ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠭᠦᠮ ᠲᠤᠭᠤᠢᠢᠯᠠᠩ ᠬᠤᠪᠢᠶᠠᠵᠦ ᠡᠯ᠎ᠡ ᠵᠦᠢᠯ ᠤᠨ ᠰᠢᠢᠳᠪᠤᠷᠢ ᠶᠢᠨ ᠲᠦᠰᠦᠯ ᠢ ᠬᠢᠨᠠᠨ ᠵᠦᠪᠯᠡᠵᠠᠢ
ᠨᠡᠶᠢᠲᠡᠯᠡᠭᠰᠡᠨ ᠴᠠᠭ᠄
2020-05-29
     ᠱᠢ ᠲᠠᠢ ᠹᠧᠩ  ᠪᠦ᠋ ᠰᠢᠶᠤᠤ ᠯᠢᠨ  ᠯᠢ ᠰᠢᠦ ᠯᠢᠩ ᠣᠷᠣᠯᠴᠠᠪᠠ      5 ᠰᠠᠷ᠎ᠠ ᠶᠢᠨ 28 ᠤ ᠦᠳᠡ ᠶᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠤᠷ ᠮᠣᠩᠭᠤᠯ ᠤᠨ ᠲᠦᠯᠦᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠤᠷᠢ ᠶᠢᠨ ᠲᠦᠰᠤᠯ ᠢ ᠬᠢᠨᠠᠨ ᠵᠦᠪᠯᠡᠪᠡ᠃      ᠦᠪᠤᠷ ᠮᠣᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠳᠠᠷᠤᠭ᠎ᠠ ᠱᠢ ᠲᠠᠢ ᠹᠸᠡᠭ᠂ ᠪᠦᠯᠭᠦᠮ ᠤᠨ ᠲᠡᠳ᠋ ᠳᠠᠷᠤᠭ᠎ᠠ ᠪᠦ᠋ ᠰᠢᠶᠤᠤ ᠯᠢᠨ᠂ ᠯᠢ ᠰᠢᠤ ᠯᠢᠩ ᠬᠢᠨᠠᠨ ᠵᠦᠪᠯᠡᠭᠦ ᠳᠤ ᠤᠷᠤᠯᠴᠠᠵᠠᠢ᠃ ᠪᠦᠯᠭᠦᠮ ᠤᠨ ᠲᠡᠳ᠋ ᠳᠠᠷᠤᠭ᠎ᠠ ᠯᠢᠨ ᠱᠤᠤ ᠴᠦᠨ᠂ ᠮᠠ ᠰᠢᠤᠸᠠᠢ ᠵᠢᠶᠦ᠋ᠨ ᠲᠤᠰ ᠲᠤᠰ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠪᠠ᠃ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠠᠤᠯᠢ ᠶᠢᠨ ᠲᠦᠰᠦᠯ ᠤᠨ ᠲᠤᠭᠤᠢᠢᠯᠠᠩ ᠪᠤᠯᠤᠨ ᠲᠤᠪᠴᠢ ᠮᠡᠳᠡᠭᠡ ᠶᠢᠨ ᠲᠤᠭᠤᠢᠢᠯᠠᠩ ᠤᠨ ᠨᠦᠭᠦᠳ ᠦᠷᠭᠦᠯᠵᠢᠯᠠᠨ ᠬᠤᠷᠠᠯ ᠳᠤ ᠤᠷᠤᠯᠴᠠᠵᠤ ᠰᠠᠨᠠᠯ ᠰᠤᠨᠤᠰᠪᠠ᠃      ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢᠨ ᠲᠦᠰᠦᠯ᠂ 2019 ᠣᠨ ᠤ ᠤᠯᠤᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠬᠡᠳ 2020 ᠣᠨ ᠤ ᠤᠯᠤᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠤᠷᠢ ᠶᠢᠨ ᠲᠦᠰᠦᠯ᠂ 2019 ᠣᠨ ᠤ ᠲᠦᠪ ᠤᠨ ᠪᠠ ᠤᠷᠤᠨ ᠨᠤᠲᠤᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠬᠢᠬᠡᠳ 2020 ᠣᠨ ᠤ ᠲᠦᠪ ᠤᠨ ᠪᠠ ᠤᠷᠤᠨ ᠨᠤᠲᠤᠭ ᠤᠨ ᠲᠦᠰᠦᠪ ᠤᠨ ᠲᠤᠬᠠᠢ ᠰᠢᠢᠳᠪᠤᠷᠢ ᠶᠢᠨ ᠲᠦᠰᠦᠯ᠂ ᠪᠦᠭᠦ ᠤᠯᠤᠰ ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ ᠶᠢᠨ ᠲᠦᠰᠦᠯ᠂ ᠠᠷᠠᠳ ᠤᠨ ᠲᠡᠭᠡᠳᠤ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠦᠰᠦᠯ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠦᠰᠦᠯ᠂ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠤᠨ ᠰᠠᠨᠠᠭᠤᠯᠭ᠎ᠠ ᠶᠢ ᠪᠠᠳᠤᠯᠠᠬᠤ ᠨᠤᠤᠷᠠᠭ᠂ ᠰᠢᠶᠠᠩᠭᠠᠡᠭ ᠣᠨᠴᠠᠭᠠᠢ ᠵᠠᠰᠠᠭ ᠵᠠᠭᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠳᠦᠷᠢᠮ ᠪᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠭᠦ ᠲᠤᠬᠠᠢ ᠪᠦᠭᠦ ᠤᠯᠤᠰ  ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ᠤᠨ ᠲᠥᠰᠥᠯ ᠤᠨ ᠰᠠᠨᠠᠭᠤᠯᠭ᠎ᠠ ᠶᠢ ᠪᠠᠳᠤᠯᠠᠬᠤ ᠨᠤᠤᠷᠠᠭ ᠵᠡᠷᠭᠡ ᠶᠢ ᠬᠢᠨᠠᠨ ᠵᠦᠪᠯᠡᠪᠡ᠃      ᠬᠤᠷᠠᠯ ᠠᠴᠠ᠂ ᠡᠨᠡ ᠵᠢᠯ ᠤᠨ ᠶᠡᠭᠡ ᠬᠤᠷᠠᠯ ᠤᠨ ᠬᠤᠭᠤᠴᠠᠭ᠎ᠠ ᠬᠡᠳᠦ᠋ᠢᠪᠡᠷ ᠣᠬᠤᠷ ᠪᠣᠯᠣᠭᠰᠠᠨ ᠪᠤᠯᠪᠠᠴᠤ ᠵᠦᠪᠯᠡᠬᠦ ᠵᠦᠢᠯ ᠬᠠᠰᠤᠭᠳᠠᠭᠰᠠᠨ ᠦᠭᠡᠢ᠂ ᠲᠦᠯᠦᠭᠡᠯᠡᠭᠴᠢᠳ ᠤᠨ ᠡᠭᠦᠷᠭᠡᠯᠡᠵᠤ ᠪᠠᠶᠢᠭ᠎ᠠ ᠲᠤᠰᠢᠶᠠᠯ ᠬᠠᠷᠢᠭᠤᠴᠠᠯᠭ᠎ᠠ ᠳᠡᠦᠬᠡᠳᠦ ᠡᠭᠦᠷᠭᠡ ᠥᠴᠥᠬᠡᠨ ᠴᠦ ᠬᠥᠩᠭᠡᠷᠡᠭᠰᠡᠨ ᠦᠭᠡᠢ ᠶᠤᠮ᠃ ᠬᠤᠷᠠᠯ ᠤᠨ ᠬᠤᠭᠤᠴᠠᠭᠠᠨ ᠳᠤ᠂ ᠣᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ  ᠤᠨ ᠬᠢᠨᠠᠨ ᠵᠥᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠢᠢᠯᠠᠭᠠᠵᠤ᠂ ᠳᠣᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠂ ᠡᠷᠬᠡ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ᠂ ᠨᠠᠮ ᠪᠠ ᠤᠯᠤᠰ ᠤᠨ ᠦᠢᠯᠡᠰ ᠤᠨ ᠬᠦᠭᠵᠢᠯᠲᠡ ᠳᠤ ᠠᠷᠭ᠎ᠠ ᠣᠬᠠᠭᠠᠨ ᠡᠷᠭᠦᠵᠦ᠂ ᠪᠤᠳᠠᠳᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠰᠦᠪᠡᠭᠴᠢᠯᠡᠨ᠂ ᠲᠡᠮᠡᠴᠡᠯ ᠤᠨ ᠬᠦᠴᠦᠨ ᠢ ᠨᠢᠭᠳᠠᠷᠠᠭᠤᠯᠵᠣ᠂ ᠡᠯ᠎ᠡ ᠵᠦᠢᠯ ᠤᠨ ᠡᠭᠦᠷᠭᠡ ᠶᠢ ᠭᠢᠯᠠᠯᠵᠠᠲᠠᠯ᠎ᠠ ᠪᠠᠶᠡᠯᠡᠭᠦᠯᠵᠤ᠂ ᠶᠡᠭᠡ ᠬᠤᠷᠠᠯ ᠤᠨ ᠤᠷᠤᠭᠰᠢᠲᠠᠢ ᠬᠤᠷᠠᠯᠳᠣᠬᠰᠠᠨ ᠪᠠ ᠲᠡᠭᠦᠰ ᠠᠮᠵᠢᠯᠲᠠ ᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯ ᠡᠨᠡ ᠵᠢᠯ ᠤᠨ ᠬᠤᠷᠠᠯ ᠤᠨ ᠳᠣᠪᠣᠶᠢᠮ᠎ᠠ ᠤᠨᠴᠠᠯᠢᠭ ᠪᠣᠯᠣᠨ᠎ᠠ᠂ ᠲᠦᠯᠦᠭᠡᠯᠡᠭᠴᠢᠳ ᠶᠡᠭᠡ ᠬᠤᠷᠠᠯ ᠤᠨ ᠲᠤᠭᠳᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠷᠠᠯ  ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠤᠯᠤᠨ ᠨᠢᠭᠤᠴᠠ ᠶᠢ ᠬᠠᠮᠠᠭᠠᠯᠠᠬᠤ ᠠᠵᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠢᠭᠡ ᠰᠡᠳᠬᠢᠯ ᠨᠢᠭᠡ ᠵᠤᠷᠢᠭ ᠢᠶᠠᠷ᠂ ᠴᠤᠭ ᠵᠢᠪᠬᠤᠭ᠎ᠠ ᠲᠡᠭᠦᠯᠳᠡᠷ ᠢᠶᠠᠷ ᠬᠤᠷᠠᠯ ᠳᠤ ᠤᠷᠤᠯᠴᠠᠵᠤ᠂ ᠡᠬᠢᠯᠡᠬᠦ ᠠᠴᠠ ᠪᠠᠨ ᠳᠠᠭᠤᠰᠲᠠᠯ᠎ᠠ ᠰᠠᠶᠢᠨ ᠰᠠᠶᠢᠬᠠᠨ ᠬᠤᠷᠠᠯ ᠤᠨ ᠰᠤᠷᠲᠠᠯ ᠢ ᠪᠠᠳᠣᠯᠠᠵᠦ᠂ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠲᠦᠷᠢ ᠳᠦᠷᠬᠦ ᠶᠢ ᠱᠤᠭᠤᠵᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠡᠭ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠪᠤᠯᠤᠨ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯ ᠤᠷᠤᠨ ᠳᠠᠶᠠᠭᠠᠷ ᠤᠨ ᠤᠳᠤᠬᠠᠨ ᠪᠠ ᠬᠤᠶᠢᠰᠢᠲᠠ ᠶᠢᠨ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠲᠦᠯᠦᠭᠡᠯᠡᠭᠴᠢᠳ ᠤᠯᠤᠰ ᠲᠦᠷᠦ  ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠳᠠᠭᠠᠭᠤᠯᠤᠨ ᠰᠤᠷᠤᠯᠴᠠᠨ ᠲᠤᠭᠤᠰᠢᠯᠠᠭᠤᠯᠵᠤ᠂ ᠢᠳᠡᠪᠬᠢᠲᠡᠢ ᠪᠠᠷ ᠤᠬᠠᠭᠤᠯᠤᠨ ᠲᠠᠶᠢᠯᠪᠤᠷᠢᠯᠠᠵᠤ᠂ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠢᠳᠡᠪᠬᠢᠲᠡᠢ ᠪᠠᠷ ᠤᠯᠠᠮᠵᠢᠯᠠᠨ ᠳᠡᠯᠭᠡᠷᠡᠭᠦᠯᠵᠤ ᠦᠨᠡᠨᠴᠢ ᠪᠠᠷ ᠦᠢᠯᠡᠳᠦᠯᠭᠡᠵᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号