠠᠷ | ᠵᠠᠯᠬᠠᠭᠠᠨ ᠰᠢᠳᠬᠡᠵᠦ᠂ ᠲᠤᠰᠬᠠᠶ ᠲᠡᠮᠡᠴᠡᠯ ᠱᠠᠲᠤ ᠦᠶ᠎ᠡ ᠶᠢᠨ ᠴᠢᠨᠠᠷᠲᠠᠶ ᠠᠮᠵᠢᠯᠲᠠ ᠣᠯᠪᠠ᠃ ︽ᠠᠮᠤᠷ ᠲᠠᠶᠢᠪᠤᠩ | ᠬᠤᠷᠢᠨᠭᠡᠷ︾ ᠤᠨ ᠪᠦᠲᠦᠭᠡᠨ ᠪᠠᠶᠢᠭᠤᠯᠣᠯᠲᠠ ᠶᠢ ᠶᠡᠬᠡᠪᠡᠷ ᠲᠦᠯᠬᠢᠨ ᠠᠬᠢᠭᠤᠯᠵᠤ᠂ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠪᠣᠶ ᠪᠦᠬᠦᠢ ᠠᠵᠢᠯ | ᠲᠥᠷᠥᠯ ᠪᠣᠯᠣᠨ ᠭᠠᠵᠠᠷ ᠣᠷᠣᠨ ᠢ ᠬᠠᠮᠤᠷᠤᠭᠰᠠᠨ ᠠᠶᠤᠯᠭᠦᠶ ᠦᠢᠯᠡᠳᠪᠦᠷᠢᠯᠡᠯ ᠤᠨ ᠶᠡᠭᠡ ᠵᠢᠭᠰᠠᠨ ᠪᠠᠶᠢᠴᠠᠭᠠᠯᠲᠠ᠂ | ᠶᠡᠭᠡ ᠰᠢᠯᠭᠠᠨ ᠪᠠᠶᠢᠴᠠᠭᠠᠯᠲᠠ᠂ ᠶᠡᠭᠡ ᠴᠡᠭᠴᠡᠯᠡᠯᠲᠡ ᠵᠠᠰᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠪᠦᠬᠦ ᠰᠢᠶᠠᠨ ᠳᠤ ᠨᠡᠯᠢᠶᠡᠳ ᠶᠡᠭᠡ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠭᠠᠷᠤᠭᠰᠠᠨ ᠦᠭᠡᠢ᠃ ᠠᠹᠷᠢᠺᠠ | ᠲᠢᠪ ᠤᠨ ᠭᠠᠭ᠋ᠠᠶ ᠶᠢᠨ ᠬᠢᠵᠢᠭ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠦᠷ᠎ᠡ ᠪᠦᠲᠦᠮᠵᠢ ᠨᠡᠯᠢᠶᠡᠳ ᠰᠠᠶᠢᠨ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠪᠦᠲᠦᠮᠵᠢᠲᠡᠶ ᠪᠠᠷ ᠰᠢᠢᠳᠪᠦᠷᠢᠯᠡᠪᠡ᠃ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠨᠢᠭᠡᠳᠦᠯᠲᠡᠶ | ᠨᠡᠶᠢᠲᠡᠯᠡᠵᠦ᠂ ︽ᠢᠲᠡᠭᠡᠯ ᠢᠶᠠᠨ ᠵᠢᠷᠣᠮᠯᠠᠪᠠᠯ ᠤᠷᠮᠠᠰᠢᠭᠤᠯᠵᠤ᠂ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ︾ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠨᠡᠶᠢᠭᠡᠮ ᠤᠨ ᠦᠨᠡᠨᠴᠢ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠣᠯᠲᠠ ᠶᠢ ᠴᠢᠩᠭᠠᠳᠬᠠᠪᠠ᠃ ᠲᠣᠰᠬᠤᠨ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠡᠶᠡᠯᠡᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠴᠡᠷᠢᠭ ᠠᠷᠠᠳ ᠶᠢ ᠠᠭᠤᠰᠤᠯᠴᠠᠭᠤᠯᠤᠨ | ᠬᠥᠭᠵᠢᠭᠦᠯᠬᠦ ᠶᠢ ᠴᠢᠬᠤᠯᠠᠴᠢᠯᠠᠵᠤ᠂ ᠡᠷᠦᠬᠡ ᠶᠢᠨ ᠴᠡᠷᠢᠭ ᠤᠨ ᠴᠡᠷᠢᠭ ᠤᠨ ᠪᠣᠯᠪᠠᠰᠤᠷᠠᠯ ᠢ ᠥᠷᠨᠢᠭᠦᠯᠵᠦ᠂ | ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠴᠢᠩᠭᠠᠳᠬᠠᠪᠠ᠃ ᠨᠡᠶᠢᠭᠡᠮ ᠤᠨ ᠶᠡᠭᠡ | ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠲᠠᠰᠤᠷᠠᠯᠲᠠ ᠦᠭᠡᠢ ᠴᠢᠩᠭᠠᠷᠠᠪᠠ᠃ | ︵ᠵᠢᠷᠭᠤᠭ᠎ᠠ︶ ᠬᠠᠤᠯᠢ ᠪᠠᠷ ᠵᠠᠰᠠᠬᠤ ᠬᠤᠷᠢᠨᠭᠡᠷ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠪᠠ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ | 6543 ᠬᠤᠪᠢ ᠳᠠᠬᠢᠨ ᠡᠮᠬᠢᠯᠡᠨ ᠨᠡᠶᠢᠲᠡᠯᠡᠪᠡ᠃ ᠳᠣᠯᠣᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠠᠤᠯᠢ | ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠰᠠᠭᠤᠷᠢᠨ | ᠭᠠᠵᠠᠷ ᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠪᠡ᠃ ᠵᠠᠰᠠᠭ ᠤᠨ ᠶᠠᠪᠤᠳᠠᠯ ᠤᠨ ᠰᠢᠮᠳᠠᠭᠤᠯᠣᠨ ᠪᠠᠶᠢᠴᠠᠭᠠᠯᠲᠠ ᠶᠢ ᠴᠢᠩᠭᠠᠳᠬᠠᠵᠤ᠂ | ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠬᠦᠴᠦᠲᠡᠶ | ᠠᠳᠬᠤᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠲᠠᠰᠤᠷᠠᠯᠲᠠ ᠦᠭᠡᠢ ᠴᠢᠩᠭᠠᠷᠠᠪᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 24 ᠨᠢᠭᠡᠴᠡ ᠶᠢᠨ 90 ᠵᠦᠢᠯ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠲᠤ ᠣᠷᠣᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠠ ᠡᠭᠦᠳᠡ ᠪᠠᠷ | ᠣᠷᠣᠬᠤ︾ ︽ᠠᠬᠠᠳᠠᠬᠤ ᠳᠤ ᠪᠠᠨ ᠨᠢᠭᠡ ᠯᠠ ᠤᠳᠠᠭ᠎ᠠ ᠭᠦᠶᠦᠬᠦ︾ ᠶᠢ ᠬᠦᠴᠦᠯᠡᠨ ᠠᠬᠢᠭᠤᠯᠪᠠ︔ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠵᠠᠰᠠᠭ | ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠨᠤᠮᠵᠢ ᠶᠢᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠢ | ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠭᠦᠨᠵᠡᠭᠡᠶᠢᠷᠡᠨ ᠬᠥᠭᠵᠢᠪᠡ᠃ ᠠᠯᠪᠠᠨ ᠶᠠᠪᠤᠳᠠᠯ ᠤᠨ ᠵᠣᠴᠢᠯᠠᠯᠭ᠎ᠠ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠵᠡᠷᠭᠡ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠠᠷᠢᠭᠤᠨ ᠴᠢᠬᠡᠴᠢ ᠵᠠᠰᠠᠭ ᠤᠨ | ᠣᠷᠳᠣᠨ ᠤ ᠪᠠᠶᠢᠭᠤᠯᠣᠯᠲᠠ ᠢᠯᠡᠳᠲᠡ ᠦᠷ᠎ᠡ ᠪᠦᠲᠦᠮᠵᠢ ᠣᠯᠪᠠ᠃ | ᠬᠢᠨᠠᠨ ᠪᠣᠳᠣᠯᠲᠠ᠂ ᠠᠮᠤ ᠪᠤᠳᠠᠭ᠎ᠠ᠂ ᠭᠠᠵᠠᠷ ᠬᠥᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ | ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ | ᠵᠠᠭᠠᠯᠮᠠᠶ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ | ᠬᠤᠷᠠᠯ᠂ ᠦᠨᠳᠦᠰᠦᠲᠡᠨ ᠱᠠᠰᠢᠨ ᠰᠤᠷᠲᠠᠬᠤᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠤ | ᠨᠡᠯᠢᠶᠡᠳ ᠰᠠᠶᠢᠨ ᠠᠮᠵᠢᠯᠲᠠ ᠣᠯᠪᠠ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ | ᠪᠦᠲᠦᠬᠦ ᠨᠢ ᠬᠢᠯᠪᠠᠷ ᠪᠣᠯᠪᠠᠴᠤ ᠪᠡᠷᠬᠡ ᠬᠠᠲᠠᠭᠤᠵᠢᠯᠲᠠᠶ ᠶᠤᠮ︕ ᠨᠢᠭᠡ ᠵᠢᠯ ᠤᠨ ᠲᠤᠷᠰᠢ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ︽ᠪᠣᠴᠠᠵᠣ ᠪᠠᠶᠢᠴᠠᠭᠠᠨ ᠦᠵᠡᠬᠦ︾᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠣᠨ ᠪᠠᠶᠢᠴᠠᠭᠠᠯᠲᠠ᠂ ᠤᠯᠤᠰ ᠤᠨ ᠭᠠᠵᠠᠷ ᠰᠢᠷᠣᠢ ᠡᠬᠢ | ᠪᠠᠶᠠᠯᠢᠭ ᠤᠨ ᠶᠠᠮᠤᠨ ᠤ ᠵᠤᠷᠰᠢᠯᠲᠤ ᠰᠢᠮᠳᠠᠭᠤᠯᠣᠨ ᠪᠠᠶᠢᠴᠠᠭᠠᠯᠲᠠ᠂ ᠤᠯᠤᠰ ᠤᠨ ᠤᠢ ᠰᠢᠭᠤᠢ ᠶᠢᠨ ᠲᠣᠪᠴᠢᠶ᠎ᠠ ᠶᠢᠨ | ᠲᠤᠰᠬᠠᠢ ᠲᠤᠰᠢᠶᠠᠯᠲᠠᠨ ᠤ ᠠᠯᠪᠠᠨ ᠭᠡᠷ ᠤᠨ ᠰᠢᠮᠳᠠᠭᠤᠯᠣᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠬᠦ ᠰᠣᠯᠪᠢᠴᠠᠭᠰᠠᠨ ᠰᠢᠮᠳᠠᠭᠤᠯᠣᠨ ᠪᠠᠶᠢᠴᠠᠭᠠᠯᠲᠠ᠂ ᠬᠥᠳᠡᠭᠡ ᠠᠵᠤ ᠠᠬᠤᠢ ᠳᠤ ᠬᠤᠯᠪᠣᠭᠳᠠᠬᠤ | ᠪᠡᠯᠡ ᠮᠥᠩᠭᠦ ᠶᠢᠨ ᠲᠤᠰᠬᠠᠢ ᠬᠢᠨᠠᠨ ᠪᠣᠳᠣᠯᠲᠠ ᠵᠡᠷᠭᠡ ᠴᠢᠬᠤᠯᠠ ᠶᠡᠭᠡ ᠰᠢᠯᠭᠠᠯᠲᠠ ᠶᠢᠨ ᠡᠮᠦᠨ᠎ᠡ᠂ ᠪᠢᠳᠡ ᠨᠢᠭᠡ | ᠰᠡᠳᠬᠢᠯ ᠨᠢᠭᠡ ᠵᠣᠷᠢᠭ ᠢᠶᠠᠷ ᠲᠡᠷᠡ ᠳᠠᠷᠣᠢ ᠳᠤᠨᠢ ᠥᠭᠡᠷᠡᠴᠢᠯᠡᠪᠡ︔ ᠠᠵᠤ ᠠᠬᠤᠢ ᠪᠠᠭᠤᠷᠠᠬᠤ᠂ ᠡᠳ᠋ ᠤᠨ ᠵᠠᠰᠠᠭ | ᠭᠠᠶᠢᠯᠢ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠬᠤ ᠯᠤᠲᠤ ᠶᠡᠭᠡ ᠳᠠᠷᠤᠯᠲᠠ ᠪᠣᠯᠤᠨ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠬᠦᠨᠳᠦ ᠡᠭᠦᠷᠭᠡ ᠶᠢᠨ ᠡᠮᠦᠨ᠎ᠡ᠂ ᠪᠢᠳᠡ ᠬᠠᠲᠠᠭᠤ ᠪᠡᠷᠬᠡᠰᠢᠶᠡᠯ ᠢ ᠬᠠᠮᠲᠤᠪᠠᠷ | ᠲᠣᠭᠤᠯᠣᠨ᠂ ᠬᠦᠴᠢᠷ ᠢ ᠰᠥᠷᠦᠨ ᠤᠷᠤᠭᠰᠢᠯᠠᠵᠤ᠂ ᠡᠯ᠎ᠡ ᠵᠦᠢᠯ ᠤᠨ ᠠᠵᠢᠯ ᠬᠦᠴᠢᠷ ᠪᠡᠷᠬᠡᠰᠢᠶᠡᠯ ᠤᠨ ᠳᠤᠮᠳᠠ | ᠰᠢᠨ᠎ᠡ ᠠᠮᠵᠢᠯᠲᠠ ᠪᠦᠲᠦᠮᠵᠢ ᠣᠯᠪᠠ︕ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ | ᠲᠦᠰᠢᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠯᠤᠰ ᠲᠥᠷᠥ ᠶᠢᠨ ᠵᠥᠪᠯᠡᠯᠭᠡᠨ ᠤ | ᠬᠦᠴᠦᠲᠡᠶ ᠳᠡᠮᠵᠢᠯᠭᠡ ᠠᠴᠠ ᠪᠣᠯᠤᠭᠰᠠᠨ ᠪᠥᠭᠡᠳ ᠪᠦᠬᠦ ᠰᠢᠶᠠᠨ ᠤ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ | ᠠᠴᠢ ᠭᠠᠪᠢᠶ᠎ᠠ ᠪᠣᠯᠬᠤ ᠶᠤᠮ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠬᠤᠷᠢᠨᠭᠡᠷ ᠤᠨ ᠪᠦᠲᠦᠭᠡᠨ ᠪᠠᠶᠢᠭᠤᠯᠣᠯᠲᠠ | ᠪᠣᠯᠣᠨ ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠪᠣᠶ ᠪᠦᠬᠦᠢ ᠠᠬᠠᠮᠠᠳ ᠤᠳᠤᠷᠢᠳᠤᠯᠭ᠎ᠠ᠂ ᠠᠬᠠᠮᠠᠳ | ᠨᠥᠬᠦᠳ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠣᠳᠣᠬᠠᠨ ᠤ ᠮᠠᠨ ᠤ ᠰᠢᠶᠠᠨ ᠤ | ᠬᠥᠭᠵᠢᠯᠲᠡ ᠶᠢᠨ ᠳᠤᠮᠳᠠᠬᠢ ᠲᠡᠩᠴᠡᠭᠦᠷᠢ ᠥᠬᠡᠶ ᠵᠣᠬᠢᠴᠠᠩᠭᠤᠶ ᠪᠤᠰᠤ ᠦᠷᠭᠦᠯᠵᠢᠯᠡᠵᠦ ᠥᠯᠥ ᠴᠢᠳᠠᠬᠤ ᠠᠰᠠᠭᠤᠳᠠᠯ | ᠮᠥᠨ ᠬᠦ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠡᠨᠡ ᠨᠢ ᠭᠤᠣᠯᠳᠠᠭᠤ᠄ ᠨᠢᠭᠡ ᠳᠤ᠂ ᠵᠠᠰᠠᠭ ᠤᠨ | ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠳᠠᠷᠤᠯᠲᠠ ᠶᠡᠭᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠡᠭᠦᠷᠭᠡ ᠪᠠᠰᠠ ᠮᠠᠰᠢ ᠪᠡᠷᠬᠡ ᠬᠠᠲᠠᠭᠤᠵᠢᠯᠲᠠᠶ ᠪᠠᠶᠢᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠡᠤᠬᠡᠨ ᠳᠡᠭᠡᠷᠡᠬᠢ ᠥᠷᠢ ᠥᠭᠴᠡᠭᠡ ᠨᠡᠯᠢᠶᠡᠳ ᠠᠷᠪᠢᠨ ᠪᠠᠶᠢᠵᠤ᠂ ᠵᠠᠰᠠᠨ ᠰᠡᠷᠭᠦᠭᠡᠬᠦ ᠡᠭᠦᠷᠭᠡ | ᠬᠦᠨᠳᠦ ᠵᠠᠮ ᠬᠤᠯᠠ ᠪᠠᠶᠢᠨ᠎ᠠ︔ ᠬᠤᠶᠠᠷ ᠲᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠦᠭᠵᠢᠵᠦ ᠪᠠᠶᠢᠭ᠎ᠠ | ᠨᠢ ᠭᠦᠢᠴᠡᠳ ᠪᠤᠰᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠤᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠬᠦ ᠴᠢᠬᠤᠯᠠᠲᠠᠢ ᠪᠠᠶᠢᠨ᠎ᠠ︔ | ᠭᠤᠷᠪᠠ ᠳᠤ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠪᠣᠯᠣᠨ ᠰᠢᠨ᠎ᠡ ᠶᠢ ᠡᠭᠦᠳᠬᠦ ᠴᠢᠳᠠᠪᠤᠷᠢ | ᠪᠠᠰᠠ ᠴᠢᠩᠭ᠎ᠠ ᠪᠢᠰᠢ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠳᠥᠷᠪᠡ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠣᠯᠲᠠ ᠮᠥᠨ ᠯᠠ ᠨᠡᠯᠢᠶᠡᠳ ᠪᠠᠭᠤᠷᠠᠶ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠲᠦᠷᠭᠡᠬᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠲᠠᠪᠤ ᠳᠤ᠂ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠨᠢ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠪᠠᠰᠠ ᠪᠠᠭ᠎ᠠ | ᠪᠤᠰᠤ ᠵᠥᠷᠢᠶ᠎ᠡ ᠲᠠᠢ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠬᠦᠴᠦᠲᠡᠶ ᠮᠦᠷᠲᠡᠭᠡᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | ᠬᠤᠶᠠᠷ᠂ 2019 ᠣᠨ ᠤ ᠠᠵᠢᠯ ᠤᠨ ᠡᠭᠦᠷᠭᠡ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠣᠭᠳᠠᠭᠰᠠᠨ 70 ᠵᠢᠯ ᠤᠨ ᠤᠢ ᠮᠥᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠮᠥᠨ᠂ | 2019 ᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | 2019 ᠣᠨ ᠶᠢᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ | ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠭᠤᠰᠢᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ | ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ | ᠠᠵᠢᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠣᠭᠤᠰᠢᠯᠠᠭᠤᠯᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠭᠡ ᠴᠣᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ︽ᠲᠠᠪᠤᠨ ᠵᠤᠷᠪᠤᠰ | ᠵᠢᠮ᠎ᠡ ᠶᠣᠰᠣᠴᠢ ᠴᠢᠨᠠᠷᠲᠠᠢ ᠲᠠᠨᠢᠯᠲᠠ︾ ︽ᠲᠠᠪᠤ ᠶᠢ ᠪᠠᠷᠢᠮᠲᠠᠯᠠᠬᠤ︾ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠴᠢᠬᠤᠯᠠ ᠱᠠᠭᠠᠷᠳᠠᠯᠭ᠎ᠠ ᠲᠠᠢ ᠬᠠᠷᠢᠴᠠᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠳᠠᠲᠤ ᠴᠣᠭᠴᠠ ᠶᠢᠨ ᠠᠵᠤ ᠠᠬᠤᠢ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠢᠶᠠᠨ ᠤ ᠬᠡᠪᠴᠢᠶᠡᠨ ᠤ | ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠦᠨᠳᠦᠷ ᠴᠢᠨᠰᠠᠭᠠᠲᠣ ᠬᠥᠭᠵᠢᠯᠲᠡ ᠶᠢ | ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠲᠦ ᠴᠢᠨᠠᠷᠲᠠᠢ ᠰᠠᠭᠤᠷᠢ | ᠲᠠᠯᠪᠢᠵᠤ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ | 70 ᠵᠢᠯ ᠤᠨ ᠣᠢ ᠶᠢ ᠪᠡᠯᠭᠡᠯᠡᠬᠦ ᠪᠣᠯᠣᠨ᠎ᠠ ᠃ | ᠶᠡᠷᠦᠩᠬᠡᠶᠢᠯᠡᠨ ᠪᠣᠳᠣᠯᠬᠢᠯᠠᠵᠤ ᠦᠵᠡᠪᠡᠯ᠂ 2019 ᠣᠨ ᠤ ᠪᠥᠬᠦ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ | 6 % ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ 6 % ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 | % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % ᠠᠴᠠ ᠳᠡᠭᠡᠭᠰᠢ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠲᠤᠭ᠎ᠠ ᠶᠢ 6 | % ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠪᠥᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠠᠳᠠᠯᠢ | ᠠᠯᠬᠤᠮ ᠢᠶᠠᠷ ᠪᠠᠶᠢᠯᠭᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠬᠢᠵᠠᠭᠠᠷᠯᠠᠬᠤ ᠴᠢᠨᠠᠷᠲᠠᠶ ᠪᠤᠰᠤᠳ | ᠭᠦᠢᠴᠡᠳᠬᠡᠬᠦ ᠲᠤᠭ᠎ᠠ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠣᠤᠷᠠᠬᠢ ᠨᠠᠢᠮᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠦᠷᠭᠦᠯᠵᠢᠯᠡᠬᠦᠶᠢᠴᠡ ᠬᠥᠭᠵᠢᠯᠲᠡ ᠶᠢ ᠪᠠᠲᠤᠯᠠᠨ᠎ᠠ | ᠵᠢᠯ ᠤᠨ ᠡᠭᠦᠷᠭᠡ ᠪᠣᠯᠤᠨ ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠪᠠᠲᠤᠯᠠᠭ᠎ᠠ ᠶᠢ | ᠴᠢᠩᠭᠠᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠨ᠎ᠠ᠃ ᠥᠭᠴᠡᠭᠡᠨ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠵᠦ᠂ ᠵᠢᠯ ᠤᠨ ᠵᠠᠰᠠᠭ ᠤᠨ ᠣᠷᠳᠣᠨ ᠤ ᠥᠭᠴᠡᠭᠡ ᠶᠢ ᠢᠯᠭᠠᠷᠠᠭᠤᠯᠬᠤ ᠡᠭᠦᠷᠭᠡ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠵᠦ᠂ ᠥᠭᠴᠡᠭᠡᠨ ᠨᠣᠷᠮ᠎ᠠ ᠶᠢ ᠵᠦᠶ ᠵᠣᠬᠢᠰᠲᠠᠶ ᠬᠢᠷᠢ ᠲᠦᠪᠰᠢᠨ ᠳᠤ ᠬᠦᠷᠲᠡᠯ᠎ᠡ | ᠪᠠᠭᠤᠷᠠᠭᠤᠯᠵᠤ᠂ ᠵᠢᠯ ᠤᠨ ᠡᠴᠦᠰ ᠠᠴᠠ ᠡᠮᠦᠨ᠎ᠡ ︽ᠠᠷᠪᠠ ᠶᠢ ᠪᠦᠷᠬᠦᠭᠦᠯᠬᠦ︾ ᠬᠦᠮᠦᠨ ᠠᠮᠠ ᠶᠢᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠯᠲᠠ ᠶᠢᠨ ᠥᠷᠢ ᠥᠭᠴᠡᠭᠡ ᠶᠢ ᠪᠦᠬᠦᠨ ᠢ | ᠢᠯᠭᠠᠷᠠᠭᠤᠯᠬᠤ ᠪᠠᠷ ᠴᠢᠷᠮᠠᠶᠢᠨ᠎ᠠ᠃ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ | ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠥᠷᠢ ᠥᠭᠴᠡᠭᠡ ᠶᠢ ᠢᠯᠭᠠᠷᠠᠭᠤᠯᠬᠤ ᠪᠡᠯᠡ ᠮᠥᠩᠭᠦ ᠶᠢ ᠴᠣᠭᠯᠠᠭᠤᠯᠣᠨ᠎ᠠ︔ ᠠᠵᠤ ᠠᠬᠤᠶᠢᠯᠠᠯ ᠤᠨ ᠦᠢᠯᠡᠴᠢᠯᠡᠭᠡ ᠶᠢ | ᠴᠢᠩᠭᠠᠳᠬᠠᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠪᠤᠵᠠᠭᠠᠶᠢᠷᠠᠭᠤᠯᠵᠤ᠂ ᠰᠢᠨ᠎ᠡ ᠪᠠᠷ ᠨᠡᠮᠡᠭᠳᠡᠬᠦ ᠥᠭᠴᠡᠭᠡ ᠶᠢ | ᠴᠢᠩᠭ᠎ᠠ ᠬᠢᠵᠠᠭᠠᠷᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠪᠰᠤᠷᠤᠨ ᠡᠷᠡᠭᠦᠯ ᠪᠤᠰᠤ ᠵᠢᠭᠡᠯᠡᠯᠭᠡ ᠵᠡᠷᠭᠡ | ᠳᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠠᠷᠠᠳ ᠤᠨ ᠳᠤᠮᠳᠠᠬᠢ | ᠥᠨᠳᠥᠷ ᠬᠦᠤ ᠲᠠᠢ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠦᠴᠦᠲᠡᠶ ᠴᠡᠭᠴᠡᠯᠡᠨ ᠵᠠᠰᠠᠵᠤ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠰ᠂ ᠪᠠᠭ᠎ᠠ ᠲᠣᠭᠠᠨ ᠤ | ᠵᠢᠭᠡᠯᠡᠯᠭᠡ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠲᠦᠭᠰᠢᠭᠦᠷᠢ ᠥᠯᠥ | ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠶᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠶᠢ ᠪᠠᠭᠤᠷᠠᠭᠤᠯᠵᠣ | ᠶᠠᠰᠤ ᠴᠢᠨᠠᠷ ᠢ ᠨᠦᠯᠦᠭᠡᠯᠡᠬᠦ ᠥᠬᠡᠶ ᠮᠥᠷᠲᠡᠭᠡᠨ ᠪᠠᠰᠠ ᠪᠠᠷᠢᠮᠵᠢᠶ᠎ᠠ ᠶᠢ ᠳᠡᠭᠡᠭᠰᠢᠯᠡᠭᠦᠯᠵᠦ ᠭᠤᠷᠢ ᠶᠢ ᠨᠢ ᠬᠦᠳᠡᠯᠭᠡᠬᠦ | ᠦᠭᠡᠢ ᠪᠠᠶᠢᠵᠤ᠂ ︽ᠵᠢᠷᠭᠤᠭᠠᠨ ᠤᠨᠢᠨ ᠳᠡᠭᠡᠷ᠎ᠡ ᠨᠢ ᠪᠠᠶᠢᠯᠭᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠣ᠂ ︽ᠲᠠᠪᠤᠨ ᠨᠢᠭᠡ ᠪᠦᠯᠦᠭ︾ ᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠶᠠᠳᠠᠭᠤ | ᠬᠦᠴᠢᠷᠳᠡᠯᠲᠡᠢ ᠲᠣᠰᠬᠤᠨ ᠢ ᠵᠢᠭᠰᠠᠭᠠᠬᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ | ᠪᠣᠴᠠᠵᠣ ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠬᠥᠳᠡᠯᠦᠩᠭᠦᠢ ᠲᠣᠬᠢᠷᠠᠭᠤᠯᠤᠯᠲᠠ ᠶᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠠᠰ ᠳᠠᠷᠠᠭᠠᠯᠠᠯ ᠶᠣᠰᠣᠭᠠᠷ ᠤᠨᠢᠨ | ᠳᠡᠭᠡᠷ᠎ᠡ ᠨᠢ ᠢᠯᠭᠠᠨ ᠲᠠᠨᠢᠬᠤ᠂ ᠤᠬᠤᠷᠢᠨ ᠭᠠᠷᠬᠤ ᠶᠢ ᠦᠨᠡᠨᠬᠦ ᠪᠠᠲᠤᠯᠠᠵᠤ᠂ ᠲᠤᠭ᠎ᠠ ᠪᠠᠷ ᠶᠠᠳᠠᠭᠤ ᠠᠴᠠ | ᠠᠩᠭᠢᠵᠢᠷᠠᠭᠤᠯᠬᠤ᠂ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠬᠤ ᠠᠴᠠ ᠵᠠᠶᠢᠯᠠᠰᠬᠢᠬᠤ ᠬᠡᠷᠡᠭᠲᠡᠢ᠃ ᠨᠢᠭᠡᠨᠲᠡ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠯᠡᠳᠡᠭᠰᠡᠨ 65 | ᠡᠷᠦᠬᠡ 135 ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ | ᠦᠨᠡᠨᠬᠦ ᠪᠠᠲᠤᠯᠠᠨ᠎ᠠ᠃ ᠠᠵᠤ ᠦᠢᠯᠡᠰ ᠢᠶᠠᠷ ᠭᠤᠣᠯ ᠪᠣᠯᠭᠠᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ | ᠳᠡᠭᠡᠷ᠎ᠡ ᠨᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ | ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠶᠢᠲᠡᠯᠡᠭᠰᠡᠨ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠥᠷᠥ ᠶᠢᠨ ᠪᠣᠳᠣᠯᠭ᠎ᠠ ᠶᠢ ᠤᠨᠢᠨ ᠳᠡᠭᠡᠷ᠎ᠡ ᠨᠢ | ᠨᠠᠶᠢᠳᠠᠪᠣᠷᠢᠵᠢᠭᠤᠯᠬᠤ ᠳᠡᠭᠡᠷ᠎ᠡ ᠬᠦᠴᠦ ᠲᠠᠯᠪᠢᠨ᠎ᠠ᠃ ︽ᠳᠥᠷᠪᠡᠨ ᠨᠢᠭᠡ︾ ᠶᠢᠨ ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠵᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦ ᠨᠡᠮᠡᠷᠢᠯᠡᠨ᠎ᠡ᠃ ᠰᠠᠭᠤᠷᠢ ᠴᠢᠨᠠᠷᠲᠠᠢ ᠠᠵᠢᠯ ᠢ ᠲᠠᠰᠤᠷᠠᠯᠲᠠ | ᠦᠭᠡᠢ ᠪᠠᠬᠢᠵᠢᠭᠦᠯᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠪᠣᠯᠣᠨ ᠬᠡᠷᠡᠭᠯᠡᠯᠲᠡ ᠶᠢ ᠴᠢᠩᠭᠠᠳᠬᠠᠵᠤ᠂ ᠵᠠᠷᠯᠠᠨ | ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠣᠯᠬᠤ ᠳᠠᠶᠢᠨ ᠢ ᠦᠷᠭᠦᠯᠵᠢᠯᠡᠨ ᠲᠦᠯᠬᠢᠨ ᠠᠬᠢᠭᠤᠯᠤᠨ᠎ᠠ | ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ︽ᠪᠣᠴᠠᠵᠣ | ᠪᠠᠶᠢᠴᠠᠭᠠᠨ ᠦᠵᠡᠬᠦ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠢᠯᠴᠢ ᠬᠠᠩᠭᠠᠬᠤ ᠠᠵᠤ ᠠᠬᠤᠶᠢᠯᠠᠯ ᠢ ᠬᠢᠨᠠᠨ | ᠬᠠᠮᠢᠶᠠᠷᠬᠤ ᠪᠠ ᠢᠯᠴᠢ ᠶᠢᠨ ᠡᠬᠢ ᠰᠤᠷᠪᠤᠯᠵᠢ ᠶᠢ ᠨᠡᠶᠢᠳᠬᠡᠬᠦ ᠶᠢ ᠴᠢᠩᠭᠠᠳᠬᠠᠨ᠂ ᠴᠧᠩ ᠭᠤᠸᠠᠨ ᠪᠠᠯᠭᠠᠰᠤ ᠶᠢᠨ | ᠪᠠᠶᠢᠭᠤᠯᠣᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠭᠦᠸᠧᠯᠦ ᠶᠢ ᠪᠦᠬᠦ ᠲᠠᠯ᠎ᠠ ᠪᠠᠷ ᠰᠢᠭᠰᠢᠭᠳᠡᠭᠦᠯᠵᠦ ᠬᠦᠴᠦᠨ ᠦᠭᠡᠢ ᠪᠣᠯᠭᠠᠨ᠂ ᠴᠡᠪᠡᠷ ᠵᠤᠤᠬ᠎ᠠ ᠶᠢ | ᠰᠣᠯᠢᠬᠤ ᠠᠵᠢᠯ ᠢ ᠭᠦᠨᠵᠡᠭᠡᠢ ᠥᠷᠨᠢᠭᠦᠯᠦᠨ᠎ᠡ᠃ ᠴᠧᠩ ᠭᠤᠸᠠᠨ ᠪᠠᠯᠭᠠᠰᠤ ᠶᠢᠨ ᠰᠢᠨ᠎ᠡ ᠣᠰᠣᠨ ᠰᠤᠷᠪᠤᠯᠵᠢ ᠶᠢᠨ | ᠭᠠᠵᠠᠷ ᠢ ᠨᠡᠭᠦᠯᠭᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠡᠯ᠎ᠡ ᠰᠢᠶᠠᠩ ᠪᠠᠯᠭᠠᠰᠤ᠂ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠢᠳᠡᠪᠬᠢᠲᠡᠶ ᠲᠥᠯᠥᠪᠵᠢᠭᠦᠯᠵᠦ᠂ ᠲᠦᠪᠯᠡᠷᠡᠯ ᠤᠨ | ᠲᠣᠭᠤᠷᠢᠭ ᠤᠨ ᠳᠤᠮᠳᠠᠬᠢ ᠤᠰᠤᠨ ᠤ ᠦᠢᠯᠡᠳᠪᠦᠷᠢ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠢᠴᠢ | ᠢᠵᠢ ᠪᠦᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠵᠤ᠂ ᠳᠤᠮᠳᠠᠬᠢ ᠤᠰᠤ ᠶᠢ ᠪᠤᠴᠠᠭᠠᠨ ᠬᠡᠷᠡᠭᠯᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠭᠠᠳᠠᠭᠰᠢᠯᠠᠭᠤᠯᠣᠯᠲᠠ ᠨᠢ ᠪᠠᠷᠢᠮᠵᠢᠶ᠎ᠠ ᠳᠤ ᠬᠦᠷᠴᠦ ᠪᠠᠶᠢᠬᠤ ᠶᠢ | ᠪᠠᠲᠤᠯᠠᠨ᠎ᠠ᠃ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠦᠷᠭᠦᠯᠵᠢᠯᠡᠨ ᠥᠷᠨᠢᠭᠦᠯᠵᠦ᠂ | ᠦᠨᠡᠮᠯᠡᠯ ᠦᠭᠡᠢ ᠬᠠᠶᠢᠷ ᠴᠢᠯᠠᠭᠤᠨ ᠨᠠᠩᠭᠢ ᠰᠢᠷᠣᠶ ᠶᠢᠨ ᠠᠭᠤᠷᠬᠠᠶ ᠶᠢ ᠬᠠᠭᠠᠵᠤ ᠵᠣᠭᠰᠣᠭᠠᠨ ᠴᠠᠭᠠᠵᠠᠯᠠᠵᠤ᠂ | ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠲᠣᠭᠤᠰᠬ᠎ᠠ ᠶᠢᠨ ᠦᠢᠯᠡᠳᠪᠦᠷᠢ ᠶᠢᠨ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠠᠭᠤᠷᠬᠠᠢ ᠶᠢᠨ ᠬᠥᠭᠵᠢᠯᠲᠡ ᠶᠢ ᠶᠡᠬᠡᠪᠡᠷ ᠲᠦᠯᠬᠢᠨ | ᠠᠬᠢᠭᠤᠯᠵᠤ᠂ ᠣᠣᠯ ᠠᠴᠠ ᠪᠠᠨ ᠦᠯᠡᠳᠡᠭᠳᠡᠵᠦ ᠢᠷᠡᠭᠰᠡᠨ᠂ ᠡᠵᠡᠨ ᠦᠭᠡᠢ ᠠᠭᠤᠷᠬᠠᠢ ᠶᠢᠨ ᠠᠭᠤᠯᠠ ᠶᠢᠨ ᠵᠠᠰᠠᠯᠲᠠ | ᠪᠣᠯᠣᠨ ᠠᠮᠢ ᠠᠬᠤᠢ ᠶᠢ ᠰᠡᠷᠭᠦᠭᠡᠬᠦ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠦᠢᠯᠡᠳᠪᠦᠷᠢᠯᠡᠯ | ᠠᠭᠤᠷᠬᠠᠢ ᠶᠢᠨ ᠵᠠᠰᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠠᠭᠤᠷᠬᠠᠢ ᠮᠠᠯᠲᠠᠬᠤ ᠡᠷᠬᠡᠲᠦ | ᠬᠥᠮᠥᠨ ᠤ ᠵᠠᠰᠠᠬᠤ ᠲᠥᠰᠦᠯ ᠢ ᠦᠨᠳᠦᠰᠦᠯᠡᠨ ᠬᠤᠭᠤᠴᠠᠭ᠎ᠠ ᠬᠤᠪᠢᠶᠠᠨ ᠵᠠᠰᠠᠬᠤ ᠶᠢ ᠰᠢᠮᠳᠠᠭᠤᠯᠵᠤ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠡᠭᠦᠳᠡ ᠪᠠᠨ ᠬᠠᠭᠠᠭᠰᠠᠨ ᠠᠭᠤᠷᠬᠠᠢ ᠶᠢᠨ ᠬᠠᠤᠯᠢ ᠶᠣᠰᠣᠭᠠᠷ ᠡᠮᠬᠢ ᠵᠢᠷᠤᠮ ᠲᠠᠢ ᠪᠠᠷ | ᠤᠬᠤᠷᠢᠨ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠮᠠᠯ ᠵᠢᠭᠦᠷᠲᠡᠨ ᠤ ᠲᠡᠵᠢᠭᠡᠬᠦ ᠶᠢ ᠴᠠᠭᠠᠵᠠᠯᠠᠬᠤ᠂ ᠲᠡᠵᠢᠭᠡᠬᠦ ᠶᠢ | ᠬᠢᠵᠠᠭᠠᠷᠯᠠᠬᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠵᠠᠭᠠᠷᠯᠠᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠎ᠡ | ︽ᠠᠵᠤ ᠦᠢᠯᠡᠰ ᠬᠥᠭᠵᠢᠨ ᠴᠡᠴᠡᠭᠯᠡᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ | ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ | ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠳᠡᠭᠡ | ᠠᠵᠤ ᠠᠬᠤᠢ ᠶᠢᠨ ᠪᠦᠬᠦ ᠲᠠᠯ᠎ᠠ ᠶᠢᠨ ᠳᠡᠰ ᠳᠠᠪᠰᠢᠯᠲᠠ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠳᠠᠪᠰᠢᠯᠲᠠ᠂ | ᠲᠠᠷᠢᠶᠠᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠳᠤ ᠬᠦᠴᠦ ᠪᠠᠨ ᠲᠦᠪᠯᠡᠷᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠴᠡᠭ ᠢ ᠰᠠᠶᠢᠲᠤᠷ ᠠᠳᠬᠤᠬᠤ ᠪᠠᠷ ᠠᠵᠠ ᠲᠣᠬᠢᠶᠠᠯ | ᠪᠣᠯᠭᠠᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠣᠨ᠎ᠠ᠃ | ᠲᠠᠷᠢᠮᠠᠯ ᠤᠨ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠭᠦᠯᠦᠨ᠎ᠡ᠃ ︽ | ᠬᠦᠨᠡᠰᠦᠨ ᠤ ᠤᠭᠤᠲᠠ︾ ︽ᠨᠣᠭᠤᠭ᠎ᠠ ᠶᠢᠨ ᠰᠠᠭᠰᠤ︾ ᠶᠢᠨ ᠭᠠᠷᠤᠯᠲᠠ ᠶᠢ ᠲᠣᠭᠲᠠᠪᠤᠷᠢᠵᠢᠭᠤᠯᠬᠤ ᠰᠠᠭᠤᠷᠢ ᠶᠢ | ᠰᠠᠶᠢᠲᠤᠷ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ︔ ︽ᠠᠮᠤ | ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠵᠡᠷᠭᠡ ᠲᠥᠷᠥᠯ ᠵᠦᠢᠯ ᠢ ᠠᠰᠢᠭᠯᠠᠨ᠂ ᠳᠠᠷᠤᠰᠢᠭᠤᠯᠬᠤ ᠡᠷᠳᠡᠨᠢ | ᠰᠢᠰᠢ ᠲᠠᠷᠢᠬᠤ ᠲᠠᠯᠠᠪᠠᠢ ᠶᠢ 15 ᠲᠦᠮᠡᠨ ᠮᠤ᠋ ᠳᠤ ᠬᠦᠷᠭᠡᠬᠦ ᠪᠠᠷ ᠴᠢᠷᠮᠠᠶᠢᠨ᠎ᠠ︔ ᠥᠨᠳᠥᠷ ᠤᠨᠠᠯᠲᠠ ᠲᠠᠢ ᠴᠢᠨᠠᠷ | ᠰᠠᠶᠢᠲᠠᠢ ᠴᠠᠷᠭᠠᠰᠤ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠣ᠂ ᠴᠢᠨᠠᠷ ᠰᠠᠶᠢᠲᠠᠢ | ᠪᠡᠯᠴᠢᠭᠡᠷ ᠡᠪᠡᠰᠦ ᠲᠠᠷᠢᠬᠤ ᠲᠠᠯᠠᠪᠠᠢ ᠶᠢ 9 ᠲᠦᠮᠡᠨ ᠮᠦ ᠳᠤ ᠬᠦᠷᠭᠡᠬᠦ ᠪᠠᠷ ᠴᠢᠷᠮᠠᠶᠢᠨ᠎ᠠ︔ ᠣᠳᠣ ᠪᠠᠶᠢᠭ᠎ᠠ ᠢᠳᠡᠰᠢᠨ | ᠨᠣᠭᠤᠭ᠎ᠠ ᠶᠢᠨ ᠰᠠᠭᠤᠷᠢᠨ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ | ᠢᠯᠠ ᠭᠠᠵᠠᠷ᠂ ᠬᠦᠯᠡᠮᠵᠢ ᠶᠢᠨ ᠲᠣᠮᠣ ᠰᠠᠷᠠᠪᠴᠢ ᠶᠢᠨ ᠢᠳᠡᠰᠢᠨ ᠨᠣᠭᠤᠭ᠎ᠠ ᠭᠤᠸ᠎ᠠ ᠵᠢᠮᠢᠰ ᠲᠠᠷᠢᠬᠤ ᠶᠢ ᠲᠣᠷᠰᠢᠨ | ᠰᠦᠪᠡᠭᠴᠢᠯᠡᠵᠦ᠂ ᠵᠠᠬᠢᠶᠠᠯᠠᠭ᠎ᠠ ᠶᠢᠨ ᠲᠠᠷᠢᠮᠠᠯ᠂ ᠮᠣᠩᠭᠤᠯ ᠬᠢᠲᠠᠳ ᠡᠮ ᠤᠨ ᠮᠠᠲ᠋ᠧᠷᠢᠶᠠᠯ ᠵᠢᠴᠢ ᠴᠡᠴᠡᠭ ᠬᠤᠸᠠᠷ | ᠲᠠᠷᠢᠬᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ᠎ᠡ᠃ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ | ᠰᠠᠯᠭᠠᠬᠤ︾ ᠳᠦᠷᠢᠮ ᠢ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠬᠤᠪᠢ | ᠣᠷᠣᠭᠤᠯᠤᠨ ᠬᠤᠷᠰᠢᠬᠤ ᠵᠡᠷᠭᠡ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠠᠵᠠᠷ ᠰᠢᠷᠣᠶ ᠶᠢᠨ | ᠬᠡᠪᠴᠢᠶᠡᠵᠢᠯᠲᠦ ᠡᠵᠡᠩᠨᠡᠯᠲᠡ ᠶᠢ ᠠᠬᠢᠭᠤᠯᠤᠨ᠎ᠠ᠃ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠵᠦ | ᠭᠠᠭ᠋ᠠᠶ ᠵᠢᠭᠦᠷᠲᠡᠨ ᠢ ᠥᠷᠭᠡᠳᠬᠡᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠶᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ | ᠵᠧᠩ ᠳ᠋ᠠ ᠺᠣᠮᠫᠠᠨᠢ ᠶᠢᠨ ᠵᠠᠭᠤᠨ ᠲᠦᠮᠡᠨ ᠲᠣᠯᠣᠭᠠᠶ ᠭᠠᠭ᠋ᠠᠢ ᠲᠡᠵᠢᠭᠡᠬᠦ ᠠᠵᠤ ᠦᠢᠯᠡᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠠᠬᠢᠭᠤᠯᠵᠤ᠂ ᠵᠧᠩ ᠭᠦ᠋᠂ ᠵᠧᠩ ᠶᠧ ᠤᠨ ᠬᠡᠪᠴᠢᠶᠡᠵᠢᠭᠰᠡᠨ | ᠭᠠᠭ᠋ᠠᠶ ᠶᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠢᠨ ᠢ ᠦᠢᠯᠡᠳᠪᠦᠷᠢᠯᠡᠯ ᠤᠨ ᠬᠡᠮᠵᠢᠶᠡᠨ ᠳᠤ ᠬᠦᠷᠭᠡᠬᠦ ᠪᠠᠷ | ᠴᠢᠷᠮᠠᠶᠢᠨ᠎ᠠ᠃ ᠨᠢᠭᠡ ᠪᠦᠯᠦᠭ ᠠᠯᠠᠰᠢᠨ ᠦᠬᠡᠷ᠂ ᠠᠯᠠᠰᠢᠨ ᠡᠯᠵᠢᠭᠡ᠂ ᠠᠯᠠᠰᠢᠨ ᠬᠤᠨᠢ᠂ ᠰᠠᠭᠠᠯᠢ ᠶᠢᠨ ᠢᠮᠠᠭ᠎ᠠ᠂ | ᠥᠨᠳᠡᠭᠡᠨ ᠲᠠᠬᠢᠶ᠎ᠠ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ ᠡᠭᠦᠯᠳᠡᠷ | ᠰᠠᠶᠢᠵᠢᠷᠠᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠣ᠂ ᠮᠠᠨ ᠤ ᠰᠢᠶᠠᠨ ᠢ ᠮᠠᠯ ᠠᠵᠤ ᠠᠬᠤᠢ ᠶᠢᠨ ᠲᠣᠮᠣ | ᠰᠢᠶᠠᠨ ᠠᠴᠠ ᠮᠠᠯ ᠠᠵᠤ ᠠᠬᠤᠢ ᠶᠢᠨ ᠬᠦᠴᠦᠷᠬᠡᠭ ᠰᠢᠶᠠᠨ ᠲᠡᠰᠢ ᠬᠤᠪᠢᠷᠠᠬᠤ ᠶᠢ ᠲᠦᠯᠬᠢᠨ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ | ᠬᠥᠭᠵᠢᠭᠦᠯᠦᠨ᠎ᠡ᠃ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠷᠢᠶᠠᠯᠠᠩ ᠤᠨ | ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠪᠠ ᠦᠢᠯᠡᠳᠪᠦᠷᠢᠯᠡᠯ ᠤᠨ ᠴᠢᠨᠠᠷᠲᠠᠶ ᠨᠡᠶᠢᠭᠡᠮᠴᠢᠯᠡᠭᠰᠡᠨ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡ ᠶᠢ ᠢᠳᠡᠪᠬᠢᠲᠡᠶ ᠬᠥᠭᠵᠢᠭᠦᠯᠵᠦ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠲᠠᠰ ᠳᠡᠪᠰᠢᠬᠦ ᠶᠢ | ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠤᠰᠬᠠᠶ ᠡᠷᠦᠭᠡ᠂ ᠬᠤᠷᠰᠢᠶᠠᠵᠢᠯ ᠵᠡᠷᠭᠡ ᠡᠵᠡᠩᠨᠡᠯᠲᠡ ᠶᠢᠨ | ᠪᠡᠶᠡᠴᠢ ᠴᠣᠭᠴᠠ ᠶᠢᠨ ᠲᠠᠷᠢᠶᠠᠯᠠᠩ ᠤᠨ ᠠᠵᠤ ᠠᠬᠤᠶᠢᠯᠠᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠠᠷᠢᠮᠠᠯ ᠤᠨ | ᠲᠣᠮᠣ ᠡᠷᠦᠭᠡ ᠵᠡᠷᠭᠡ ᠲᠠᠢ ᠮᠧᠬᠠᠨᠢᠭ ᠪᠠᠭᠠᠵᠢ ᠶᠢ ᠬᠠᠮᠲᠤ ᠪᠠᠷ ᠡᠳ᠋ᠯᠡᠬᠦ ᠦᠢᠯᠡᠳᠪᠦᠷᠢᠯᠡᠯ ᠤᠨ ᠬᠤᠯᠪᠣᠭᠠᠲᠤ ᠴᠣᠭᠴᠠ | ᠪᠠᠶᠢᠭᠤᠯᠬᠤ ᠶᠢ ᠵᠣᠷᠢᠭᠵᠢᠭᠤᠯᠤᠨ᠎ᠠ᠃ ᠣᠳᠣ ᠦᠶ᠎ᠡ ᠶᠢᠨ ᠰᠡᠯᠡᠭᠦᠴᠡᠯ ᠤᠨ ᠲᠠᠷᠢᠶᠠᠯᠠᠩ᠂ ᠪᠡᠶᠡᠴᠢᠯᠡᠨ ᠣᠶᠢᠯᠠᠭᠠᠬᠤ | ᠲᠠᠷᠢᠶᠠᠯᠠᠩ᠂ ᠪᠦᠲᠦᠭᠡᠯᠴᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠵᠧᠩ ᠶᠣᠸᠠᠨ᠂ ᠯᠢᠦᠢ ᠶᠧ᠂ ᠰᠠᠢ ᠸᠠᠢ ᠲᠤᠣ | ᠶᠣᠸᠠᠨ᠂ ᠮᠧᠩ ᠼᠤᠤ᠂ ᠮᠧᠩ ᠱᠣ᠋ ᠵᠡᠷᠭᠡ ᠠᠵᠤ ᠠᠬᠤᠶᠢᠯᠠᠯ᠂ ᠨᠠᠨᠱᠠᠨ᠂ ᠣᠣ ᠸᠧᠢ ᠵᠡᠷᠭᠡ ᠵᠢᠭᠤᠯᠴᠢᠯᠠᠯ ᠤᠨ | ᠦᠵᠡᠮᠵᠢ ᠶᠢᠨ ᠣᠷᠣᠨ᠂ ᠳᠠᠶᠢᠴᠢᠳ᠂ ᠢᠦᠢ ᠯᠢᠨ ᠬᠤᠲᠠ ᠵᠡᠷᠭᠡ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ | ᠳᠤ ᠲᠦᠰᠢᠭᠯᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠳᠤ ᠦᠢᠯᠡᠴᠢᠯᠡᠬᠦ ᠪᠠᠷ | ᠭᠤᠣᠯ ᠪᠣᠯᠭᠠᠭᠰᠠᠨ᠂ ᠰᠢᠶᠠᠨ ᠤ ᠬᠤᠲᠠ ᠶᠢ ᠬᠦᠷᠢᠶᠡᠯᠡᠭᠰᠡᠨ ᠬᠤᠳᠠ ᠶᠢᠨ ᠣᠳᠣ ᠦᠶ᠎ᠡ ᠶᠢᠨ ᠲᠠᠷᠢᠶᠠᠯᠠᠩ ᠤᠨ | ᠴᠠᠭᠠᠷᠢᠭ ᠢ ᠴᠣᠭᠴᠠᠯᠠᠨ ᠪᠠᠶᠢᠭᠤᠯᠣᠨ᠎ᠠ᠃ ︽ᠢᠨᠲ᠋ᠧᠷ ᠰᠦᠯᠵᠢᠶ᠎ᠡ + ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠤᠯᠤᠰ ᠢ ᠬᠠᠮᠤᠷᠤᠭᠰᠠᠨ ᠪᠣᠬᠢᠷᠲᠤᠯ ᠥᠬᠡᠶ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ | ᠪᠠᠶᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ | ᠰᠢᠶᠠᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠣ᠂ ᠨᠢᠭᠡ ᠪᠦᠯᠦᠭ ᠪᠥᠬᠦ ᠤᠯᠤᠰ᠂ ᠪᠥᠬᠦ ᠣᠷᠣᠨ ᠤ ᠨᠠᠷᠠᠲᠤ | ᠲᠥᠷᠥᠯ ᠲᠡᠮᠳᠡᠭᠲᠦ ᠪᠣᠯᠣᠨ ᠣᠨᠴᠠᠯᠢᠭᠲᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠤᠢ ᠪᠣᠯᠭᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠶᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠠᠭ᠎ᠠ ᠵᠢᠯᠠᠭ᠎ᠠ᠂ | ᠭᠦᠩ ᠯᠠᠮᠠ᠂ ᠸᠠ ᠬᠤᠢ ᠭᠧᠦ ᠶᠢᠨ ᠴᠢᠩ ᠶᠤᠸᠠᠨ ᠰᠠᠭᠤᠷᠢᠨ ᠭᠠᠵᠠᠷ ᠵᠡᠷᠭᠡ ᠬᠦᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠪᠣᠯᠣᠨ ᠬᠤᠲᠠ ᠶᠢᠨ ᠰᠡᠯᠡᠭᠦᠴᠡᠯ ᠤᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠠᠮᠢ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠭᠠᠷᠲᠠᠴᠠ ᠪᠣᠯᠭᠠᠵᠤ᠂ ᠬᠥᠳᠡᠭᠡ ᠲᠣᠰᠬᠤᠨ ᠤ ᠬᠦᠮᠦᠨ | ᠠᠮᠠ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ | 12 ᠲᠤᠷᠰᠢᠯᠲᠠ ᠶᠢᠨ ᠲᠣᠰᠬᠤᠨ ᠤ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠲᠣᠭᠤᠷᠢᠭ ᠵᠢᠴᠢ ᠰᠢᠶᠠᠩ ᠤᠨ ᠵᠠᠰᠠᠭ ᠤᠨ ᠣᠷᠳᠣᠨ ᠤ ᠪᠠᠶᠢᠭ᠎ᠠ | ᠲᠣᠰᠬᠤᠨ ᠢ ᠭᠤᠣᠯᠳᠠᠯᠭ᠎ᠠ ᠲᠠᠢ ᠪᠠᠶᠢᠭᠤᠯᠵᠣ᠂ ᠵᠢᠯ ᠤᠨ ᠳᠣᠲᠣᠷ᠎ᠠ 80 % ᠶᠢᠨ ᠵᠠᠰᠠᠭ ᠵᠠᠬᠢᠷᠭᠠᠨ ᠤ | ᠲᠣᠰᠬᠤᠨ ᠳᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ | ᠂ ᠠᠷᠢᠭᠤᠨ ᠴᠡᠪᠡᠷ ᠢ ᠪᠠᠲᠤᠯᠠᠬᠤ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠣ᠂ ᠬᠥᠳᠡᠭᠡ ᠲᠣᠰᠬᠤᠨ ᠤ ︽ | ᠵᠣᠷᠯᠣᠩ ᠤᠨ ᠬᠤᠪᠢᠰᠬᠠᠯ︾᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠦᠳᠦᠭ ᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠠ | ᠥᠨᠵᠢᠭᠦᠯᠦᠨ ᠲᠠᠷᠢᠬᠤ ᠳᠦᠷᠢᠮ ᠢ ᠬᠡᠷᠡᠭᠵᠢᠭᠦᠯᠵᠦ᠂ ᠪᠣᠷᠳᠣᠭᠤᠷ ᠢ ᠬᠢᠵᠠᠭᠠᠷᠯᠠᠵᠤ ᠦᠷ᠎ᠡ ᠠᠰᠢᠭ ᠢ ᠨᠡᠮᠡᠭᠳᠡᠭᠦᠯᠬᠦ᠂ | ᠡᠮ ᠢ ᠬᠢᠵᠠᠭᠠᠷᠯᠠᠵᠤ ᠬᠤᠤᠷ ᠢ ᠪᠠᠭᠠᠰᠬᠠᠬᠤ᠂ ᠤᠰᠤ ᠶᠢ ᠬᠢᠵᠠᠭᠠᠷᠯᠠᠵᠤ ᠬᠤᠷᠣᠭᠳᠠᠯ ᠢ ᠪᠠᠭᠠᠰᠬᠠᠬᠤ᠂ ᠪᠦᠷᠬᠦᠪᠴᠢ ᠶᠢ | ᠡᠵᠡᠮᠳᠡᠵᠦ ᠦᠷ᠎ᠡ ᠠᠰᠢᠭ ᠢ ᠳᠡᠭᠡᠭᠰᠢᠯᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ | ᠪᠣᠬᠢᠷᠲᠤᠯ ᠥᠬᠡᠶ ᠣᠷᠴᠢᠯ ᠬᠥᠭᠵᠢᠯᠲᠡ ᠶᠢ ᠠᠬᠢᠭᠤᠯᠤᠨ᠎ᠠ᠃ ᠠᠶᠢᠯ ᠲᠣᠰᠬᠤᠨ ᠢ ᠨᠣᠭᠤᠭᠠᠷᠠᠭᠤᠯᠬᠤ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠦᠷᠢᠶ᠎ᠡ | ᠬᠠᠰᠢᠶᠠᠨ ᠤ ᠨᠣᠭᠤᠭᠠᠷᠠᠭᠤᠯᠤᠯᠲᠠ ᠪᠣᠯᠤᠨ ᠠᠶᠢᠯ ᠲᠣᠰᠬᠤᠨ ᠤ ᠤᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ | ᠭᠠᠵᠠᠷ ᠤᠨ ᠪᠦᠲᠦᠭᠡᠨ ᠪᠠᠶᠢᠭᠤᠯᠣᠯᠲᠠ ᠶᠢ ᠰᠠᠶᠢᠲᠤᠷ ᠬᠢᠵᠦ᠂ ᠲᠣᠰᠬᠤᠨ ᠢ ᠲᠣᠭᠤᠷᠢᠭᠰᠠᠨ ᠠᠮᠢ ᠠᠬᠤᠢ ᠠᠵᠤ | ᠠᠬᠤᠢ ᠶᠢᠨ ᠤᠢ ᠰᠢᠭᠤᠢ ᠶᠢᠨ ᠪᠦᠰᠡ ᠶᠢ ᠪᠤᠶᠢᠵᠢᠭᠤᠯᠵᠤ᠂ ᠨᠣᠮᠢᠨ ᠨᠣᠭᠤᠭᠠᠨ ᠦᠵᠡᠰᠭᠦᠯᠡᠩᠲᠦ ᠰᠠᠶᠢᠬᠠᠨ ᠠᠶᠢᠯ | ᠲᠣᠰᠬᠤᠨ ᠢ ᠴᠣᠭᠴᠠᠯᠠᠨ ᠪᠠᠶᠢᠭᠤᠯᠣᠨ᠎ᠠ᠃ ᠲᠣᠮᠣ ᠮᠣᠳᠣ᠂ ᠡᠷᠲᠡᠨ ᠤ ᠮᠣᠳᠣ ᠶᠢ ᠰᠠᠶᠢᠲᠤᠷ ᠬᠠᠮᠠᠭᠠᠯᠠᠵᠤ᠂ | ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠢ ᠶᠢᠨ ᠦᠵᠡᠮᠵᠢ ᠶᠢᠨ ᠳᠦᠷᠰᠦ ᠪᠠᠶᠢᠳᠠᠯ ᠢ ᠤᠯᠠᠮᠵᠢᠯᠠᠨ | ᠵᠠᠯᠭᠠᠮᠵᠢᠯᠠᠵᠤ᠂ ᠠᠷᠠᠳ ᠤᠯᠠᠨ ᠳᠤ ᠨᠤᠲᠤᠭ ᠤᠨ ᠬᠠᠶᠢᠷ᠎ᠠ ᠰᠡᠳᠬᠢᠯᠭᠡ ᠶᠢ ᠨᠢ ᠴᠡᠭᠡᠵᠢᠯᠡᠭᠦᠯᠵᠦ᠂ ᠰᠠᠶᠢᠨ ᠰᠠᠶᠢᠬᠠᠨ | ᠠᠮᠢ ᠠᠬᠤᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢ ᠴᠡᠭ ᠪᠣᠯᠭᠠᠨ᠎ᠠ᠃ | ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠠᠳᠠᠯ ᠦᠢᠯᠡᠰ | ᠴᠣᠭᠴᠠᠯᠠᠬᠤ ᠰᠠᠶᠢᠨ ᠰᠠᠶᠢᠠᠬᠨ ᠣᠷᠴᠢᠨ ᠲᠣᠭᠤᠷᠢᠨ ᠢ ᠪᠤᠢ ᠪᠣᠯᠭᠠᠵᠤ᠂ ᠡᠯ᠎ᠡ ᠲᠥᠷᠥᠯ ᠤᠨ ᠴᠢᠳᠠᠪᠤᠷᠢᠲᠠᠨ ᠢ | ᠲᠡᠳᠡᠨ ᠠᠪᠴᠢᠷᠠᠵᠤ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠭᠤᠯᠵᠣ᠂ ᠬᠥᠳᠡᠭᠡ ᠲᠣᠰᠬᠤᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠤᠰ ᠭᠠᠵᠠᠷ ᠤᠨ ᠴᠢᠳᠠᠪᠤᠷᠢᠲᠠᠨ ᠢ ᠢᠳᠡᠪᠬᠢᠲᠡᠶ ᠪᠠᠷ | ᠠᠭᠤᠳᠠᠯᠤᠨ ᠬᠥᠮᠦᠵᠢᠭᠦᠯᠵᠦ᠂ ᠲᠤᠬᠠᠶ ᠶᠢᠨ ᠭᠠᠵᠠᠷ ᠲᠤᠨᠢ ᠲᠠᠷᠢᠶᠠᠯᠠᠩ ᠳᠤ ᠳᠤᠷᠠᠲᠠᠶ᠂ ᠮᠡᠷᠭᠡᠵᠢᠯ ᠳᠤ ᠴᠠᠭᠠᠷᠠᠭᠰᠠᠨ | ᠂ ᠡᠵᠡᠩᠨᠡᠬᠦ ᠳᠤ ᠴᠢᠳᠠᠮᠠᠭᠠᠶ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠳ ᠢ ᠨᠠᠩ ᠤᠯᠠᠨ ᠬᠥᠮᠦᠵᠢᠭᠦᠯᠦᠨ᠎ᠡ | ᠃ ᠵᠣᠷᠢᠭᠵᠢᠭᠤᠯᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠭᠠᠳᠠᠭᠰᠢ ᠭᠠᠷᠬᠤ | ᠴᠢᠳᠠᠪᠤᠷᠢᠲᠠᠨ᠂ ᠣᠶᠤᠲᠠᠨ ᠭᠠᠴᠠᠭᠠᠨ ᠳᠠᠷᠤᠭ᠎ᠠ᠂ ᠨᠤᠲᠤᠭ ᠲᠤ ᠪᠠᠨ ᠪᠤᠴᠠᠭᠰᠠᠨ ᠣᠶᠤᠲᠠᠨ ᠢ ᠦᠨᠳᠦᠰᠦᠨ | ᠱᠠᠲᠤᠨ ᠳᠤ ᠰᠠᠭᠤᠷᠢᠰᠢᠬᠤ ᠶᠢ ᠵᠣᠷᠢᠭᠵᠢᠭᠤᠯᠵᠤ᠂ ᠲᠠᠷᠢᠶᠠᠯᠠᠩ ᠢ ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ | ᠂ ᠲᠠᠷᠢᠶᠠᠴᠢᠳ ᠢ ᠬᠠᠶᠢᠷᠠᠯᠠᠬᠤ ᠨᠢᠭᠡᠨ ᠰᠠᠯᠠᠭ᠎ᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ | ᠡᠩᠨᠡᠭᠡ ᠶᠢ ᠠᠯᠬᠤᠮ ᠠᠯᠬᠤᠮ ᠢᠶᠠᠷ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ | ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠠᠬᠢᠭᠤᠯᠤᠨ᠎ᠠ᠃ ᠣᠷᠣᠨ ᠨᠤᠲᠤᠭ ᠤᠨ | ᠥᠪᠡᠷᠮᠢᠴᠡ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠣᠨᠴᠠᠯᠢᠭᠲᠤ ᠠᠶᠢᠯ ᠲᠣᠰᠬᠤᠨ ᠢ ᠪᠦᠲᠦᠭᠡᠨ | ᠪᠠᠶᠢᠭᠤᠯᠵᠣ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠨᠤᠲᠤᠭ ᠤᠨ ᠮᠥᠷᠥᠭᠡᠳᠦᠯ | ᠳᠤᠷᠠᠰᠬᠠᠯ ᠤᠨ ᠣᠷᠳᠣᠨ ᠪᠣᠯᠣᠨ ᠰᠣᠶᠣᠯ ᠤᠷᠠᠯᠢᠭ ᠤᠨ ᠲᠠᠯᠠᠪᠤᠷ ᠣᠷᠳᠣᠨ ᠵᠡᠷᠭᠡ ᠶᠢ ᠪᠠᠶᠢᠭᠤᠯᠵᠣ᠂ ᠬᠥᠳᠡᠭᠡ | ᠲᠣᠰᠬᠤᠨ ᠤ ᠣᠨᠴᠠᠯᠢᠭᠲᠤ ᠰᠣᠶᠣᠯ ᠤᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠬᠥᠳᠡᠭᠡ ᠲᠣᠰᠬᠤᠨ ᠤ | ᠤᠯᠠᠮᠵᠢᠯᠠᠯᠲᠤ ᠶᠣᠰᠣ ᠰᠤᠷᠲᠠᠬᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠭᠤᠳᠠᠯᠵᠤ᠂ ᠬᠥᠳᠡᠭᠡ | ᠲᠣᠰᠬᠤᠨ ᠤ ᠵᠠᠩ ᠰᠤᠷᠲᠠᠯ ᠤᠨ ᠪᠣᠯᠪᠠᠰᠤᠨ ᠢᠶᠠᠷ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠵᠦ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠣᠭᠲᠠᠭᠠᠵᠤ᠂ | ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠳᠠᠪᠰᠢᠯᠲᠠ ᠶᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠭᠰᠡᠨ ᠣᠶᠣᠨ ᠰᠠᠨᠠᠭᠠᠨ ᠤ ᠬᠥᠳᠡᠯᠭᠡᠬᠦ ᠬᠦᠴᠦᠨ ᠢ | ᠬᠠᠩᠭᠠᠨ᠎ᠠ᠃ | ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠠᠬᠢᠭᠤᠯᠤᠨ᠎ᠠ᠃ ᠬᠥᠳᠡᠭᠡ | ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠪᠣᠯᠤᠨ ᠰᠢᠨ᠎ᠡ ᠨᠢᠭᠡ ᠬᠤᠭᠤᠴᠠᠭᠠᠨ ᠤ ᠲᠣᠰᠬᠤᠨ ᠤ ︽ᠬᠤᠶᠠᠷ ᠵᠥᠪᠯᠡᠯ︾ ᠤᠨ | ᠺᠠᠳ᠋ᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠯᠠᠭᠴᠢ ᠬᠦᠴᠦᠨ᠂ ᠬᠤᠰᠢᠭᠤᠴᠢ ᠴᠡᠷᠢᠭ | ᠪᠣᠯᠭᠠᠨ᠎ᠠ᠃ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ | ᠰᠦᠪᠡᠭᠴᠢᠯᠡᠵᠦ᠂ ︽ᠭᠤᠷᠪᠠ ᠶᠢ ᠵᠠᠰᠠᠬᠤ ᠶᠢ ᠨᠢᠭᠡᠳᠬᠡᠭᠰᠡᠨ︾ ᠣᠳᠣ ᠦᠶ᠎ᠡ ᠶᠢᠨ ᠬᠥᠳᠡᠭᠡ ᠲᠣᠰᠬᠤᠨ ᠤ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠡᠷᠡᠭᠦᠯ ᠪᠥᠭᠡᠳ ᠡᠮᠬᠢ ᠵᠢᠷᠤᠮ ᠲᠠᠢ ᠪᠠᠷ ᠠᠬᠢᠭᠤᠯᠬᠤ ᠶᠢ ᠪᠠᠲᠤᠯᠠᠨ᠎ᠠ᠃ | ︵ᠭᠤᠷᠪᠠ︶ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠠᠵᠤ | ᠠᠬᠤᠢ ᠶᠢᠨ ᠦᠨᠳᠦᠷ ᠴᠢᠨᠰᠠᠭᠠᠲᠣ ᠬᠥᠭᠵᠢᠯᠲᠡ ᠶᠢ ᠠᠬᠢᠭᠤᠯᠤᠨ᠎ᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠣᠯ ᠰᠢᠪᠲᠤᠯᠤᠯᠲᠠ ᠶᠢᠨ | ᠴᠢᠭᠯᠡᠯ ᠪᠣᠯᠭᠠᠵᠤ᠂ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ | ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠶᠡᠬᠡᠪᠡᠷ | ᠳᠠᠮᠵᠢᠵᠤ᠂ ᠪᠣᠬᠢᠷᠲᠤᠯ ᠦᠭᠡᠢ᠂ ᠰᠢᠨ᠎ᠡ ᠶᠢ ᠡᠭᠦᠳᠬᠦ᠂ ᠡᠬᠢ ᠪᠠᠶᠠᠯᠢᠭ ᠢ ᠦᠯᠦ ᠲᠦᠰᠢᠭᠯᠡᠬᠦ ᠬᠡᠯᠪᠡᠷᠢ ᠶᠢᠨ | ᠬᠥᠭᠵᠢᠯᠲᠡ ᠶᠢᠨ ᠵᠠᠮ ᠢᠶᠠᠷ ᠴᠢᠷᠮᠠᠶᠢᠨ ᠵᠠᠮᠨᠠᠨ᠎ᠠ᠃ | ᠤᠯᠠᠮᠵᠢᠯᠠᠯᠲᠤ ᠭᠤᠣᠯᠯᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠦ ᠰᠠᠭᠠᠯᠢ ᠶᠢᠨ ᠦᠢᠯᠡᠰ ᠤᠨ ᠳᠡᠰ ᠳᠡᠪᠰᠢᠬᠦ ᠠᠵᠢᠯᠯᠠᠭ᠎ᠠ ᠶᠢ | ᠥᠷᠨᠢᠭᠦᠯᠵᠦ᠂ ᠮᠧᠩ ᠨᠢᠦ ᠶᠢ ᠣᠳᠣ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠴᠢᠶᠠᠯᠠᠪᠤᠷᠢ ᠶᠢ ᠠᠰᠢᠭᠯᠠᠬᠤ ᠶᠢ ᠪᠦᠬᠦ ᠬᠦᠴᠦᠨ ᠢᠶᠠᠷ ᠳᠡᠮᠵᠢᠵᠦ᠂ ᠳᠡᠯᠡᠬᠡᠶᠢᠴᠢᠯᠡᠭᠰᠡᠨ ᠰᠦ ᠰᠠᠭᠠᠯᠢ ᠶᠢᠨ | ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠪᠣᠯᠣᠨ | ᠴᠠᠭᠠᠨ ᠢᠳᠡᠭᠡᠨ ᠤ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠵᠣ᠂ ᠰᠠᠢ ᠺᠧ ᠰᠢᠩ ᠳᠤ ᠲᠦᠰᠢᠭᠯᠡᠨ | ᠳᠡᠯᠡᠬᠡᠶ ᠶᠢᠨ ᠥᠷᠢᠰᠦᠯᠳᠦᠬᠦ ᠬᠦᠴᠦᠨ ᠪᠦᠬᠦᠢ ᠣᠳᠣ ᠦᠶ᠎ᠡ ᠶᠢᠨ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠶᠢ | ᠪᠤᠶᠢᠵᠢᠭᠤᠯᠬᠤ ᠮᠡᠷᠭᠡᠵᠢᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠣ᠂ ᠶᠠ ᠱᠢ ᠯᠢ᠂ ᠱᠧᠩ ᠮᠤ᠋ ᠳᠡᠭᠡᠳᠦ | ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠹᠦ᠋ ᠶᠢᠦ ᠬᠤᠯᠪᠣᠭᠠᠯᠠᠯ ᠵᠡᠷᠭᠡ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠪᠥᠬᠦ ᠬᠦᠴᠦᠨ ᠢᠶᠠᠷ ᠢᠶᠠᠨ ᠲᠡᠳᠬᠦᠨ ᠳᠡᠮᠵᠢᠵᠦ᠂ ᠳᠤᠮᠳᠠᠳᠤ ᠤᠯᠤᠰ ᠤᠨ ᠰᠦ ᠰᠠᠭᠠᠯᠢ ᠶᠢᠨ | ᠬᠤᠲᠠ ᠶᠢᠨ ᠭᠤᠣᠯᠯᠠᠬᠤ ᠲᠣᠭᠤᠷᠢᠭ ᠤᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ︔ ᠱᠧᠩ | ᠵᠢᠶᠠᠨ ᠮᠸᠢ ᠶᠠᠩ᠂ ᠼᠣᠣ ᠶᠣᠸᠠᠨ ᠢᠦᠢ ᠯᠢᠦᠢ ᠵᠡᠷᠭᠡ ᠠᠵᠤ ᠠᠬᠤᠶᠢᠯᠠᠯ ᠢ ᠢᠮᠠᠭᠠᠨ ᠰᠦ᠂ ᠡᠯᠵᠢᠭᠡᠨ ᠰᠦ ᠵᠡᠷᠭᠡ | ᠠᠵᠤ ᠦᠢᠯᠡᠰ ᠢ ᠬᠥᠭᠵᠢᠭᠦᠯᠦᠨ ᠪᠤᠶᠢᠵᠢᠭᠤᠯᠬᠤ ᠶᠢ ᠳᠠᠮᠵᠢᠵᠤ᠂ ᠰᠦ ᠰᠠᠭᠠᠯᠢ ᠶᠢᠨ ᠦᠢᠯᠡᠰ ᠤᠨ ᠤᠯᠠᠨ | ᠡᠰᠢᠵᠢᠭᠰᠡᠨ ᠬᠥᠭᠵᠢᠯᠲᠡ ᠶᠢ ᠪᠡᠶᠡᠯᠡᠭᠦᠯᠦᠨ᠎ᠡ᠃ ᠵᠧᠩ ᠳ᠋ᠠ᠂ ᠮᠧᠩ ᠶᠠᠩ᠂ ᠼᠤᠤ ᠶᠣᠸᠠᠨ ᠾᠧ ᠨᠢᠦ᠂ ᠶᠢᠨ | ᠼᠤᠤ ᠶᠤᠸᠠᠨ ᠵᠡᠷᠭᠡ ᠠᠵᠤ ᠠᠬᠤᠶᠢᠯᠠᠯ ᠳᠤ ᠲᠦᠰᠢᠭᠯᠡᠨ᠂ ᠲᠠᠷᠢᠬᠤ᠂ ᠲᠡᠵᠢᠭᠡᠨ ᠦᠷᠡᠵᠢᠭᠦᠯᠬᠦ᠂ ᠢᠳᠡᠭᠡᠨ | ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠮᠢᠬᠠᠨ ᠤ | ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠰᠦᠷᠦᠭᠵᠢᠯ ᠢ ᠪᠦᠲᠦᠭᠡᠨ ᠪᠠᠶᠢᠭᠤᠯᠣᠨ᠎ᠠ᠃ ᠶᠠᠨᠵᠢᠩ ᠫᠢᠸᠤ᠋᠂ | ᠳᠤᠮᠳᠠᠳᠤ ᠤᠯᠤᠰ ᠤᠨ ᠠᠮᠤ ᠪᠤᠳᠠᠭᠠᠨ ᠤ ᠺᠣᠺᠠ ᠺᠣᠯᠠ᠂ ᠢᠦᠢ ᠬᠠᠩ ᠷᠧᠨ᠂ ᠲᠣᠤ ᠯᠢ᠂ ᡁᠢ ᠲᠢᠶᠠᠨ ᠷᠠᠨ᠂ | ᠵᠢᠶᠠᠨ ᠢ ᠢ ᠱᠧᠩ ᠵᠡᠷᠭᠡ ᠠᠵᠤ ᠠᠬᠤᠶᠢᠯᠠᠯ ᠤᠨ ᠲᠠᠰᠤᠷᠠᠯᠲᠠ ᠦᠭᠡᠢ ᠰᠢᠨ᠎ᠡ ᠪᠦᠲᠦᠭᠡᠭᠳᠡᠬᠦᠨ ᠨᠡᠭᠡᠭᠡᠨ | ᠬᠦᠭᠵᠢᠭᠦᠯᠬᠦ ᠶᠢ ᠳᠡᠮᠵᠢᠵᠦ᠂ ᠤᠮᠳᠠᠭᠠᠨ ᠪᠣᠯᠣᠨ ᠰᠡᠯᠡᠭᠦᠴᠡᠯ ᠤᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠢ | ᠨᠠᠷᠢᠯᠢᠭᠵᠢᠭᠤᠯᠣᠨ ᠡᠷᠬᠢᠯᠡᠬᠦ ᠶᠢ ᠳᠠᠮᠵᠢᠨ᠎ᠠ᠃ ᠴᠠᠬᠢᠯᠭᠠᠨ ᠬᠦᠴᠦᠨ ᠤ ᠠᠵᠤ ᠦᠢᠯᠡᠰ ᠤᠨ ᠲᠠᠰ ᠳᠡᠪᠰᠢᠬᠦ | ᠠᠯᠬᠤᠴᠠ ᠶᠢ ᠲᠦᠷᠭᠡᠳᠬᠡᠨ᠂ ᠬᠤᠷᠢᠨᠭᠡᠷ ᠤᠨ ᠴᠠᠬᠢᠯᠭᠠᠨ ᠦᠢᠯᠡᠳᠪᠦᠷᠢ ᠶᠢᠨ 2 ᠮᠠᠰᠢᠨ ᠴᠣᠭᠴᠠᠯᠠᠪᠤᠷᠢ ᠶᠢ ᠵᠢᠯ | ᠤᠨ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠪᠠᠷ ᠴᠢᠷᠮᠠᠶᠢᠵᠤ᠂ ᠹᠧᠩ ᠬᠤᠸᠠ | ᠢᠯᠴᠢ ᠶᠢᠨ ᠴᠠᠬᠢᠯᠭᠠᠨ᠂ ᠵᠢᠩ ᠨᠧᠩ ᠤᠨ ᠢᠯᠴᠢ ᠶᠢᠨ ᠴᠠᠬᠢᠯᠭᠠᠨ ᠢ ᠥᠷᠭᠡᠳᠬᠡᠨ ᠥᠭᠡᠷᠡᠴᠢᠯᠡᠬᠦ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠬᠦᠷᠢᠶᠡᠯᠡᠩ | ᠲᠣᠭᠤᠷᠢᠭ ᠤᠨ ᠳᠡᠰ ᠳᠡᠪᠰᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠯᠬᠢᠨ ᠠᠬᠢᠭᠤᠯᠵᠤ᠂ | ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠰᠢᠭᠰᠢᠭᠳᠡᠭᠦᠯᠦᠨ᠎ᠡ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ | ᠃ ᠡᠭᠦᠯᠡᠨ ᠪᠤᠳᠤᠯᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠯᠵᠢᠮᠡᠯ | ᠬᠤᠯᠪᠣᠭ᠎ᠠ ᠶᠢᠨ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ | ᠣᠶᠤᠨᠯᠢᠭ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠷᠠᠭᠤᠯᠤᠨ᠂ ᠳ᠋ᠠᠶᠢᠲ᠋ᠠ ᠪᠠᠷ ᠵᠠᠩᠭᠢᠯᠠᠭ᠎ᠠ ᠶᠢᠨ ᠡᠯᠧᠮᠧᠨ᠋ᠲ | ᠪᠣᠯᠭᠠᠭᠰᠠᠨ ᠲᠣᠭᠠᠴᠢᠯᠠᠭᠰᠠᠨ ᠠᠵᠤ ᠠᠬᠤᠶ ᠶᠢ ᠪᠠᠶᠢᠭᠤᠯᠵᠣ᠂ ︽ᠥᠪᠥᠷ ᠮᠣᠩᠭᠤᠯ ᠳᠤ ᠰᠠᠭᠤᠷᠢᠯᠠᠨ᠂ ᠪᠡᠭᠡᠵᠢᠩ | ᠲᠢᠶᠠᠨᠵᠢᠨ ᠾᠧᠪᠧᠢ ᠳᠤ ᠦᠢᠯᠡᠴᠢᠯᠡᠵᠦ᠂ ᠪᠥᠬᠦ ᠤᠯᠤᠰ ᠢ ᠨᠥᠯᠥᠭᠡᠯᠡᠬᠦ︾ ᠡᠭᠦᠯᠡᠨ ᠪᠤᠳᠤᠯᠲᠠ ᠶᠢᠨ ᠳ᠋ᠠᠶᠢᠲ᠋ᠠ ᠶᠢᠨ | ᠲᠥᠪ᠂ ᠪᠡᠯᠡᠳᠬᠡᠯ ᠲᠥᠪ ᠪᠣᠯᠣᠨ ᠨᠡᠭᠡᠭᠡᠨ ᠠᠰᠢᠭᠯᠠᠬᠤ ᠬᠡᠷᠡᠭᠯᠡᠭᠡᠨ ᠤ ᠲᠥᠪ ᠢ ᠪᠠᠶᠢᠭᠤᠯᠣᠨ᠎ᠠ᠃ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠢᠲᠠᠳ ᠮᠣᠩᠭᠤᠯ ᠡᠮ ᠤᠨ ᠠᠵᠤ | ᠦᠢᠯᠡᠰᠵᠢᠯᠲᠡ ᠶᠢ ᠢᠳᠡᠪᠬᠢᠲᠡᠢ ᠠᠬᠢᠭᠤᠯᠵᠤ᠂ ᠳ᠋ᠠ ᠳᠠᠩ ᠡᠮ ᠤᠨ ᠦᠢᠯᠡᠰ᠂ ᠮᠧᠩ ᠲᠠᠢ ᠠᠮᠢᠳᠤ ᠪᠣᠳᠠᠰ᠂ ᠱᠢ | ᠵᠢᠢ ᠹᠦ᠋ ᠺᠠᠩ᠂ ᠤᠯᠤᠰ ᠤᠨ ᠡᠮ ᠤᠨ ᠪᠦᠯᠦᠭᠯᠡᠯ ᠵᠡᠷᠭᠡ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠬᠤ ᠶᠢ | ᠪᠠᠲᠤᠯᠠᠨ᠎ᠠ᠃ ᠣᠷᠣᠨ ᠪᠦᠰᠡ ᠶᠢᠨ ᠣᠨᠴᠠᠯᠢᠭ ᠲᠠᠢ ᠠᠮᠢ ᠠᠬᠤᠢ ᠶᠢᠨ ᠠᠵᠤ ᠦᠢᠯᠡᠰ ᠢ ᠴᠢᠷᠮᠠᠶᠢᠨ ᠪᠠᠶᠢᠭᠤᠯᠵᠣ᠂ | ᠮᠧᠩ ᠼᠤᠤ᠂ ᠮᠧᠩ ᠱᠣ᠋ ᠵᠡᠷᠭᠡ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶᠡᠵᠢᠯ ᠢᠶᠠᠨ ᠤᠷᠲᠤᠳᠬᠠᠬᠤ᠂ | ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠬᠦ ᠶᠢ ᠳᠠᠮᠵᠢᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ | ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠨ ᠭᠦ᠋ ᠰᠢᠨᠵᠢᠯᠡᠬᠦ ᠤᠬᠠᠭᠠᠨ ᠮᠡᠷᠭᠡᠵᠢᠯ᠂ ᠰᠢᠶᠠᠨ ᠬᠤᠩ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ᠹᠦᠯᠧᠷ ᠠᠯᠺᠧᠨ᠂ ᠵᠦᠯᠭᠦᠬᠦ ᠶᠢ ᠡᠰᠡᠷᠭᠦᠴᠡᠬᠦ ᠪᠡᠭᠡ ᠶᠢᠨ | ᠮᠠᠲ᠋ᠧᠷᠢᠶᠠᠯ ᠢ ᠰᠠᠶᠢᠲᠤᠷ ᠬᠡᠷᠡᠭᠯᠡᠨ ᠳᠡᠯᠭᠡᠷᠡᠭᠦᠯᠬᠦ ᠶᠢ ᠦᠷᠭᠦᠯᠵᠢᠯᠡᠨ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠬᠥᠲᠥᠯᠥᠨ ᠳᠠᠭᠠᠭᠤᠯᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠰᠢᠨ᠎ᠡ | ᠮᠠᠲ᠋ᠧᠷᠢᠶᠠᠯ ᠤᠨ ᠠᠵᠤ ᠠᠬᠤᠶᠢᠯᠠᠯ ᠢ ᠲᠠᠲᠠᠨ ᠣᠷᠣᠭᠤᠯᠬᠤ ᠪᠠᠷ ᠴᠢᠷᠮᠠᠶᠢᠨ᠎ᠠ᠃ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠺᠧ ᠳ᠋ᠠ ᠬᠥᠩᠭᠡᠨᠴᠠᠭᠠᠨ ᠤ ᠦᠢᠯᠡᠰ᠂ | ᠵᠦᠩ ᠳ᠋ᠦᠸᠧ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠣᠭᠲᠠᠭᠤᠨ ᠦᠢᠯᠡᠳᠪᠦᠷᠢᠯᠡᠯ ᠢ ᠲᠦᠯᠬᠢᠨ ᠠᠬᠢᠭᠤᠯᠵᠤ᠂ | ᠬᠠᠩ ᠰᠢᠶᠣᠤ ᠱᠧᠩ ᠵᠢᠢ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠳᠡᠭᠡᠳᠦ | ᠳᠡᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠰᠢᠨ ᠭᠤᠸᠠᠩ ᠶᠢᠨ | ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠳᠠᠮᠵᠢᠵᠤ᠂ ᠤᠯᠤᠰ ᠤᠨ ᠪᠠᠷᠠᠭᠤᠨ | ᠬᠡᠰᠡᠭ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠯᠬᠢᠨ ᠠᠬᠢᠭᠤᠯᠵᠤ᠂ ᠰᠢᠨ᠎ᠡ ᠲᠣᠭᠤᠷᠢᠭ ᠤᠨ ᠣᠶᠣᠨᠲᠣ ᠦᠢᠯᠡᠳᠬᠦ | ᠠᠵᠤ ᠦᠢᠯᠡᠰ ᠤᠨ ᠬᠦᠷᠢᠶᠡᠯᠡᠩ᠂ ᠾᠧᠩ ᠳ᠋ᠠ ᠶᠢᠨ ᠪᠡᠶ᠎ᠡ ᠰᠣᠪᠢᠯᠠᠯᠲᠠ ᠶᠢᠨ ᠬᠥᠨᠳᠡᠶ ᠵᠡᠷᠭᠡ ᠲᠥᠷᠥᠯ ᠵᠦᠢᠯ ᠢ | ᠲᠦᠷᠭᠡᠳᠬᠡᠨ ᠪᠦᠲᠦᠭᠡᠨ ᠪᠠᠶᠢᠭᠤᠯᠣᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠴᠢᠷᠮᠠᠶᠢᠨ ᠪᠣᠶ | ᠪᠣᠯᠭᠠᠨ᠎ᠠ᠃ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ︽ | ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠭᠤᠯᠴᠢᠯᠠᠯ ᠤᠨ ᠦᠢᠯᠡᠰ ᠢ ᠡᠭᠦᠳᠡᠨ | ᠪᠢᠯᠧᠲ ᠤᠨ ᠠᠵᠤ ᠠᠬᠤᠶ ᠠᠴᠠ ᠪᠠᠶᠢᠭᠤᠯᠣᠭᠰᠠᠨ ᠭᠠᠵᠠᠷ ᠪᠣᠯᠣᠨ ᠦᠵᠡᠮᠵᠢ ᠶᠢ ᠨᠢᠭᠡ ᠴᠣᠭᠴᠠᠵᠢᠭᠤᠯᠬᠤ᠂ ᠠᠵᠤ | ᠦᠢᠯᠡᠰ ᠢ ᠨᠢᠭᠡ ᠴᠣᠭᠴᠠᠵᠢᠭᠤᠯᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠴᠠᠨ᠎ᠠ ᠴᠡᠴᠡᠭ ᠤᠨ ᠪᠠᠶᠠᠷ᠂ | ᠭᠦᠢᠯᠡᠰᠦᠨ ᠨᠠᠶᠢᠷ᠂ ᠬᠡᠯᠡᠭᠡᠢ ᠰᠠᠷᠠᠨ᠎ᠠ ᠶᠢᠨ ᠪᠠᠶᠠᠷ᠂ ︽ᠬᠤᠷᠢᠨᠭᠡᠷ · ᠳᠤᠮᠳᠠᠳᠤ ᠤᠯᠤᠰ ᠤᠨ ᠣᠨ︾ ᠵᠡᠷᠭᠡ ᠪᠠᠶᠠᠷ | ᠳᠤᠷᠠᠰᠬᠠᠯ ᠤᠨ ᠵᠤᠭᠠᠴᠠᠯ ᠪᠣᠯᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠭᠦᠨᠵᠡᠭᠡᠢ ᠠᠭᠤᠰᠤᠯᠴᠠᠭᠤᠯᠵᠤ᠂ | ︽ᠵᠤᠭᠠᠴᠠᠯ ᠤᠨ ᠦᠵᠡᠮᠵᠢᠲᠦ ᠣᠷᠣᠨ᠂ ᠴᠡᠴᠡᠭ ᠤᠨ ᠳᠠᠯᠠᠢ ᠬᠤᠷᠢᠨᠭᠡᠷ︾ ᠤᠨ ᠰᠢᠨ᠎ᠡ ᠬᠠᠭᠤᠳᠠᠰᠤ ᠶᠢ | ᠦᠷᠭᠦᠯᠵᠢᠯᠡᠨ ᠪᠢᠴᠢᠭᠯᠡᠨ᠎ᠡ᠃ ᠨᠠᠨᠱᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠦᠷᠭᠦᠯᠵᠢᠯᠡᠨ ᠥᠭᠡᠷᠡᠴᠢᠯᠡᠨ | ᠳᠡᠭᠡᠭᠰᠢᠯᠡᠭᠦᠯᠵᠦ᠂ ᠰᠦᠢᠶᠤᠸᠠᠨ ᠤ ᠡᠮᠦᠨᠡᠲᠦ ᠬᠡᠰᠡᠭ ᠤᠨ ᠬᠤᠪᠢᠰᠬᠠᠯ ᠤᠨ ᠰᠠᠭᠤᠷᠢᠨ ᠭᠠᠵᠠᠷ ᠵᠡᠷᠭᠡ | ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠪᠢᠰᠬᠠᠯ ᠤᠨ ᠳᠤᠷᠠᠰᠬᠠᠯᠲᠤ | ᠵᠤᠭᠠᠴᠠᠯ ᠤᠨ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ | ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠢᠳᠡᠪᠬᠢᠲᠡᠶ ᠪᠤᠢ ᠪᠣᠯᠭᠠᠵᠤ᠂ ᠣᠷᠣᠨ ᠤ | ᠲᠥᠪ ᠤᠨ ᠡᠷᠭᠢᠨ ᠲᠣᠭᠤᠷᠢᠨ ᠤ ᠴᠢᠬᠤᠯᠠ ᠵᠢᠭᠤᠯᠴᠢᠯᠠᠯ ᠤᠨ ᠭᠠᠵᠠᠷ ᠢ ᠬᠦᠴᠦᠯᠡᠨ ᠪᠤᠢ ᠪᠣᠯᠭᠠᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠪᠣᠯᠣᠨ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠵᠣᠬᠢᠴᠠᠩᠭᠤᠶ ᠪᠠᠷ | ᠬᠥᠭᠵᠢᠭᠦᠯᠦᠨ᠎ᠡ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠷᠰᠢᠯᠲᠠ ᠶᠢᠨ ᠰᠢᠶᠠᠨ ᠢ ᠡᠭᠦᠳᠦᠨ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠶᠠᠨ᠂ ᠰᠢᠶᠠᠩ᠂ ᠲᠣᠰᠬᠤᠨ ᠭᠤᠷᠪᠠᠨ | ᠱᠠᠲᠤᠨ ᠤ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ | ᠂ ᠵᠢᠩ ᠳ᠋ᠦᠩ ᠤᠨ ︽ᠠᠽᠢᠶ᠎ᠠ ᠲᠢᠪ ᠨᠢᠭᠡᠳᠦᠭᠡᠷ ᠨᠣᠮᠧᠷᠲᠤ︾᠂ ᠬᠤᠸᠠ ᠮᠧᠩ ᠲᠦᠩ ᠵᠡᠷᠭᠡ ᠪᠠᠷᠠᠭ᠎ᠠ ᠶᠢᠨ | ᠭᠦᠢᠯᠭᠡᠭᠡᠨ ᠤ ᠲᠥᠷᠥᠯ ᠵᠦᠢᠯ ᠤᠨ ᠬᠥᠭᠵᠢᠨ ᠪᠣᠵᠠᠭᠠᠶᠢᠷᠠᠬᠤ ᠶᠢ ᠳᠡᠮᠵᠢᠵᠦ᠂ ᠸᠧᠢ ᠫᠢᠨ ᠬᠤᠢ ᠶᠢᠨ ᠥᠪᠥᠷ | ᠮᠣᠩᠭᠤᠯ ᠤᠨ ᠶᠡᠷᠦᠩᠬᠡᠶ ᠬᠡᠯᠲᠡᠰ ᠤᠨ ᠠᠵᠢᠯ ᠡᠬᠢᠯᠡᠬᠦ ᠶᠢ ᠠᠬᠢᠭᠤᠯᠤᠨ᠎ᠠ᠃ ᠰᠣᠶᠣᠯ ᠤᠨ ᠪᠦᠲᠦᠭᠡᠯᠴᠢ ᠰᠡᠳᠬᠢᠮᠵᠢ᠂ | ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ ᠦᠢᠯᠡᠳᠬᠦ ᠵᠡᠷᠭᠡ ᠣᠨᠴᠠᠯᠢᠭᠲᠤ ᠰᠣᠶᠣᠯ ᠤᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠣᠣ ᠸᠧᠢ ᠮᠧᠩ ᠶᠤᠸᠠᠨ ᠠᠳᠣᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ | ᠲᠦᠰᠢᠭᠯᠡᠨ᠂ ᠣᠨᠴᠠᠯᠢᠭᠲᠤ ᠦᠨᠳᠦᠰᠦᠲᠡᠨ ᠤ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠲᠤ ᠴᠧᠩ ᠽᠢ ᠶᠢᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠴᠦᠨ ᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠣᠮᠵᠢ᠂ ᠭᠡᠷ ᠠᠳᠠᠯ | ᠠᠬᠤᠢ ᠶᠢᠨ ᠦᠢᠯᠡᠴᠢᠯᠡᠭᠡᠨ ᠤ ᠲᠥᠪ ᠵᠢᠴᠢ ᠡᠮᠴᠢᠯᠡᠭᠡᠨ ᠤ ᠪᠠᠶᠢᠭᠤᠯᠣᠮᠵᠢ ᠡᠷᠬᠢᠯᠡᠬᠦ ᠶᠢ ᠵᠣᠷᠢᠭᠵᠢᠭᠤᠯᠤᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠠᠮᠵᠢᠨ᠎ᠠ᠃ | ᠥᠪᠡᠷᠲᠡᠭᠡᠨ ᠵᠠᠰᠠᠬᠤ ᠣᠷᠣᠨ᠂ ᠬᠦᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠦᠨᠳᠦᠷ | ᠴᠢᠨᠰᠠᠭᠠᠲᠣ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠶ ᠨᠠᠶᠢᠳᠠᠪᠣᠷᠢᠵᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠰᠦᠢᠳᠬᠡᠯ ᠢ ᠪᠠᠭᠤᠷᠠᠭᠤᠯᠵᠣ | ᠭᠠᠶᠢᠯᠢ ᠶᠢ ᠪᠠᠭᠠᠰᠬᠠᠬᠤ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ | ᠠᠵᠤ ᠠᠬᠤᠶᠢᠯᠠᠯ ᠤᠨ ᠳᠠᠷᠤᠭᠠᠰᠤ ᠶᠢ ᠪᠦᠬᠦ ᠲᠠᠯ᠎ᠠ ᠪᠠᠷ ᠬᠥᠩᠭᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠲᠥᠷᠥᠯ | ᠵᠦᠢᠯ ᠤᠨ ᠤᠳᠤᠷᠢᠳᠤᠯᠭ᠎ᠠ ᠶᠢᠨ ᠬᠠᠷᠢᠯᠴᠠᠬᠤ ᠳᠦᠷᠢᠮ ᠢ ᠨᠠᠶᠢᠳᠠᠪᠣᠷᠢᠵᠢᠭᠤᠯᠣᠨ᠂ ᠭᠤᠣᠯᠳᠠᠯᠭ᠎ᠠ ᠲᠠᠢ ᠲᠥᠷᠥᠯ | ᠵᠦᠢᠯ ᠳᠤ ᠪᠦᠬᠦ ᠶᠠᠪᠤᠴᠠ ᠶᠢᠨ ᠮᠥᠷᠳᠡᠯ ᠦᠢᠯᠡᠴᠢᠯᠡᠭᠡ ᠬᠠᠩᠭᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ᠂ ᠴᠠᠭ ᠲᠤᠬᠠᠢ ᠳᠤᠨᠢ ᠰᠢᠢᠳᠪᠦᠷᠢᠯᠡᠨ᠎ᠡ᠃ ︽ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠠᠯᠳᠠᠭᠳᠠᠯᠲᠠᠢ ᠲᠠᠯ᠎ᠠ ᠶᠢᠨ ᠲᠣᠳᠣᠷᠬᠠᠶᠢᠯᠠᠬᠤ | ᠬᠠᠭᠤᠲᠠᠰᠣ ᠶᠢᠨ ᠳᠦᠷᠢᠮ ᠢ ᠬᠡᠷᠡᠭᠵᠢᠭᠦᠯᠵᠦ᠂ ᠳᠣᠲᠣᠨᠣ ᠴᠢᠬᠡᠴᠢ ᠮᠠᠶ᠋ᠢᠭ ᠤᠨ ᠵᠠᠰᠠᠭ ᠤᠨ ᠣᠷᠳᠣᠨ ᠪᠣᠯᠣᠨ | ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠨᠠᠩ ᠤᠯᠠᠨ | ᠬᠠᠷᠢᠶᠠᠯᠠᠭᠳᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ᠃ ᠮᠥᠩᠭᠦᠨ ᠭᠦᠢᠯᠭᠡᠭᠡ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠦᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠳᠠ ᠥᠬᠡᠶ ᠪᠦᠷᠢᠨᠰᠢᠭᠦᠯᠵᠦ᠂ ᠵᠠᠬ᠎ᠠ ᠳᠡᠯᠭᠡᠭᠦᠷ ᠲᠤ ᠭᠠᠷᠬᠤ ᠭᠡᠵᠦ | ᠪᠠᠶᠢᠭ᠎ᠠ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢ ᠨᠡᠮᠡᠭᠳᠡᠭᠦᠯᠦᠨ᠂ ᠪᠠᠩᠬᠢ ᠶᠢᠨ ᠪᠠᠶᠢᠭᠤᠯᠣᠮᠵᠢ ᠶᠢᠨ ︽ | ᠲᠤᠰᠠᠯᠠᠬᠤ ᠪᠠᠲᠤᠯᠠᠭᠠᠲᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠶᠢ ᠢᠳᠡᠪᠬᠢᠲᠡᠢ | ᠵᠣᠬᠢᠴᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠤᠰ ᠤᠨ | ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ᠂ ᠴᠡᠷᠢᠭ ᠠᠷᠠᠳ ᠤᠨ ᠬᠤᠷᠰᠢᠯ ᠤᠨ ᠲᠥᠷᠥᠯ ᠵᠦᠢᠯ ᠳᠤ | ᠣᠷᠣᠯᠴᠠᠬᠤ ᠶᠢ ᠳᠠᠮᠵᠢᠵᠤ᠂ ᠳᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠬᠥᠬᠢᠭᠦᠯᠦᠨ ᠱᠠᠩᠨᠠᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠠᠩ ᠤᠯᠠᠨ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠤᠨ᠎ᠠ᠃ | ︵ᠳᠥᠷᠪᠡ︶ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠣᠯᠲᠠ ᠶᠢ ᠨᠢᠭᠡᠳᠦᠯᠲᠡᠢ ᠳᠤ | ᠲᠥᠯᠥᠪᠵᠢᠭᠦᠯᠵᠦ᠂ ᠵᠣᠬᠢᠴᠠᠩᠭᠤᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠬᠤᠲᠠ ᠪᠠᠯᠭᠠᠰᠤ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠬᠤᠶᠠᠷ ᠶᠢ ᠵᠡᠷᠭᠡᠪᠡᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠤᠲᠠ | ᠬᠥᠳᠡᠭᠡ ᠶᠢ ᠨᠢᠭᠡ ᠴᠣᠭᠴᠠᠵᠢᠭᠤᠯᠤᠭᠰᠠᠨ ᠠᠶᠢᠯ ᠲᠣᠰᠬᠤᠨ ᠢ ᠪᠠᠶᠢᠷᠢᠯᠠᠭᠤᠯᠬᠤ ᠲᠥᠯᠥᠪᠵᠢᠭᠦᠯᠭᠡ ᠶᠢ ᠲᠣᠭᠲᠠᠭᠠᠵᠤ᠂ | ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ | ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠣᠨ᠎ᠠ᠃ | ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠳᠠᠮᠵᠢᠨ᠎ᠠ᠃ ᠰᠢᠨ᠎ᠡ | ᠲᠣᠭᠤᠷᠢᠭ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠵᠣᠬᠢᠴᠠᠭᠤᠯᠤᠨ ᠲᠦᠯᠬᠢᠨ ᠠᠬᠢᠭᠤᠯᠵᠤ᠂ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠱᠧᠩ ᠯᠧ ᠪᠠᠯᠭᠠᠰᠤ ᠶᠢᠨ ᠶᠠᠳᠠᠮ ᠵᠡᠷᠭᠡ ᠲᠣᠰᠬᠤᠨ ᠤ ᠰᠠᠷᠠᠪᠴᠢᠨ ᠭᠡᠷ ᠢ | ᠥᠭᠡᠷᠡᠴᠢᠯᠡᠨ ᠲᠥᠪᠬᠢᠨᠡᠭᠦᠯᠬᠦ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ᠃ ᠬᠦᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠶ ᠭᠡᠷ ᠪᠠᠶᠢᠰᠢᠩ | ᠲᠠᠲᠠᠪᠤᠷᠢᠯᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠲᠠᠲᠠᠪᠤᠷᠢᠯᠠᠬᠤ ᠶᠢ ᠮᠡᠳᠡᠭᠦᠯᠦᠨ | ᠵᠥᠪᠰᠢᠶᠡᠷᠡᠭᠦᠯᠬᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠢᠨ᠎ᠡ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠬᠤ ᠳᠤ ᠪᠠᠲᠤᠯᠠᠭ᠎ᠠ ᠬᠠᠩᠭᠠᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠪᠤᠴᠠᠭᠠᠨ ᠨᠡᠭᠦᠯᠭᠡᠬᠦ ᠬᠤᠷᠢᠶᠠᠯᠠᠯ ᠤᠨ | ᠲᠥᠷᠥᠯ ᠵᠦᠢᠯ ᠢ ᠪᠡᠶᠡᠯᠡᠭᠦᠯᠵᠦ᠂ ᠴᠣᠷᠵᠢ ᠶᠢᠨ ᠠᠶᠢᠯ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠠᠭᠠᠷ ᠤᠨ ᠭᠠᠷᠠᠮ ᠤᠨ ᠰᠢᠨ᠎ᠡ ᠲᠣᠰᠬᠤᠨ ᠤ ᠵᠠᠮ ᠵᠢᠴᠢ ᠢᠵᠢ | ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠡᠬᠢᠯᠡᠭᠦᠯᠦᠨ ᠬᠡᠷᠡᠭᠵᠢᠭᠦᠯᠦᠨ᠎ᠡ᠃ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠦᠭᠡᠭᠡᠨᠡᠷᠡᠯ ᠤᠨ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ | ᠪᠠᠯᠭᠠᠰᠤ᠂ ᠪᠡᠶ᠎ᠡ ᠰᠣᠪᠢᠯᠠᠯᠲᠠ ᠶᠢᠨ ᠵᠢᠵᠢᠭ ᠪᠠᠯᠭᠠᠰᠤ ᠵᠡᠷᠭᠡ ᠠᠵᠤ ᠦᠢᠯᠡᠰ ᠪᠠ ᠬᠤᠲᠠ ᠠᠭᠤᠰᠤᠯᠴᠠᠭᠰᠠᠨ | ᠣᠨᠴᠠᠯᠢᠭᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠠᠵᠢᠯ ᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠴᠠᠭ ᠢ | ᠤᠯᠠᠮ ᠨᠢᠭᠡ ᠠᠯᠬᠤᠮ ᠪᠣᠭᠤᠨᠢᠰᠬᠠᠨ᠎ᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠨ᠎ᠡ | ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠢᠨ᠎ᠡ ᠲᠣᠭᠤᠷᠢᠭ ᠤᠨ ᠳᠤᠮᠳᠠᠳᠤ ᠰᠤᠷᠭᠠᠭᠤᠯᠢ᠂ ᠰᠢᠨ᠎ᠡ | ᠲᠣᠭᠤᠷᠢᠭ ᠤᠨ ᠡᠮᠨᠡᠯᠭᠡ ᠶᠢᠨ ᠬᠤᠷᠢᠶ᠎ᠠ ᠵᠡᠷᠭᠡ ᠴᠢᠬᠤᠯᠠ ᠶᠡᠭᠡ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ | ᠲᠦᠯᠬᠢᠨ ᠠᠬᠢᠭᠤᠯᠵᠤ᠂ ᠰᠢᠨ᠎ᠡ ᠲᠣᠭᠤᠷᠢᠭ ᠤᠨ ᠭᠤᠣᠯᠯᠠᠬᠤ ᠣᠷᠣᠨ ᠤ ᠵᠠᠮ᠂ ᠭᠠᠵᠠᠷ ᠳᠣᠣᠷᠠᠬᠢ ᠬᠤᠭᠤᠯᠠᠶ ᠶᠢᠨ | ᠲᠣᠣᠷ᠂ ᠴᠠᠬᠢᠯᠭᠠᠨ ᠬᠦᠴᠦ᠂ ᠨᠣᠭᠤᠭᠠᠷᠠᠭᠤᠯᠤᠯᠲᠠ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠣᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠵᠥᠭᠡᠯᠡᠨ ᠣᠷᠴᠢᠨ | ᠨᠥᠬᠦᠴᠡᠯ ᠢ ᠬᠦᠴᠦᠯᠡᠨ ᠳᠡᠭᠡᠭᠰᠢᠯᠡᠭᠦᠯᠦᠨ᠎ᠡ᠃ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ᠂ ᠠᠵᠤ ᠦᠢᠯᠡᠰ ᠤᠨ | ᠪᠠᠶᠢᠷᠢᠰᠢᠭᠤᠯᠣᠯᠲᠠ᠂ ᠪᠡᠯᠡᠳᠬᠡᠮᠵᠢ ᠶᠢ ᠢᠵᠢ ᠪᠦᠷᠢᠳᠦᠭᠦᠯᠬᠦ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ | ᠨᠢᠭᠡᠳᠦᠯᠲᠡᠢ ᠳᠤ ᠲᠥᠯᠥᠪᠯᠡᠨ ᠰᠠᠶᠢᠲᠤᠷ ᠠᠳᠬᠤᠵᠤ᠂ ᠳᠣᠣᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠦᠲᠦᠭᠡᠨ | ᠪᠠᠢᠭᠤᠯᠬᠤ ᠦᠭᠡᠢ ᠪᠠᠶᠢᠬᠤ ᠶᠢ ᠪᠠᠷᠢᠮᠲᠠᠯᠠᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠤᠯᠠᠮᠵᠢᠯᠠᠯᠲᠤ | ᠭᠤᠣᠯᠯᠠᠬᠤ ᠠᠵᠤ ᠦᠢᠯᠡᠰ ᠤᠨ ᠲᠥᠪᠯᠡᠷᠡᠭᠰᠡᠨ ᠣᠷᠣᠨ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠭᠦᠯᠦᠯᠲᠡ ᠶᠢᠨ | ᠬᠥᠭᠵᠢᠯᠲᠡ ᠶᠢᠨ ᠬᠥᠲᠥᠯᠥᠨ ᠳᠠᠭᠠᠭᠤᠯᠬᠤ ᠣᠷᠣᠨ᠂ ᠥᠨᠳᠥᠷ ᠬᠢᠷᠢ ᠲᠦᠪᠰᠢᠨ ᠪᠦᠬᠦᠢ ᠡᠵᠡᠩᠨᠡᠯᠲᠡ ᠶᠢᠨ | ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠣᠷᠣᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠣᠬᠢᠷᠲᠤᠯ ᠥᠬᠡᠶ | ᠢᠳᠡᠭᠡᠨ ᠡᠳ᠋ᠰᠢᠭᠦᠯᠬᠦ ᠵᠡᠷᠭᠡ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠤᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠣᠨᠴᠠᠯᠢᠭᠲᠤ ᠳᠠᠪᠠᠭᠤᠯᠢᠭ ᠢ ᠳᠣᠪᠤᠶᠢᠯᠭᠠᠨ᠂ ᠠᠵᠤ ᠦᠢᠯᠡᠰ ᠤᠨ ᠴᠤᠭᠯᠠᠷᠠᠯ | ᠬᠥᠭᠵᠢᠯᠲᠡ ᠶᠢ ᠠᠬᠢᠭᠤᠯᠵᠤ᠂ ᠵᠠᠭᠤᠨ ᠳ᠋ᠦᠩᠰᠢᠭᠤᠷ ᠤᠨ ᠳᠡᠰ ᠤᠨ ᠠᠵᠤ ᠠᠬᠤᠶᠢᠯᠠᠯ᠂ ᠮᠢᠩᠭᠠᠨ ᠳ᠋ᠦᠩᠰᠢᠭᠤᠷ ᠤᠨ | ᠳᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠣᠨ᠎ᠠ᠃ ᠰᠤᠯᠠ ᠪᠠᠶᠢᠭ᠎ᠠ ᠬᠡᠷᠡᠭᠯᠡᠯᠲᠡ ᠶᠢᠨ ᠭᠠᠵᠠᠷ ᠰᠢᠷᠣᠶ᠂ ᠦᠷ᠎ᠡ | ᠠᠰᠢᠭ ᠢᠶᠠᠷ ᠳᠣᠤᠷ᠎ᠠ ᠬᠡᠷᠡᠭᠯᠡᠯᠲᠡ ᠶᠢᠨ ᠭᠠᠵᠠᠷ ᠰᠢᠷᠣᠶ ᠪᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ | ᠰᠢᠷᠣᠶ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠦᠯᠡᠳᠡᠭᠡᠯ ᠭᠠᠵᠠᠷ ᠰᠢᠷᠣᠶ ᠶᠢ ᠬᠤᠶᠠᠳᠠᠬᠢ ᠤᠳᠠᠭ᠎ᠠ | ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠡᠯᠧᠮᠧᠨ᠋ᠲ ᠢ ᠤᠯᠠᠮ | ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢᠴᠢᠯᠠᠯᠲᠠ ᠪᠠᠷ ᠠᠵᠤ ᠦᠢᠯᠡᠳᠪᠦᠷᠢᠵᠢᠭᠦᠯᠦᠯᠲᠡ ᠶᠢᠨ | ᠬᠥᠭᠵᠢᠯᠲᠡ ᠶᠢ ᠳᠠᠶᠢᠴᠢᠯᠠᠵᠤ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠬᠦ ᠪᠠ ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠦᠷᠥᠯ ᠵᠦᠢᠯ ᠢ ᠣᠷᠣᠭᠤᠯᠤᠨ ᠠᠪᠴᠢᠷᠠᠵᠤ᠂ ᠭᠤᠣᠯ ᠦᠢᠯᠡᠰ ᠨᠢ ᠳᠣᠪᠣᠶᠢᠮ᠎ᠠ᠂ | ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠠᠵᠤ ᠠᠬᠤᠶᠢᠯᠠᠯ ᠢ ᠬᠦᠴᠦᠯᠡᠨ ᠪᠠᠶᠢᠭᠤᠯᠣᠨ᠎ᠠ᠃ ᠦᠨᠡᠨᠬᠦ | ᠪᠣᠯᠣᠮᠵᠢᠲᠤ ᠪᠦᠬᠦᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠰᠦᠯ ᠢ ᠲᠣᠭᠲᠠᠭᠠᠵᠤ᠂ | ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ᠂ ᠠᠳᠠᠯ ᠦᠢᠯᠡᠰ ᠴᠣᠭᠴᠠᠯᠠᠬᠤ ᠳᠤ | ᠠᠭᠤᠵᠢᠭᠤ ᠲᠠᠯᠪᠢᠭᠤ᠂ ᠣᠷᠣᠰᠢᠨ ᠰᠠᠭᠤᠬᠤ ᠳᠤ ᠠᠮᠤᠷ ᠲᠦᠪᠰᠢᠨ᠂ ᠦᠢᠯᠡᠴᠢᠯᠡᠭᠡ ᠨᠢ ᠰᠢᠯᠢᠳᠡᠭ ᠰᠠᠶᠢᠨ ᠪᠡᠯᠡ | ᠣᠷᠣᠭᠤᠯᠤᠯᠲᠠ ᠶᠢᠨ ᠣᠷᠴᠢᠨ ᠨᠥᠬᠦᠴᠡᠯ ᠢ ᠪᠦᠬᠦ ᠬᠦᠴᠦ ᠪᠠᠷ ᠢᠶᠠᠨ ᠪᠣᠶ ᠪᠣᠯᠭᠠᠵᠤ᠂ ᠰᠢᠯᠢᠳᠡᠭ ᠠᠮᠵᠢᠯᠲᠠ ᠪᠠ ᠴᠣ | ᠰᠢᠨ᠎ᠡ ᠪᠠᠶᠢᠳᠠᠯ ᠢᠶᠠᠷ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠠᠶᠢᠭᠤᠯᠣᠭᠳᠠᠭᠰᠠᠨ 20 ᠵᠢᠯ ᠤᠨ ᠣᠢ ᠳᠤ | ᠪᠡᠯᠡᠭ ᠬᠦᠷᠭᠡᠨ᠎ᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠳᠣᠪᠣᠶᠢᠮ᠎ᠠ | ᠰᠠᠶᠢᠲᠤᠷ ᠠᠳᠬᠤᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠠᠯᠠᠮᠰᠢᠯ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ ᠮᠢᠨ ᠵᠡᠭᠡᠯᠢ ᠵᠡᠷᠭᠡ ᠭᠤᠤᠯᠳᠠᠯᠭ᠎ᠠ ᠲᠠᠢ ᠵᠠᠮ ᠤᠨ ᠭᠠᠵᠠᠷ | ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠲᠣᠤᠷ ᠤᠨ ᠢᠨᠵᠧᠨᠧᠷᠢᠩ ᠢ ᠡᠬᠢᠯᠡᠭᠦᠯᠦᠨ᠎ᠡ᠃ ︽ᠭᠤᠷᠪᠠᠨ ᠬᠤᠲᠠ ᠶᠢ | ᠵᠡᠷᠭᠡᠪᠡᠷ ᠴᠣᠭᠴᠠᠯᠠᠬᠤ︾ ᠪᠠᠷ ᠭᠠᠷᠳᠠᠴᠠ ᠪᠣᠯᠭᠠᠵᠤ᠂ ᠬᠤᠲᠠ ᠪᠠᠯᠭᠠᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠷᠢᠭᠤᠨ ᠴᠡᠪᠡᠷ᠂ ᠡᠮᠬᠢ ᠵᠢᠷᠤᠮ ᠲᠠᠢ᠂ ᠪᠣᠯᠪᠠᠰᠤᠨ᠂ | ᠡᠶ᠎ᠡ ᠵᠣᠬᠢᠴᠠᠯ ᠲᠠᠢ ᠣᠨᠴᠠᠯᠢᠭᠲᠤ ᠵᠢᠵᠢᠭ ᠬᠤᠲᠠ ᠪᠠᠯᠭᠠᠰᠤ ᠶᠢ ᠴᠢᠷᠮᠠᠶᠢᠨ ᠪᠦᠲᠦᠭᠡᠨ ᠪᠠᠶᠢᠭᠤᠯᠣᠨ᠎ᠠ᠃ ᠨᠠᠨᠱᠠᠨ ᠤ | ᠪᠣᠬᠢᠷ ᠤᠰᠤ ᠶᠢ ᠤᠮᠠᠷᠠᠰᠢ ᠬᠦᠷᠭᠡᠬᠦ᠂ ᠰᠢᠨ ᠬᠤᠸᠠ ᠪᠠᠷᠠᠭᠤᠨ ᠵᠡᠭᠡᠯᠢ ᠶᠢᠨ ᠪᠣᠷᠣᠭᠠᠨ ᠤ ᠤᠰᠤᠨ ᠤ ᠬᠤᠭᠤᠯᠠᠶ ᠶᠢᠨ | ᠲᠣᠣᠷ ᠤᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠵᠡᠭᠡᠯᠢ ᠭᠤᠳᠤᠮᠵᠢ ᠶᠢᠨ ᠭᠠᠳᠠᠷ ᠲᠠᠯ᠎ᠠ ᠶᠢᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠵᠢᠵᠢᠭ ᠵᠡᠭᠡᠯᠢ | ᠭᠤᠳᠤᠮᠵᠢ᠂ ᠲᠡᠷᠭᠡᠨ ᠵᠣᠭᠰᠣᠭᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠢᠵᠢ ᠪᠦᠷᠢᠳᠦᠭᠦᠯᠬᠦ | ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠴᠡᠴᠡᠷᠯᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠣᠯᠠᠨ | ᠨᠡᠶᠢᠲᠡ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠲᠥᠬᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠵᠢᠴᠢ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠢᠨ ᠮᠢᠨ ᠵᠡᠭᠡᠯᠢ ᠶᠢᠨ ᠡᠮᠦᠨᠡᠬᠢ ᠨᠢᠭᠡᠳᠦᠭᠡᠷ ᠬᠤᠭᠤᠴᠠᠭᠠᠨ ᠤ | ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠂ ᠡᠷᠭᠢᠨ ᠲᠣᠭᠤᠷᠢᠨ ᠤ ᠰᠠᠭᠤᠷᠢ | ᠪᠡᠯᠡᠳᠬᠡᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠤᠯᠠᠨ ᠵᠦᠢᠯ ᠤᠨ ᠠᠷᠢᠭᠤᠨ ᠴᠡᠪᠡᠷ ᠢᠯᠴᠢ | ᠬᠠᠩᠭᠠᠬᠤ ᠵᠠᠭᠪᠣᠷ ᠢ ᠠᠪᠴᠤ᠂ ᠴᠧᠩ ᠭᠤᠸᠠᠨ ᠪᠠᠯᠭᠠᠰᠤᠨ ᠤ ᠡᠪᠦᠯ ᠤᠨ ᠤᠯᠠᠷᠢᠯ ᠤᠨ ᠪᠣᠬᠢᠷ ᠮᠠᠨᠠᠨ ᠤ | ᠦᠵᠡᠭᠳᠡᠯ ᠢ ᠠᠷᠢᠯᠭᠠᠨ᠎ᠠ᠃ ᠬᠤᠲᠠ ᠪᠠᠯᠭᠠᠰᠤ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠨ ᠪᠠᠶᠢᠩᠭᠤᠵᠢᠭᠤᠯᠬᠤ ᠶᠢ | ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠵᠠᠰᠠᠬᠤ ᠠᠷᠭ᠎ᠠ ᠮᠠᠶ᠋ᠢᠭ ᠢ ᠰᠠᠶᠢᠵᠢᠷᠠᠭᠤᠯᠤᠨ᠂ ︽ᠲᠣᠭᠠᠴᠢᠯᠠᠭᠰᠠᠨ | ᠬᠤᠲᠠ ᠶᠢᠨ ᠬᠠᠮᠢᠶᠠᠷᠤᠯᠲᠠ︾ ᠶᠢ ᠶᠡᠬᠡᠪᠡᠷ ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠣᠯᠲᠠ ᠶᠢ ᠵᠥᠷᠢᠴᠡᠬᠦ ᠪᠠ | ︽ᠳᠣᠯᠣᠭᠠᠨ ᠡᠮᠬᠢ ᠵᠠᠮᠪᠠᠷᠠᠭ᠎ᠠ ᠦᠭᠡᠢ︾ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠪᠠᠯᠭᠠᠰᠤ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠵᠣᠭᠠᠴᠠᠬᠤ ᠳᠤ | ᠲᠣᠬᠢᠷᠠᠮᠵᠢᠲᠠᠢ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠤᠯᠤᠰ ᠤᠨ ᠬᠤᠲᠠ ᠬᠥᠳᠡᠭᠡ ᠶᠢᠨ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠷᠢᠨᠭᠡᠷ — ᠶᠠᠩ | ᠴᠢᠶᠦ᠋ᠨ ᠭᠸᠦ — ᠬᠤᠭᠤᠯᠠᠢ ᠭᠤᠤ ᠶᠢᠨ ᠬᠤᠪᠢᠰᠬᠠᠯ ᠤᠨ ᠵᠢᠭᠤᠯᠴᠢᠯᠠᠯ ᠤᠨ ᠵᠠᠰᠠᠮᠠᠯ ᠵᠠᠮ ᠢ ᠲᠦᠷᠭᠡᠳᠬᠡᠨ | ᠪᠠᠶᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠤᠯᠠᠮ ᠨᠢᠭᠡ ᠠᠯᠬᠤᠮ ᠨᠠᠶᠢᠳᠠᠪᠣᠷᠢᠵᠢᠭᠤᠯᠵᠤ᠂ ᠪᠥᠬᠦ ᠰᠢᠶᠠᠨ ᠤ ᠵᠠᠮ ᠰᠠᠭᠠᠳ ᠥᠬᠡᠶ ᠨᠡᠪᠲᠡᠷᠡᠬᠦ᠂ | ᠠᠮᠤᠷ ᠲᠦᠪᠰᠢᠨ᠂ ᠲᠠᠭᠠᠯᠠᠮᠵᠢᠲᠠᠢ᠂ ᠰᠠᠶᠢᠠᠬᠨ ᠰᠠᠶᠢᠬᠠᠨ ᠪᠠᠶᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠰᠠᠯᠪᠤᠷᠢ ᠤᠷᠤᠰᠬᠠᠯ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠ ᠤᠯᠤᠰ ᠤᠨ ᠬᠥᠷᠥᠰᠥ | ᠰᠢᠷᠣᠶ ᠶᠢ ᠬᠠᠮᠠᠭᠠᠯᠠᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠾᠦᠨᠾᠧ ᠭᠤᠣᠯ᠂ ᠴᠠ ᠹᠠᠩ | ᠾᠧ ᠭᠤᠣᠯ ᠢ ᠵᠠᠰᠠᠬᠤ ᠪᠠ ᠱᠢ ᠽᠦᠢᠽᠢ ᠣᠰᠣᠨ ᠴᠥᠭᠦᠷᠥᠮ ᠤᠨ ᠰᠢᠪᠠᠷ ᠢ ᠠᠷᠢᠯᠭᠠᠬᠤ ᠵᠡᠷᠭᠡ ᠭᠤᠣᠯᠳᠠᠯᠭ᠎ᠠ ᠲᠠᠢ | ᠣᠰᠣᠨ ᠠᠰᠢᠭᠯᠠᠯᠲᠠ ᠶᠢᠨ ᠪᠠᠷᠢᠯᠭ᠎ᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠪᠠ ᠣᠰᠣᠨ ᠠᠰᠢᠭᠯᠠᠯᠲᠠ ᠶᠢᠨ | ᠦᠨᠳᠦᠰᠦᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ | ᠥᠭᠡᠷᠡᠴᠢᠯᠡᠯᠲᠡ ᠶᠢ ᠲᠦᠷᠭᠡᠳᠬᠡᠨ᠎ᠡ᠃ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ | ᠳᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠎ᠡ᠃ ᠰᠢᠯᠵᠢᠮᠡᠯ ᠪᠠ ᠲᠣᠭᠲᠠᠮᠠᠯ ᠥᠷᠭᠡᠨ ᠪᠦᠰᠡᠲᠦ | ᠰᠦᠯᠵᠢᠶᠡᠨ ᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠦᠭᠵᠢᠭᠡᠨ᠎ᠡ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠬᠥᠭᠵᠢᠭᠡᠵᠦ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ | ᠬᠦᠴᠦᠨ ᠤ ᠬᠤᠪᠢᠰᠤᠯᠲᠠ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠠᠵᠤ | ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ | ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ | ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠬᠦᠯᠢᠶᠡᠨ ᠠᠪᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠷᠬᠡ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠪᠦᠬᠦ ᠲᠠᠯ᠎ᠠ ᠪᠠᠷ ᠡᠮᠬᠢᠯᠡᠨ ᠴᠡᠭᠴᠡᠯᠡᠬᠦ ᠶᠢᠨ ᠬᠠᠮᠲᠤ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠵᠦ᠂ ︽ᠨᠠᠢᠮᠠᠨ ᠲᠣᠳᠣᠷᠬᠠᠶ ᠬᠠᠭᠤᠳᠠᠰᠤ︾ ᠶᠢᠨ ᠪᠠᠷᠢᠮᠵᠢᠶᠠᠵᠢᠭᠤᠯᠤᠭᠰᠠᠨ | ᠪᠠᠶᠢᠭᠤᠯᠣᠯᠲᠠ ᠶᠢ ᠪᠡᠶᠡᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠬᠤᠶᠠᠷ ᠢ ᠰᠣᠭᠤᠴᠢᠵᠣ | ᠨᠢᠭᠡ ᠶᠢ ᠢᠯᠠ ᠪᠣᠯᠭᠠᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ | ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠶᠢ ᠲᠠᠷᠢᠶᠠᠯᠠᠩ ᠤᠨ ᠬᠤᠳᠠᠯᠳᠤᠭᠠᠨ ᠤ ᠪᠠᠩᠬᠢ ᠶᠢᠨ ᠳᠦᠷᠢᠮ ᠪᠣᠯᠭᠠᠨ ᠥᠭᠡᠷᠡᠴᠢᠯᠡᠬᠦ ᠶᠢ | ᠲᠦᠷᠭᠡᠳᠬᠡᠨ ᠠᠬᠢᠭᠤᠯᠤᠨ᠎ᠠ᠃ ᠬᠤᠶᠠᠷ ᠡᠷᠬᠡ ᠶᠢ ᠪᠠᠷᠢᠴᠠᠭᠠᠯᠠᠬᠤ᠂ ᠮᠥᠩᠭᠦᠨ ᠭᠦᠢᠯᠭᠡᠭᠡᠨ ᠤ ᠪᠠᠶᠢᠭᠤᠯᠤᠯ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠥᠳᠡᠭᠡ ᠲᠣᠰᠬᠤᠨ ᠤ ᠤᠰᠤᠨ ᠤ ᠦᠨ᠎ᠡ ᠶᠢᠨ ᠳᠦᠷᠢᠮ᠂ | ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ | ᠴᠢᠷᠮᠠᠶᠢᠵᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠪᠢᠴᠢᠯ ᠵᠥᠭᠡᠯᠡᠨ ᠨᠡᠪᠴᠢᠭᠦᠯᠦᠭᠦᠷ᠂ ᠡᠭᠦᠯᠡᠨ ᠪᠤᠳᠤᠯᠲᠠ ᠶᠢᠨ ᠡᠭᠦᠳᠦᠭᠴᠢ ᠴᠣᠭᠴᠠᠯᠠᠭᠴᠢ ᠶᠢᠨ ᠲᠥᠪ ᠵᠡᠷᠭᠡ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠭᠴᠢ ᠳᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠲᠣᠭᠤᠷᠢᠭ ᠢ ᠲᠥᠯᠥᠪᠯᠡᠨ ᠪᠦᠲᠦᠭᠡᠨ ᠪᠠᠶᠢᠭᠤᠯᠣᠨ᠎ᠠ᠃ ᠰᠢᠨᠵᠢᠯᠡᠬᠦ ᠤᠬᠠᠭᠠᠨ ᠤ ᠰᠤᠳᠤᠯᠤᠯ | ᠤᠨ ᠳᠡᠭᠡᠳᠦ ᠰᠤᠷᠭᠠᠭᠤᠯᠢ ᠯᠤᠭ᠎ᠠ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠷᠠᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ᠂ ︽ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠠᠪᠤᠷᠭᠤ ᠬᠥᠮᠥᠨ︾ ᠢ ᠪᠤᠶᠢᠵᠢᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠨᠢᠭᠡ ᠪᠦᠯᠦᠭ ᠬᠤᠣᠰ ᠡᠭᠦᠳᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠣᠨ᠎ᠠ᠃ ᠴᠢᠳᠠᠪᠤᠷᠢᠲᠠᠨ ᠢᠶᠠᠷ ᠰᠢᠶᠠᠨ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠨᠢᠭᠡ ᠪᠦᠯᠦᠭ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠴᠢᠳᠠᠪᠤᠷᠢᠲᠠᠨ | ᠪᠠ ᠳᠠᠭᠠᠭᠤᠯᠤᠭᠴᠢ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠲᠠᠲᠠᠨ ᠴᠣᠭᠯᠠᠷᠠᠭᠤᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠤᠯᠣᠨᠠ᠃ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ ᠤᠨ ᠦᠢᠯᠡᠳᠦᠯ ᠢ | ᠦᠨᠡᠨᠬᠦ ᠰᠠᠶᠢᠲᠤᠷ ᠪᠠᠳᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠠᠰᠢᠭ ᠤᠨ ᠮᠡᠳᠡᠭᠦᠯᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠢ ᠴᠢᠩᠭ᠎ᠠ | ᠠᠳᠬᠤᠵᠤ᠂ ᠲᠤᠰᠬᠠᠶ ᠠᠰᠢᠭ ᠤᠨ ᠬᠠᠤᠯᠢ ᠬᠡᠷᠡᠭᠵᠢᠭᠦᠯᠦᠯᠲᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠳᠣᠪᠣᠶᠢᠮ᠎ᠠ ᠰᠠᠶᠢᠲᠤᠷ ᠠᠳᠬᠤᠨ᠎ᠠ᠃ ᠬᠦᠷᠢᠶᠡᠯᠡᠩ | ᠲᠣᠭᠤᠷᠢᠭ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠳᠣ ᠦᠶ᠎ᠡ ᠶᠢᠨ ᠲᠠᠷᠢᠶᠠᠯᠠᠩ᠂ ᠠᠵᠤ | ᠦᠢᠯᠡᠳᠪᠦᠷᠢ᠂ ᠦᠢᠯᠡᠴᠢᠯᠡᠭᠡᠨ ᠤ ᠦᠢᠯᠡᠰ ᠵᠢᠴᠢ ᠰᠣᠶᠣᠯ ᠵᠢᠭᠤᠯᠴᠢᠯᠠᠯ ᠵᠡᠷᠭᠡ ᠡᠯ᠎ᠡ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠪᠥᠬᠦ ᠲᠠᠯ᠎ᠠ ᠪᠠᠷ ᠬᠤᠳᠠᠯᠳᠤᠭᠠᠴᠢᠨ ᠤᠷᠢᠵᠤ᠂ ᠪᠥᠬᠦ ᠲᠠᠯ᠎ᠠ ᠪᠠᠷ | ᠬᠤᠳᠠᠯᠳᠤᠭᠠᠴᠢᠨ ᠤᠷᠢᠬᠤ ᠪᠥᠬᠦ ᠠᠵᠢᠯᠲᠠᠨ ᠠᠵᠢᠯᠴᠢᠨ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠤᠢ ᠪᠣᠯᠭᠠᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ᠬᠤᠳᠠᠯᠳᠤᠭᠠᠴᠢᠨ ᠤᠷᠢᠬᠤ | ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠴᠢᠩᠭ᠎ᠠ ᠬᠦᠴᠦᠲᠡᠢ | ᠡᠩᠨᠡᠭᠡ ᠶᠢ ᠵᠣᠬᠢᠶᠠᠨ ᠪᠠᠶᠢᠭᠤᠯᠵᠤ᠂ ︽ᠶᠡᠬᠡᠪᠡᠷ ᠬᠤᠳᠠᠯᠳᠤᠭᠠᠴᠢᠨ ᠤᠷᠢᠬᠤ᠂ ᠲᠣᠮᠣ ᠬᠤᠳᠠᠯᠳᠤᠭᠠᠴᠢᠨ ᠤᠷᠢᠬᠤ︾ | ᠠᠵᠢᠯᠯᠠᠭ᠎ᠠ ᠶᠢ ᠥᠷᠨᠢᠭᠦᠯᠦᠨ᠎ᠡ᠃ ᠠᠷᠭ᠎ᠠ ᠮᠠᠶ᠋ᠢᠭ ᠠᠷᠭ᠎ᠠ ᠪᠠᠷᠢᠯ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ | ᠡᠭᠦᠳᠴᠦ᠂ ᠦᠷ᠎ᠡ ᠪᠦᠲᠦᠮᠵᠢ ᠶᠢ ᠬᠢᠨᠠᠨ ᠰᠢᠯᠭᠠᠬᠤ ᠪᠠᠨ ᠴᠢᠩᠭᠠᠳᠬᠠᠨ᠂ ᠱᠠᠩᠨᠠᠵᠤ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠡᠯᠡᠯᠴᠡᠭᠡᠷ ᠬᠢᠵᠦ ᠪᠠᠶᠢᠭ᠎ᠠ ᠲᠥᠷᠥᠯ ᠵᠦᠢᠯ ᠤᠨ ᠭᠡᠷ᠎ᠡ ᠲᠣᠭᠲᠠᠬᠤ ᠶᠢ | ᠠᠳᠬᠤᠬᠤ᠂ ᠭᠡᠷ᠎ᠡ ᠲᠣᠭᠲᠠᠬᠤ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠡᠬᠢᠯᠡᠭᠦᠯᠬᠦ | ᠲᠥᠷᠥᠯ ᠵᠦᠢᠯ ᠤᠨ ᠠᠬᠢᠴᠠ ᠶᠢ ᠠᠳᠬᠤᠬᠤ᠂ ᠪᠠᠷᠢᠯᠭ᠎ᠠ ᠳᠠᠭᠤᠰᠬᠤ ᠲᠥᠷᠥᠯ ᠵᠦᠢᠯ ᠤᠨ ᠠᠰᠢᠭᠯᠠᠯᠲᠠ ᠶᠢ | ᠠᠳᠬᠤᠬᠤ᠂ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠤᠨ ᠠᠵᠢᠯᠯᠠᠭᠠᠨ ᠢ ᠠᠳᠬᠤᠬᠤ︾ ᠵᠠᠷᠴᠢᠮ | ᠶᠣᠰᠣᠭᠠᠷ᠂ ᠵᠧᠩ ᠳ᠋ᠠ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠵᠡᠷᠭᠡ ᠲᠣᠮᠣ ᠲᠥᠷᠥᠯ ᠵᠦᠢᠯ ᠢ ᠡᠷᠲᠡᠬᠡᠨ | ᠪᠠᠶᠢᠭᠤᠯᠣᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠳᠤᠮᠳᠠᠳᠤ ᠤᠯᠤᠰ ᠤᠨ | ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠲᠤᠭ᠎ᠠ ᠪᠠᠷᠢᠮᠲᠠ ᠶᠢᠨ ᠲᠥᠪ ᠤᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠵᠤ᠂ ᠴᠢᠩ | ᠬᠤᠸᠠ ᠲᠦᠩ ᠹᠠᠩ ᠤᠨ ᠲᠣᠨᠣᠭᠯᠠᠯ ᠲᠦᠬᠦᠭᠡᠷᠦᠮᠵᠢ ᠶᠢᠨ ᠦᠢᠯᠡᠳᠬᠦ ᠦᠢᠯᠡᠰ᠂ ᠳᠤᠮᠳᠠᠳᠤ ᠤᠯᠤᠰ ᠤᠨ ᠣᠯᠠᠨ | ᠣᠯᠣᠰ ᠤᠨ ᠮᠡᠳᠡᠭᠡ ᠵᠠᠩᠭᠢ ᠶᠢᠨ ᠮᠡᠷᠭᠡᠵᠢᠯ ᠤᠨ ᠥᠪᠥᠷ ᠮᠣᠩᠭᠤᠯ ᠤᠨ ᠠᠵᠣ ᠦᠢᠯᠡᠰ ᠤᠨ ᠬᠦᠷᠢᠶᠡᠯᠡᠩ᠂ ᠾᠧᠩ | ᠳ᠋ᠠ ᠵᠤᠭ᠎ᠠ ᠴᠡᠩᠬᠡᠯ ᠤᠨ ᠬᠤᠲᠠ ᠵᠡᠷᠭᠡ ᠲᠦᠷᠥᠯ ᠵᠦᠢᠯ ᠢ ᠢᠳᠡᠪᠬᠢᠲᠡᠢ ᠵᠣᠯᠭᠠᠭᠤᠯᠵᠣ᠂ ᠭᠡᠷ᠎ᠡ ᠲᠣᠭᠲᠠᠨ | ᠨᠠᠶᠢᠳᠠᠪᠣᠷᠢᠵᠢᠭᠤᠯᠬᠤ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠵᠤ᠂ ᠠᠷᠠᠳ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠢᠮᠠᠭᠲᠠ ᠲᠡᠮᠡᠴᠡᠬᠦ | ᠬᠠᠷᠠᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ | ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠤᠨ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ | ᠦᠨᠡᠨᠬᠦ ᠪᠠᠲᠤᠯᠠᠵᠤ᠂ ᠭᠤᠷᠪᠠᠳᠤᠭᠠᠷ ᠬᠡᠦᠬᠡᠳ ᠤᠨ ᠴᠡᠴᠡᠷᠯᠢᠭ᠂ ᠾᠧᠢ ᠯᠣᠣ ᠶᠣᠣ ᠪᠠᠭ᠎ᠠ ᠰᠤᠷᠭᠠᠭᠤᠯᠢ ᠶᠢᠨ ᠰᠢᠨ᠎ᠡ | ᠪᠠᠶᠢᠷᠢ ᠶᠢᠨ ᠭᠡᠷ ᠢ ᠳᠠᠭᠤᠰᠬᠠᠬᠤ ᠶᠢ ᠦᠨᠡᠨᠬᠦ ᠪᠠᠲᠤᠯᠠᠵᠤ᠂ ᠳ᠋ᠦᠩ ᠵᠢᠶᠠ ᠶᠢᠩ᠂ ᠬᠤᠶᠢᠲᠣ ᠳᠣᠯᠣᠭᠠᠨ | ᠪᠠᠶᠢᠰᠢᠩ ᠤᠨ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠣᠨ᠎ᠠ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠤᠨ᠂ | ᠪᠠᠭᠰᠢ ᠶᠢ ᠤᠷᠢᠬᠤ ᠡᠷᠴᠢᠮ ᠢ ᠴᠢᠩᠭᠠᠷᠠᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠣᠯᠲᠠ ᠶᠢ | ᠴᠢᠩᠭ᠎ᠠ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ | ᠡᠷᠡᠭᠦᠯ ᠬᠥᠭᠵᠢᠯᠲᠡ ᠶᠢ ᠠᠬᠢᠭᠤᠯᠵᠤ᠂ ᠬᠡᠦᠬᠡᠳ ᠤᠨ ᠰᠤᠷᠭᠠᠨ ᠬᠥᠮᠦᠵᠢᠯ ᠤᠨ ︽ᠪᠠᠭ᠎ᠠ ᠰᠤᠷᠭᠠᠭᠤᠯᠢᠵᠢᠭᠤᠯᠬᠤ︾ | ᠶᠢ ᠡᠷᠡᠰ ᠬᠤᠷᠢᠭᠯᠠᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ | ᠲᠡᠩᠴᠡᠭᠦᠷᠢᠲᠡᠶ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠨᠢᠭᠡ ᠴᠣᠭᠴᠠᠵᠢᠭᠰᠠᠨ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ᠎ᠡ᠃ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠶ | ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠢᠴᠢᠶᠡᠯ ᠤᠨ ᠭᠡᠷ᠂ ᠲᠣᠨᠤᠭ ᠲᠥᠬᠦᠭᠡᠷᠦᠮᠵᠢ᠂ ᠪᠠᠭᠰᠢ | ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠰᠢᠯᠭᠠᠯᠲᠠ ᠳᠤ ᠳᠠᠬᠢᠨᠲᠠ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠨ᠎ᠠ᠃ ᠦᠨᠳᠦᠰᠦᠲᠡᠨ ᠤ ᠰᠤᠷᠭᠠᠨ | ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠷᠥᠯ ᠲᠡᠮᠳᠡᠭᠲᠦ ᠶᠢ ᠴᠣᠭᠴᠠᠯᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ | ᠬᠢᠷᠢ ᠬᠡᠮᠵᠢᠶ᠎ᠡ ᠪᠠ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︽ᠡᠷᠡᠭᠦᠯ ᠡᠩᠬᠡ ᠬᠤᠷᠢᠨᠭᠡᠷ︾ ᠢ ᠭᠦᠨᠵᠡᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ | ᠮᠡᠨᠳᠦ ᠶᠢ ᠠᠬᠢᠭᠤᠯᠬᠤ ᠰᠢᠶᠠᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠯᠪᠠᠨ ᠠᠴᠠ ᠪᠠᠶᠢᠭᠤᠯᠣᠭᠰᠠᠨ | ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠤᠷᠢᠶᠠᠨ ᠳᠠᠷᠤᠭ᠎ᠠ ᠪᠠ ᠡᠮᠨᠡᠯᠭᠡ ᠶᠢᠨ ᠠᠵᠢᠯᠲᠠᠨ ᠤ ᠣᠨ ᠤ ᠴᠠᠯᠢᠩ ᠬᠥᠯᠥᠰᠥ ᠶᠢᠨ ᠳᠦᠷᠢᠮ ᠢ | ᠰᠦᠪᠡᠭᠴᠢᠯᠡᠨ ᠬᠡᠷᠡᠭᠵᠢᠭᠦᠯᠦᠨ᠎ᠡ᠃ ᠣᠯᠠᠨ ᠡᠰᠢᠲᠦ ᠬᠠᠮ ᠬᠡᠯᠪᠡᠷᠢ ᠶᠢᠨ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠶᠢᠨ ᠵᠠᠷᠤᠳᠠᠯ ᠤᠨ ᠵᠦᠶ ᠵᠣᠬᠢᠰ | ᠥᠬᠡᠶ ᠨᠡᠮᠡᠭᠳᠡᠬᠦ ᠶᠢ ᠪᠦᠲᠦᠮᠵᠢᠲᠡᠶ ᠬᠢᠵᠠᠭᠠᠷᠯᠠᠨ᠎ᠠ᠃ ᠱᠠᠲᠤ ᠬᠤᠪᠢᠶᠠᠨ ᠣᠨᠣᠰᠢᠯᠠᠨ ᠡᠮᠴᠢᠯᠡᠬᠦ ᠪᠠ ᠬᠤᠤᠰ | ᠴᠢᠭᠯᠡᠯ ᠢᠶᠠᠷ ᠰᠢᠯᠵᠢᠭᠦᠯᠦᠨ ᠣᠨᠣᠰᠢᠯᠠᠨ ᠡᠮᠴᠢᠯᠡᠬᠦ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ | ᠰᠢᠯᠢᠳᠡᠭᠵᠢᠭᠦᠯᠵᠦ᠂ ᠨᠠᠷᠠᠲᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ | ᠂ ᠡᠮ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠪᠠ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠢ ᠴᠢᠷᠮᠠᠶᠢᠨ ᠨᠡᠭᠡᠭᠡᠵᠦ᠂ ᠵᠢᠷᠤᠭ | ᠳᠦᠷᠰᠦ ᠶᠢᠨ ᠲᠥᠪ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ | ᠃ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠢᠶᠠᠨ ᠤ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ᠎ᠡ᠃ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠬᠥᠮᠥᠨ | ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 60 ᠲᠥᠭᠦᠷᠢᠭ ᠪᠣᠯᠭᠠᠨ ᠳᠡᠭᠡᠭᠰᠢᠯᠡᠭᠦᠯᠪᠡ᠃ | ᠾᠧᠢ ᠯᠣᠣ ᠶᠣᠣ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠵᠢᠯ ᠡᠬᠢᠯᠡᠭᠦᠯᠦᠨ ᠪᠠᠶᠢᠭᠤᠯᠪᠠ᠃ ᠬᠤᠶᠠᠷ | ᠬᠡᠤᠬᠡᠳ ᠠᠪᠬᠤ ᠶᠢ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠯᠥᠪᠯᠡᠭᠡᠲᠦ | ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ | ᠲᠦᠮᠡᠨ ᠤ ᠤᠬᠠᠮᠰᠠᠷ ᠠᠴᠠ ᠪᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ᠂ ᠪᠣᠯᠪᠠᠰᠤᠨ ᠢᠶᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠬᠥᠲᠥᠯᠥᠨ | ᠵᠢᠯᠣᠭᠤᠳᠤᠨ᠎ᠠ᠃ | ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠤᠲᠠ | ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ | ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠨᠳᠦᠰᠦᠯᠡᠬᠦ᠂ ᠠᠷᠠᠳ ᠲᠦᠮᠡᠨ ᠳᠤ ᠦᠢᠯᠡᠴᠢᠯᠡᠬᠦ᠂ ᠳᠠᠭᠤ | ᠬᠤᠭᠤᠯᠠᠢ ᠶᠢ ᠳᠠᠮᠵᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠤᠯᠠᠮᠵᠢᠯᠠᠯᠲᠤ ᠰᠣᠶᠣᠯ ᠢ ᠴᠢᠷᠮᠠᠶᠢᠨ ᠠᠭᠤᠳᠠᠯᠵᠤ᠂ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠪᠠ ᠪᠣᠳᠠᠰ ᠤᠨ ᠪᠣᠰᠤ ᠰᠤᠶᠤᠯ ᠤᠨ ᠥᠪ ᠢ ᠵᠠᠯᠭᠠᠮᠵᠢᠯᠠᠨ ᠤᠯᠠᠮᠵᠢᠯᠠᠬᠤ ᠶᠢ | ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠡᠯ᠎ᠡ ᠲᠥᠷᠥᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠢ ᠢᠳᠡᠪᠬᠢᠲᠡᠶ ᠳᠠᠭᠠᠭᠠᠨ ᠡᠷᠬᠢᠯᠡᠵᠦ᠂ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠪᠠ | ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠠᠯᠠᠪᠤᠷ ᠤᠨ ᠪᠥᠬᠦ ᠲᠠᠯ᠎ᠠ ᠪᠠᠷ ᠨᠡᠭᠡᠭᠡᠯᠲᠡ ᠬᠢᠬᠦ ᠶᠢ ᠠᠬᠢᠭᠤᠯᠤᠨ᠎ᠠ᠃ | ᠬᠥᠯ ᠪᠥᠮᠪᠦᠭᠡ ᠶᠢᠨ ᠵᠢᠵᠢᠭ ᠪᠠᠯᠭᠠᠰᠤ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠣᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠠᠵᠢᠯ ᠣᠯᠭᠤᠯᠲᠠ ᠶᠢᠨ ᠨᠠᠩ ᠢᠳᠡᠪᠬᠢᠲᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠡᠭᠦᠰᠬᠦ ᠣᠶᠣᠲᠠᠳ᠂ | ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ ᠵᠡᠷᠭᠡ ᠬᠠᠮᠲᠤ ᠤᠯᠠᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠬᠢᠨᠠᠮᠠᠭᠠᠶ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 3.8 % ᠶᠢᠨ ᠳᠣᠲᠣᠷ᠎ᠠ ᠬᠢᠵᠠᠭᠠᠷᠯᠠᠨ᠎ᠠ᠃ ᠠᠵᠢᠯ ᠣᠯᠭᠤᠯᠲᠠ ᠶᠢᠨ | ᠲᠤᠰᠠᠯᠠᠮᠵᠢ ᠶᠢ ᠢᠳᠡᠪᠬᠢᠲᠡᠶ ᠥᠷᠨᠢᠭᠦᠯᠵᠦ᠂ ︽ᠠᠵᠢᠯ ᠣᠯᠣᠭᠰᠠᠨ ᠬᠦᠮᠳ ᠦᠭᠡᠢ︾ ᠭᠡᠷ ᠪᠦᠯᠢ ᠶᠢ | ᠬᠥᠳᠡᠯᠦᠩᠭᠦᠶ ᠪᠠᠷ ᠠᠷᠢᠯᠭᠠᠨ᠎ᠠ᠃ ︽ᠨᠢᠭᠡ ᠨᠠᠰᠣᠲᠠᠨ ᠨᠢᠭᠡ ᠬᠡᠥᠬᠡᠳ︾ ᠤᠨ ᠦᠢᠯᠡᠰ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠨᠠᠰᠤᠲᠠᠶᠢᠴᠤᠳ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ᠂ | ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠡᠮᠳᠡᠭᠴᠦᠳ ᠢ | ᠨᠠᠶᠢᠳᠠᠨ ᠠᠰᠠᠷᠠᠭᠤᠯᠬᠤ ᠲᠥᠪ ᠤᠨ ᠪᠦᠲᠦᠭᠡᠨ ᠪᠠᠶᠢᠭᠤᠯᠣᠯᠲᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠳᠠᠩᠰᠠ | ᠡᠪᠬᠡᠮᠡᠯ ᠤᠨ ᠭᠠᠵᠠᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠣᠨ᠎ᠠ᠃ ᠤᠯᠠᠭᠠᠨ ᠵᠠᠭᠠᠯᠮᠠᠶ ᠶᠢᠨ ᠦᠢᠯᠡᠰ ᠢ | ᠶᠡᠬᠡᠪᠡᠷ ᠬᠥᠭᠵᠢᠭᠦᠯᠵᠦ᠂ ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠤᠨ ᠡᠷᠡᠭᠦᠯ ᠢᠶᠠᠷ | ᠬᠥᠭᠵᠢᠬᠦ ᠶᠢ ᠬᠠᠤᠯᠢ ᠶᠣᠰᠣᠭᠠᠷ ᠲᠦᠯᠬᠢᠨ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠠᠳᠠᠭᠠᠳᠤ ᠶᠠᠪᠤᠳᠠᠯ ᠪᠠ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ | ᠰᠠᠶᠢᠲᠤᠷ ᠬᠢᠨ᠎ᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠣᠨ᠎ᠠ᠃ | ᠣᠯᠠᠨ ᠲᠦᠮᠡᠨ ᠢ ᠳᠠᠶᠢᠴᠢᠯᠠᠨ ᠣᠷᠣᠯᠴᠠᠵᠣ ᠤᠬᠠᠭᠤᠯᠬᠤ ᠲᠣᠭᠲᠠᠴᠠ ᠶᠢᠨ ᠲᠠᠯ᠎ᠠ ᠪᠠᠷ ᠤᠯᠠᠮ ᠨᠢᠭᠡ ᠠᠯᠬᠤᠮ | ᠰᠢᠨ᠎ᠡ ᠶᠢ ᠡᠭᠦᠳᠴᠦ᠂ ᠰᠦᠪᠡᠭᠴᠢ ᠶᠢᠨ ᠢᠷᠡᠯᠲᠡ ᠶᠢ ᠥᠷᠭᠡᠳᠬᠡᠨ᠂ ᠬᠠᠷᠭᠤᠭᠤᠯᠤᠨ ᠪᠠᠶᠢᠴᠠᠭᠠᠬᠤ ᠶᠠᠰᠤ ᠴᠢᠨᠠᠷ ᠢ | ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠠᠮᠠᠭᠤᠷᠠᠯ ᠢ ᠵᠠᠰᠠᠬᠤ᠂ ᠰᠢᠬᠦᠷ ᠪᠠᠷᠢᠬᠤ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ ᠲᠤᠰᠬᠠᠶ ᠲᠡᠮᠡᠴᠡᠯ ᠢ ᠬᠠᠤᠯᠢ ᠪᠠᠷ ᠵᠠᠰᠠᠬᠤ ᠤᠬᠠᠭᠤᠯᠭ᠎ᠠ ᠪᠠ | ᠬᠠᠤᠯᠢ ᠪᠠᠷ ᠵᠠᠰᠠᠬᠤ ᠪᠠᠶᠢᠭᠤᠯᠣᠯᠲᠠ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ | ᠵᠠᠮ ᠢᠶᠠᠷ ᠲᠤᠰᠬᠠᠶ ᠲᠡᠮᠡᠴᠡᠯ ᠢ ᠴᠢᠩᠭ᠎ᠠ ᠲᠦᠯᠬᠢᠨ ᠠᠬᠢᠭᠤᠯᠤᠨ᠎ᠠ᠃ ᠤᠷᠳᠤ ᠬᠤᠭᠤᠴᠠᠭᠠᠨ ᠤ ᠬᠦᠴᠦᠨ ᠪᠦᠬᠦᠢ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤ ᠶᠢᠨ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ | ᠂ ᠴᠣᠬᠢᠯᠲᠠ ᠥᠭᠬᠦ ᠶᠢᠨ ᠬᠠᠮᠲᠤ ᠵᠠᠰᠠᠬᠤ᠂ ᠬᠢᠨᠠᠨ ᠵᠢᠯᠣᠭᠤᠳᠬᠤ ᠶᠢᠨ ᠬᠠᠮᠲᠤ ᠴᠡᠭᠴᠡᠯᠡᠨ ᠰᠠᠢᠵᠢᠷᠠᠭᠤᠯᠬᠤ᠂ ᠬᠠᠷ᠎ᠠ | ᠪᠦᠯᠦᠭᠲᠡᠨ ᠢ ᠠᠷᠢᠯᠭᠠᠬᠤ ᠶᠢᠨ ᠬᠠᠮᠲᠤ ᠴᠠᠭᠳᠠᠭ᠎ᠠ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠨᠠᠩ ᠶᠡᠭᠡ | ᠲᠡᠮᠡᠴᠡᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ᠃ | ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠣᠨ᠎ᠠ᠃ | ︽ᠠᠮᠤᠷ ᠲᠠᠶᠢᠪᠤᠩ ᠬᠤᠷᠢᠨᠭᠡᠷ︾ ︽ᠣᠶᠣᠨᠲᠤ ᠬᠤᠷᠢᠨᠭᠡᠷ︾ ᠤᠨ ᠪᠦᠲᠦᠭᠡᠨ ᠪᠠᠶᠢᠭᠤᠯᠣᠯᠲᠠ ᠶᠢ | ᠭᠦᠨᠵᠡᠭᠡᠶᠢᠷᠡᠭᠦᠯᠵᠦ᠂ ︽ᠭᠡᠭᠡᠨ ᠲᠣᠩᠭᠠᠯᠠᠭ ᠢᠨᠵᠧᠨᠧᠷᠢᠩ︾ ᠢ ᠬᠡᠷᠡᠭᠵᠢᠭᠦᠯᠦᠨ᠂ ᠬᠠᠤᠯᠢ ᠠᠴᠠ ᠵᠥᠷᠢᠴᠡᠭᠰᠡᠨ ᠡᠯ᠎ᠡ | ᠲᠥᠷᠥᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃ ︽ᠢᠯᠠ | ᠵᠠᠬᠢᠳᠠᠯ ᠰᠣᠷᠪᠣᠯᠵᠢᠯᠠᠭ᠎ᠠ︾ ︽ᠬᠠᠷᠢᠭᠤᠴᠠᠯᠭᠠᠲᠤ ᠵᠠᠬᠢᠳᠠᠯ ᠰᠣᠷᠪᠣᠯᠵᠢᠯᠠᠭ᠎ᠠ︾ ︽ᠬᠠᠤᠯᠢ ᠪᠠᠷ ᠵᠠᠰᠠᠬᠤ ᠵᠠᠬᠢᠳᠠᠯ | ᠰᠣᠷᠪᠣᠯᠵᠢᠯᠠᠭ᠎ᠠ︾ ᠢ ᠪᠤᠢ ᠪᠣᠯᠭᠠᠵᠤ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ | ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠨ᠎ᠡ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ︽ | ᠥᠷᠢᠲᠦᠬᠦ ᠶᠢ ᠵᠠᠰᠠᠵᠤ ᠥᠭᠬᠦ ᠶᠢ ᠪᠠᠲᠤᠯᠠᠬᠤ︾ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ᠂ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠲᠣᠬᠢᠲᠠᠶ | ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨ ᠪᠣᠯᠭᠠᠨ | ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠴᠢᠳᠠᠪᠤᠷᠢ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ ᠠᠶᠣᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠤ᠂ ᠠᠶᠣᠯᠭᠦᠢ | ᠦᠢᠯᠡᠳᠪᠦᠷᠢᠯᠡᠯ ᠤᠨ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ ᠤᠨ ᠠᠶᠣᠯᠭᠦᠢ ᠶᠢᠨ ᠠᠳᠡᠯ ᠭᠠᠷᠬᠤ ᠶᠢ ᠡᠷᠡᠰ | ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠤᠭᠤᠯᠠᠨ ᠭᠡᠷ | ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠦᠭᠡᠶᠢᠵᠢᠬᠦᠯᠦᠨ | ᠰᠢᠢᠳᠪᠦᠷᠢᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠵᠢᠵᠢᠭ ᠢᠳᠡᠭᠡᠨ ᠪᠣᠯᠪᠠᠰᠤᠷᠠᠭᠤᠯᠬᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠦᠨ᠎ᠡ᠃ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠬᠢᠨᠠᠮᠠᠭᠠᠶ ᠨᠠᠶᠢᠳᠠᠪᠣᠷᠢᠵᠢᠭᠤᠯᠣᠨ᠂ ᠦᠨᠳᠦᠰᠦᠲᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠣᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠠᠳᠠᠯᠢᠳᠬᠠᠨ ᠰᠢᠯᠭᠠᠷᠠᠭᠤᠯᠬᠤ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠬᠦᠨᠳᠦ ᠶᠡᠭᠡ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ | ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠨ᠎ᠡ᠃ | ︵ᠲᠤᠯᠤᠭ᠎ᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠣᠯᠲᠠ ᠶᠢ ᠴᠢᠩᠭᠠᠳᠬᠠᠵᠤ᠂ ᠠᠮᠢ ᠠᠬᠤᠢ ᠶᠢᠨ | ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ | ᠨᠢᠭᠡᠳᠦᠯᠲᠡᠢ ᠳᠤ ᠲᠥᠯᠥᠪᠵᠢᠭᠦᠯᠦᠨ ᠬᠡᠷᠡᠭᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ | ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ | ᠤᠰᠤ ᠨᠢ ᠲᠤᠩᠭᠠᠯᠠᠭ ︽ᠦᠵᠡᠰᠬᠦᠯᠡᠩᠲᠦ ᠰᠠᠶᠢᠬᠠᠨ ᠬᠤᠷᠢᠨᠭᠡᠷ︾ ᠢ ᠬᠦᠴᠦᠯᠡᠨ ᠴᠣᠭᠴᠠᠯᠠᠨ᠎ᠠ᠃ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠪᠠᠢ ᠡᠯ | ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠪᠦᠬᠦ ᠠᠷᠠᠳ ᠢ | ᠳᠠᠶᠢᠴᠢᠯᠠᠨ ᠮᠣᠳᠣ ᠲᠠᠷᠢᠵᠤ ᠣᠶᠢᠵᠢᠭᠤᠯᠣᠨ᠂ ᠪᠠᠢ ᠡᠯ ᠶᠧ ᠡᠯᠡᠰᠦᠨ ᠬᠠᠰᠢᠯᠭ᠎ᠠ ᠶᠢ ᠵᠠᠰᠠᠭᠰᠠᠨ ᠦᠢᠯᠡ | ᠶᠠᠪᠤᠳᠠᠯ ᠤᠨ ᠦᠵᠡᠰᠭᠦᠯᠡᠩ ᠤᠨ ᠣᠷᠳᠣᠨ ᠢ ᠡᠬᠢᠯᠡᠨ ᠪᠠᠶᠢᠭᠤᠯᠣᠨ᠎ᠠ᠃ ᠬᠤᠳᠠ ᠬᠥᠳᠡᠭᠡ ᠶᠢ ᠨᠢᠭᠡ | ᠴᠣᠭᠴᠠᠵᠢᠭᠤᠯᠤᠭᠰᠠᠨ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠤᠷᠭᠤᠮᠠᠯ ᠬᠤᠴᠢᠯᠭ᠎ᠠ ᠶᠢ | ᠰᠡᠷᠭᠦᠭᠡᠬᠦ ᠵᠡᠷᠭᠡ ᠤᠯᠤᠰ ᠤᠨ ᠪᠠ ᠣᠷᠣᠨ ᠨᠤᠲᠤᠭ ᠤᠨ ᠭᠤᠣᠯᠳᠠᠯᠭ᠎ᠠ ᠲᠠᠢ ᠨᠣᠭᠤᠭᠠᠷᠠᠭᠤᠯᠬᠤ ᠰᠢᠨ᠎ᠡ ᠨᠢᠭᠡᠨ | ᠡᠭᠡᠯᠵᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠵᠠᠢ ᠦᠵᠡᠪᠡᠯ ᠨᠣᠭᠤᠭᠠᠷᠠᠭᠤᠯᠬᠤ᠂ ᠬᠠᠣᠯᠢ ᠲᠣᠭᠲᠠᠭᠠᠯ ᠠᠴᠠ | ᠵᠦᠷᠢᠴᠡᠭᠰᠡᠨ ᠪᠠᠷᠢᠯᠭ᠎ᠠ ᠶᠢ ᠨᠤᠷᠠᠭᠠᠵᠤ ᠨᠤᠭᠤᠭᠠᠷᠠᠭᠤᠯᠬᠤ᠂ ᠬᠡᠷᠡᠮ ᠢ ᠡᠪᠳᠡᠵᠦ ᠨᠣᠭᠤᠭᠠᠷᠠᠭᠤᠯᠣᠯᠲᠠ ᠶᠢ ᠢᠯᠡ | ᠪᠠᠶᠢᠯᠭᠠᠬᠤ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠢ | ᠰᠢᠭᠤᠶ ᠶᠢᠨ ᠬᠤᠰᠢᠭᠤ ᠰᠢᠶᠠᠨ ᠢ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠥᠪᠯᠡᠷᠡᠭᠰᠡᠨ | ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠬᠢᠭᠡᠳ ᠨᠡᠪᠲᠡᠷᠡᠵᠦ ᠪᠠᠶᠢᠭ᠎ᠠ ᠵᠠᠮ ᠤᠨ ᠨᠣᠭᠤᠭᠠᠷᠠᠭᠤᠯᠤᠯᠲᠠ ᠶᠢ | ᠰᠠᠶᠢᠲᠤᠷ ᠠᠳᠬᠤᠵᠤ᠂ ᠴᠧᠩ ᠭᠤᠸᠠᠨ ᠤ ᠬᠤᠶᠢᠲᠣ ᠠᠭᠤᠯᠠ᠂ ᠴᠧᠩ ᠭᠤᠸᠠᠨ ᠤ ᠡᠮᠦᠨ᠎ᠡ ᠠᠭᠤᠯᠠ᠂ ᠸᠧ ᠨᠢᠤ | ᠱᠠᠨ ᠠᠭᠤᠯᠠ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠡᠭᠦᠨ ᠠᠭᠤᠯᠠ ᠵᠡᠷᠭᠡ ᠬᠤᠳᠠ ᠶᠢ | ᠲᠣᠭᠤᠷᠢᠭᠰᠠᠨ ᠠᠮᠢ ᠠᠬᠤᠢ ᠶᠢᠨ ᠢᠨᠵᠧᠨᠧᠷᠢᠩ ᠤᠨ ᠣᠷᠣᠨ ᠬᠡᠰᠡᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠮᠢ | ᠠᠬᠤᠢ ᠶᠢᠨ ᠠᠵᠤ ᠠᠬᠤᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠢᠭᠡ | ᠪᠦᠯᠦᠭ ᠣᠨᠴᠠᠯᠢᠭᠲᠤ᠂ ᠴᠢᠨᠠᠷ ᠰᠠᠶᠢᠲᠠᠶ ᠣᠢ ᠵᠢᠮᠢᠰ ᠤᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ | ᠪᠠᠶᠢᠭᠤᠯᠣᠨ᠎ᠠ᠃ ᠣᠢ ᠰᠢᠭᠤᠢ ᠶᠢᠨ ᠬᠤᠷᠮᠣᠶ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠴᠢᠴᠠᠷᠭᠠᠨ᠎ᠠ᠂ ᠭᠦᠢᠯᠡᠰᠦ ᠵᠡᠷᠭᠡ ᠦᠢᠯᠡᠳᠬᠦᠨ ᠢ ᠭᠦᠨᠵᠡᠭᠡᠶ ᠪᠣᠯᠪᠠᠰᠤᠷᠠᠭᠤᠯᠵᠤ᠂ ᠳᠠᠬᠢᠨ | ᠨᠡᠭᠡᠭᠡᠨ ᠬᠥᠭᠵᠢᠭᠦᠯᠵᠦ᠂ ᠦᠢᠯᠡᠳᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠮᠢ ᠠᠬᠤᠢ ᠶᠢᠨ | ᠪᠦᠲᠦᠭᠡᠨ ᠪᠠᠶᠢᠭᠤᠯᠣᠯᠲᠠ ᠪᠠ ᠠᠷᠠᠳ ᠢᠷᠭᠡᠳ ᠪᠠᠶᠠᠵᠢᠬᠤ ︽ᠬᠤᠤᠰ ᠠᠰᠢᠭ︾ ᠢ ᠪᠡᠶᠡᠯᠡᠭᠦᠯᠦᠨ᠎ᠡ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠪᠠ | ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢᠨ ᠳᠤᠲᠠᠭᠤᠳᠠᠯ ᠢ | ᠲᠦᠷᠭᠡᠨ ᠨᠥᠬᠦᠪᠥᠷᠢᠯᠡᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠨᠠᠨ | ᠰᠢᠯᠭᠠᠬᠤ ᠬᠠᠷᠠᠯᠲᠠ ᠶᠢᠨ ᠰᠢᠰᠲ᠋ᠧᠮ ᠢ ᠪᠠᠢᠭᠤᠯᠵᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ | ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠳᠦᠷᠢᠮ ᠢ ᠬᠡᠷᠡᠭᠵᠢᠭᠦᠯᠦᠨ᠎ᠡ᠃ | ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠠ ᠤᠯᠤᠰ ᠤᠨ ᠥᠮᠴᠢᠯᠡᠯ ᠤᠨ ᠤᠢ | ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠤᠣᠯ ᠮᠥᠷᠡᠨ ᠤ ᠳᠠᠷᠤᠭ᠎ᠠ ᠶᠢᠨ | ᠳᠦᠷᠢᠮ ᠢ ᠭᠦᠨᠵᠡᠭᠡᠶ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠲᠣᠭᠤᠷᠢᠮ ᠤᠨ ︽ᠳᠥᠷᠪᠡᠨ | ᠳᠤᠷ᠎ᠠ ᠪᠠᠷ ᠢᠶᠠᠨ ᠢ ᠠᠷᠢᠯᠭᠠᠬᠤ︾ ᠶᠢ ᠠᠷᠢᠯᠭᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠤᠰᠤᠨ ᠤ | ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠠᠵᠢᠯ ᠳᠤ ᠬᠠᠮᠵᠢᠯᠴᠠᠨ ᠰᠠᠶᠢᠲᠤᠷ ᠬᠢᠨ᠎ᠡ᠃ ᠶᠡᠷᠦᠩᠬᠡᠶᠢᠯᠡᠭᠰᠡᠨ | ᠲᠠᠷᠢᠶᠠᠨ ᠭᠠᠵᠠᠷ ᠤᠨ ᠬᠠᠯᠬᠠᠪᠴᠢ ᠣᠢ ᠶᠢᠨ ᠰᠢᠰᠲ᠋ᠧᠮᠵᠢ ᠶᠢ ᠡᠮᠬᠢ ᠵᠢᠷᠤᠮ ᠲᠠᠢ ᠪᠠᠷ ᠪᠠᠶᠢᠭᠤᠯᠣᠨ᠎ᠠ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠣᠯᠲᠠ ᠶᠢ ᠴᠢᠩᠭᠠᠳᠬᠠᠵᠤ᠂ ᠠᠷᠠᠳ | ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠣᠨ᠎ᠠ | ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ | ᠂ ᠬᠠᠣᠯᠢ ᠪᠠᠷ ᠵᠠᠰᠠᠵᠣ ᠦᠨᠡᠨᠴᠢ ᠢᠲᠡᠭᠡᠮᠵᠢᠲᠡᠶ ᠪᠠᠶᠢᠬᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠣᠨ᠎ᠠ᠃ | ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠬᠦ ᠵᠠᠰᠠᠭ ᠤᠨ ᠣᠷᠳᠣᠨ ᠢ ᠪᠠᠶᠢᠭᠤᠯᠣᠨ᠎ᠠ᠃ | ᠰᠤᠷᠤᠯᠴᠠᠬᠤ ᠪᠠ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ︽ᠨᠢᠭᠡᠳᠦᠭᠡᠷ ᠹᠷᠣᠨᠲ ᠤᠨ | ᠠᠵᠢᠯ ᠤᠨ ᠠᠷᠭ᠎ᠠ︾ ᠶᠢ ᠶᠡᠬᠡᠪᠡᠷ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠳᠤ ᠢᠯᠡᠭᠦᠬᠡᠨ ᠪᠠᠭᠤᠵᠤ᠂ ᠤᠯᠠᠨ | ᠲᠦᠮᠡᠨ ᠲᠠᠢ ᠥᠷᠭᠡᠨ ᠢᠶᠠᠷ ᠬᠠᠷᠢᠯᠴᠠᠵᠤ᠂ ᠠᠷᠠᠳ ᠤᠨ ᠰᠠᠨᠠᠭ᠎ᠠ ᠶᠢ ᠰᠠᠶᠢᠲᠤᠷ ᠰᠣᠨᠣᠰᠤᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠭᠰᠠᠨ ᠨᠣᠷᠮ᠎ᠠ ᠶᠢ | ᠳᠡᠭᠡᠭᠰᠢᠯᠡᠭᠦᠯᠵᠦ᠂ ︽ᠨᠢᠭᠡ ᠨᠣᠮᠧᠷ︾ ᠢᠶᠠᠷ ᠭᠤᠶᠤᠴᠢᠯᠠᠬᠤ᠂ ︽ᠨᠢᠭᠡ ᠴᠣᠩᠬᠤᠪᠴᠢ︾ ᠪᠠᠷ ᠬᠦᠯᠢᠶᠡᠨ ᠠᠪᠴᠤ | ᠰᠢᠢᠳᠪᠦᠷᠢᠯᠡᠬᠦ᠂ ︽ᠨᠢᠭᠡ ᠰᠦᠯᠵᠢᠶ᠎ᠡ︾ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ᠃ ᠠᠯᠪᠠᠨ ᠠᠵᠢᠯ ᠤᠨ | ᠠᠦ᠋ᠲ᠋ᠣᠴᠢᠯᠠᠬᠤ ᠰᠢᠰᠲ᠋ᠧᠮ ᠤᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠲᠣᠭᠠᠴᠢᠯᠠᠨ ᠠᠵᠢᠯᠯᠠᠬᠤ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠬᠠᠷᠢᠯᠴᠠᠬᠤ | ᠬᠡᠯᠪᠡᠷᠢ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠶᠢ ᠪᠠᠶᠢᠭᠤᠯᠬᠤ ᠶᠢ ᠢᠳᠡᠪᠬᠢᠲᠡᠶ ᠲᠦᠯᠬᠢᠨ ᠠᠬᠢᠭᠤᠯᠵᠤ᠂ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠵᠢᠯ ᠬᠢᠵᠦ ᠬᠠᠷᠢᠭᠤᠴᠠᠯᠭ᠎ᠠ ᠡᠭᠦᠷᠭᠡᠯᠡᠳᠡᠭ ᠵᠠᠰᠠᠭ ᠤᠨ ᠣᠷᠳᠣᠨ ᠢ ᠪᠠᠶᠢᠭᠤᠯᠣᠨ᠎ᠠ᠃ ᠵᠣᠷᠢᠭᠲᠠᠶ ᠰᠡᠳᠬᠢᠵᠦ | ᠵᠣᠷᠢᠭᠲᠠᠶ ᠬᠢᠬᠦ᠂ ᠰᠢᠷᠭᠠᠭᠤ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠬᠤ᠂ ᠰᠠᠶᠢᠲᠤᠷ ᠬᠢᠵᠦ ᠴᠢᠳᠠᠬᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠬᠢᠭᠰᠡᠳ ᠢ ᠤᠷᠮᠠᠰᠢᠭᠤᠯᠤᠨ ᠵᠣᠷᠢᠭᠵᠢᠭᠤᠯᠵᠤ᠂ ᠡᠭᠦᠷᠭᠡᠯᠡᠭᠰᠡᠳ ᠲᠤ | ᠲᠦᠰᠢᠭ ᠲᠤᠯᠭᠠᠭᠤᠷᠢ ᠪᠣᠯᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠠᠪᠤᠳᠠᠯ ᠢ ᠵᠠᠰᠠᠭ ᠤᠨ | ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠭᠤᠣᠯ ᠪᠠᠷᠢᠮᠵᠢᠶ᠎ᠠ ᠪᠣᠯᠭᠠᠵᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ | ᠠᠵᠢᠯ᠂ ᠴᠢᠬᠤᠯᠠ ᠶᠡᠭᠡ ᠲᠥᠷᠥᠯ ᠵᠦᠢᠯ ᠳᠤ ᠵᠢᠷᠤᠭ ᠡᠯᠭᠦᠵᠦ ᠪᠠᠶᠢᠯᠳᠤᠭᠠᠨ ᠬᠢᠵᠦ᠂ ᠠᠵᠢᠯ ᠢ ᠲᠦᠷᠭᠡᠨ | ᠨᠠᠶᠢᠳᠠᠪᠣᠷᠢᠵᠢᠭᠤᠯᠬᠤ᠂ ᠲᠥᠷᠥᠯ ᠵᠦᠢᠯ ᠢ ᠲᠦᠷᠭᠡᠨ ᠠᠬᠢᠭᠤᠯᠬᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ᠂ | ᠬᠠᠷᠠᠯᠲᠠ ᠶᠢ ᠲᠦᠷᠭᠡᠨ ᠪᠡᠶᠡᠯᠡᠭᠦᠯᠬᠦ ᠶᠢ ᠰᠠᠶᠢᠲᠣᠷ ᠬᠢᠵᠦ᠂ ᠳᠡᠭᠡᠳᠦ ᠱᠠᠲᠤ ᠵᠢᠴᠢ ᠰᠢᠶᠠᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠣᠯᠠᠨ᠎ᠠ᠃ | ᠬᠠᠤᠯᠢ ᠪᠠᠷ ᠵᠠᠰᠠᠬᠤ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠢᠭᠤᠯᠤᠨ᠎ᠠ᠃ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠲᠣᠭᠲᠠᠭᠠᠭᠰᠠᠨ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ | ᠰᠢᠢᠳᠪᠦᠷᠢᠲᠦ ᠪᠣᠳᠣᠯᠭ᠎ᠠ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ᠂ ᠰᠢᠨᠵᠢᠯᠡᠬᠦ | ᠤᠬᠠᠭᠠᠨᠴᠢ ᠪᠠᠷ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠶᠢᠨ ᠵᠠᠯᠭᠠᠯᠳᠤᠬᠤ ᠴᠢᠨᠠᠷ ᠪᠠ ᠨᠢᠭᠡᠳᠦᠯᠲᠦ ᠴᠢᠨᠠᠷ ᠢ ᠪᠠᠲᠤᠯᠠᠵᠤ᠂ ᠥᠷᠯᠥᠭᠡ ᠶᠢᠨ | ᠵᠠᠷᠯᠢᠭ ᠢ ᠦᠳᠡᠰᠢ ᠥᠭᠡᠷᠡᠴᠢᠯᠡᠬᠦ᠂ ︽ᠰᠢᠨ᠎ᠡ ᠨᠣᠶᠠᠨ ᠬᠠᠭᠤᠴᠢᠨ ᠳᠠᠩᠰᠠ ᠶᠢ ᠬᠠᠮᠢᠶᠠᠷᠬᠤ ᠥᠬᠡᠶ︾ ᠪᠠᠶᠢᠬᠤ ᠶᠢ | ᠡᠷᠡᠰ ᠬᠤᠷᠢᠭᠯᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨᠬᠦ ᠬᠠᠮᠠᠭᠠᠯᠠᠨ᠎ᠠ᠃ | ᠠᠵᠤ ᠠᠬᠤᠶᠢᠯᠠᠯ ᠯᠤᠭ᠎ᠠ ᠲᠣᠭᠲᠠᠭᠠᠭᠰᠠᠨ ᠬᠡᠯᠡᠯᠴᠡᠭᠡᠷ ᠢᠶᠠᠨ ᠬᠢᠨᠠᠮᠠᠭᠠᠶ ᠭᠦᠢᠴᠡᠳᠬᠡᠵᠦ᠂ ᠠᠵᠤ ᠠᠬᠤᠶᠢᠯᠠᠯ ᠳᠤ | ᠠᠮᠠᠯᠠᠭᠰᠠᠨ ᠠᠮᠠᠯᠠᠯᠲᠠ ᠪᠠᠨ ᠴᠢᠩᠭ᠎ᠠ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠣᠯᠲᠠ ᠶᠢ ᠲᠦᠷᠭᠡᠳᠬᠡᠵᠦ᠂ ᠢᠲᠡᠭᠡᠮᠵᠢ ᠲᠠᠢ ᠪᠠᠶᠢᠬᠤ ᠶᠢ ᠬᠤᠯᠪᠣᠭᠠᠯᠠᠨ ᠵᠣᠷᠢᠭᠵᠢᠭᠤᠯᠬᠤ | ᠪᠠ ᠢᠲᠡᠭᠡᠯ ᠠᠯᠳᠠᠪᠠᠯ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨ ᠪᠣᠯᠭᠠᠨ | ᠲᠡᠭᠦᠯᠳᠡᠷᠵᠢᠭᠦᠯᠦᠨ᠎ᠡ᠃ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ | ᠤᠯᠠᠨ ᠲᠦᠮᠡᠨ ᠢ ᠬᠥᠲᠥᠯᠥᠨ ᠵᠢᠯᠣᠭᠤᠳᠴᠤ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ | ᠬᠠᠤᠯᠢ ᠶᠢ ᠬᠡᠷᠡᠭᠯᠡᠬᠦ ᠪᠣᠯᠭᠠᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠣᠨ᠎ᠠ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ ᠤᠯᠠᠨ ᠲᠦᠮᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠤᠨ ᠬᠦᠷᠢᠶ᠎ᠡ᠂ ᠵᠠᠰᠠᠭ ᠤᠨ ᠣᠷᠳᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ᠂ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠬᠤ ᠬᠢᠨᠠᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠣᠯᠲᠠ ᠶᠢ ᠴᠢᠩᠭᠠᠳᠬᠠᠵᠤ᠂ ︽ᠳᠥᠷᠪᠡᠨ ᠰᠤᠷᠲᠠᠯ︾ ᠤᠨ | ᠠᠰᠠᠭᠤᠳᠠᠯ ᠤᠨ ᠰᠢᠨ᠎ᠡ ᠢᠯᠡᠷᠡᠯ ᠰᠢᠨ᠎ᠡ ᠬᠠᠨᠳᠤᠰᠢ ᠶᠢ ᠴᠢᠩᠭ᠎ᠠ ᠠᠩᠬᠠᠷᠴᠤ᠂ ᠵᠠᠯᠬᠠᠭᠤᠷᠠᠨ ᠬᠤᠶᠢᠷᠭᠤᠰᠢᠬᠤ᠂ | ᠪᠦᠳᠦᠭᠦᠯᠢᠭ ᠢᠶᠠᠷ ᠵᠠᠰᠠᠭ ᠶᠠᠪᠤᠭᠤᠯᠬᠤ ᠵᠡᠷᠭᠡ ᠳᠣᠪᠣᠶᠢᠮ᠎ᠠ ᠠᠰᠠᠭᠤᠳᠠᠯ ᠢ ᠬᠦᠴᠦ ᠲᠠᠯᠪᠢᠨ ᠴᠡᠭᠴᠡᠯᠡᠨ ᠵᠠᠰᠠᠵᠤ᠂ ︽ | ᠪᠢᠰᠢᠷᠡᠨ ᠵᠢᠷᠦᠬᠡᠰᠢᠶᠡᠬᠦ ᠦᠭᠡᠢ᠂ ᠬᠠᠶᠢᠬᠤᠷᠬᠤ ᠦᠭᠡᠢ᠂ ᠤᠷᠢᠶ᠎ᠠ ᠬᠠᠰᠬᠢᠷᠬᠤ᠂ ᠣᠪᠯᠠᠬᠤ︾ ᠵᠡᠷᠭᠡ ᠦᠵᠡᠭᠳᠡᠯ ᠢ | ᠡᠷᠡᠰ ᠲᠡᠪᠴᠢᠨ᠎ᠡ᠃ ᠳᠦᠷᠢᠮ ᠤᠨ ᠪᠠᠶᠢᠭᠤᠯᠣᠯᠲᠠ ᠶᠢ ᠦᠷᠭᠦᠯᠵᠢᠯᠡᠨ ᠴᠢᠩᠭᠠᠳᠬᠠᠵᠤ᠂ ᠳᠦᠷᠢᠮ ᠢᠶᠠᠷ ᠡᠷᠬᠡ ᠶᠢ | ᠬᠠᠮᠢᠶᠠᠷᠴᠤ ᠬᠡᠷᠡᠭ ᠶᠠᠪᠤᠳᠠᠯ ᠢ ᠬᠠᠮᠢᠶᠠᠷᠴᠤ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ︽ᠭᠤᠷᠪᠠᠨ ᠵᠦᠢᠯ ᠤᠨ | ᠠᠯᠪᠠᠨ ᠵᠠᠷᠤᠳᠠᠯ︾ ᠤᠨ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠨᠡᠮᠡᠭᠦᠷᠢ ᠮᠥᠩᠭᠦ ᠨᠥᠬᠦᠪᠥᠷᠢ ᠮᠥᠩᠭᠦ | ᠥᠭᠬᠦ ᠶᠢ ᠬᠠᠤᠯᠢ ᠶᠣᠰᠣᠭᠠᠷ ᠵᠢᠷᠤᠮᠵᠢᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠭᠡᠷ ᠪᠠᠶᠢᠰᠢᠩ᠂ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠥᠷᠥ ᠶᠢᠨ ᠠᠮᠢ ᠠᠬᠤᠢ ᠶᠢ ᠴᠢᠷᠮᠠᠶᠢᠨ ᠪᠣᠶ ᠪᠣᠯᠭᠠᠨ᠎ᠠ᠃ | ᠲᠥᠯᠥᠭᠡᠯᠡᠭᠴᠢᠳ ᠡ︕ ᠡᠭᠦᠷᠭᠡ ᠡᠭᠦᠷᠭᠡᠯᠡᠵᠦ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ | ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ | ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠠᠷᠠᠳ ᠲᠦᠮᠡᠨ ᠤ ᠣᠶᠣᠨ ᠤᠬᠠᠭᠠᠨ | ᠪᠣᠯᠤᠨ ᠬᠦᠴᠦᠨ ᠴᠢᠳᠠᠯ ᠢ ᠨᠢᠭᠲᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠦᠨᠡᠨᠬᠦ ᠠᠳᠬᠤᠨ ᠪᠣᠳᠠᠲᠠᠢ | ᠠᠵᠢᠯᠯᠠᠵᠤ᠂ ᠬᠤᠷᠢᠨᠭᠡᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠶ᠎ᠡ︕ |