ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠷᠤᠭ᠎ᠠ ᠵᠧᠤ ᠴᠢᠶᠠᠩ ᠤᠨ | ᠬᠢᠭᠰᠡᠨ ᠠᠵᠢᠯ ᠤᠨ ᠮᠡᠳᠡᠬᠦᠯᠦᠯᠳᠡ ᠶᠢ ᠰᠣᠨᠣᠰᠤᠭᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠠᠷᠠᠳ ᠤᠨ | ᠳᠡᠭᠡᠳᠦ ᠰᠢᠭᠦᠬᠦ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠮᠡᠳᠡᠬᠦᠯᠦᠯᠳᠡ ᠳᠤ ᠳᠤᠷᠠᠳᠤᠭᠰᠠᠨ ᠬᠤᠶᠢᠰᠢᠳᠠ | ᠶᠢᠨ ᠨᠢᠬᠡ ᠬᠤᠭᠤᠴᠠᠭᠠᠨ ᠤ ᠠᠵᠢᠯ ᠤᠨ ᠲᠤᠬᠢᠷᠠᠭᠤᠯᠤᠯᠲᠠ ᠶᠢ ᠵᠥᠪᠰᠢᠶᠡᠷᠡᠵᠦ᠂ ᠡᠨᠡ ᠬᠦ ᠮᠡᠳᠡᠬᠦᠯᠦᠯᠳᠡ ᠶᠢ | ᠵᠥᠪᠰᠢᠶᠡᠷᠡᠬᠦ ᠪᠠᠷ ᠳᠤᠭᠳᠠᠵᠠᠢ᠃ | ᠬᠤᠷᠠᠯ ᠠᠴᠠ᠂ ᠠᠷᠠᠳ ᠤᠨ ᠳᠡᠭᠡᠳᠦ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠡᠷᠡᠰ ᠭᠤᠶᠢᠪᠢᠰᠢ | ᠦᠭᠡᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ | ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠨ᠂ ᠤᠯᠤᠰ ᠤᠨ ᠤᠯᠤᠰ | ᠲᠦᠷᠦ ᠶᠢᠨ ᠠᠮᠤᠷ ᠲᠥᠪᠰᠢᠨ ᠢ ᠬᠦᠴᠦᠯᠡᠨ ᠬᠠᠮᠠᠭᠠᠯᠠᠵᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ | ᠲᠤᠭᠳᠠᠭᠤᠨ ᠤ ᠶᠡᠭᠡ ᠲᠠᠯ᠎ᠠ ᠶᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ | ᠬᠠᠮᠠᠭᠠᠯᠠᠨ᠂ ᠬᠠᠤᠯᠢ ᠪᠠᠷᠢᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠣᠶᠤᠨᠴᠢ ᠰᠢᠭᠦᠬᠦ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠴᠠᠭᠠᠷᠠᠭᠰᠠᠨ ᠡᠩᠨᠡᠭᠡ ᠶᠢᠨ ᠪᠠᠶᠢᠭᠤᠯᠤᠯᠳᠠ ᠶᠢ ᠶᠡᠭᠡ | ᠪᠠᠷ ᠴᠢᠩᠭᠠᠳᠬᠠᠨ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠵᠢᠬᠦᠯᠦᠨ | ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ | ᠰᠢᠢᠳᠪᠦᠷᠢᠳᠦ ᠢᠯᠠᠯᠲᠠ ᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠬᠦᠯᠬᠦ ᠳᠤ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠱᠠᠭᠠᠷᠳᠠᠪᠠ᠃ | ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶ | |