| | | 5 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ | ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ ᠮᠠᠨ ᠤ ᠰᠢᠶᠠᠨ ᠤ ᠱᠧᠩ ᠯᠧ ᠪᠠᠯᠭᠠᠰᠤᠨ ᠤ ᠳ᠋ᠤᠸᠠᠨ | ᠵᠢᠶᠠ ᠶᠣᠸᠠᠨ ᠭᠠᠴᠠᠭᠠᠨ ᠤ ᠵᠥᠪᠯᠡᠯ ᠳᠤ ︽ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︿ᠡᠷᠬᠢᠨ ᠬᠠᠷᠠᠬᠤ﹀ ᠪᠠ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠣᠭᠰᠠᠨ ᠮᠡᠳᠡᠭᠦᠯᠦᠯᠲᠡ︾ ᠶᠢ ᠰᠣᠨᠣᠰᠤᠭᠰᠠᠨ ᠪᠥᠭᠡᠳ | ᠲᠤᠬᠠᠶ ᠶᠢᠨ ᠭᠠᠵᠠᠷ ᠲᠤᠨᠢ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ | ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | ᠤᠷᠢᠳᠠᠪᠠᠷ ᠬᠤᠷᠠᠯᠳᠤᠭᠤᠯᠤᠭᠰᠠᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠠᠨ | ᠨᠠᠨ ︽ᠬᠤᠷᠢᠨᠭᠡᠷ ᠰᠢᠶᠠᠨ ᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠤᠰᠬᠠᠶ | ᠲᠣᠭᠤᠷᠢᠨ ᠪᠠᠶᠢᠴᠠᠭᠠᠯᠲᠠ ᠶᠢᠨ ︿ᠡᠷᠬᠢᠨ ᠬᠠᠷᠠᠬᠤ﹀ ᠬᠢᠭᠡᠳ ᠤᠯᠤᠰ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠣᠭᠰᠠᠨ ᠮᠡᠳᠡᠭᠦᠯᠦᠯᠲᠡ︾ ᠶᠢ ᠬᠠᠷᠢᠭᠤ ᠮᠡᠳᠡᠭᠦᠯᠪᠡ︔ ᠰᠢᠶᠠᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠱᠧᠩ ᠯᠧ ᠪᠠᠯᠭᠠᠰᠤ᠂ ᠴᠣᠷᠵᠢ ᠶᠢᠨ ᠠᠶᠢᠯ ᠪᠠᠯᠭᠠᠰᠤᠨ ᠤ ᠬᠠᠷᠢᠭᠤᠴᠠᠯᠭᠠᠲᠠᠨ ᠬᠠᠮᠢᠶ᠎ᠠ | ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠯᠦᠸᠧ ᠴᠢᠩ᠂ ᠱᠠᠳᠤ ᠱᠠᠳᠤ ᠪᠠᠷ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠳᠦᠷ ᠳᠤᠳᠤᠮ ᠤᠨ ᠬᠢᠨᠠᠯᠲᠠ ᠶᠢ ᠴᠢᠩᠭᠠᠳᠬᠠᠨ᠂ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾᠂ ︽ᠣᠨᠳᠣᠣ ᠭᠠᠵᠠᠷ ᠲᠤ ᠨᠡᠭᠦᠯᠭᠡᠬᠦ︾᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠠᠰᠠᠷᠠᠮᠵᠢᠵᠢᠭᠤᠯᠬᠤ︾ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ︽ | ᠬᠥᠨᠳᠡᠯᠡᠨ ᠢᠶᠠᠷ ᠬᠦᠷᠬᠦ ᠶᠢᠨ ᠳᠠᠭᠠᠤ ᠭᠤᠣᠯᠳᠣ ᠪᠠᠷ ᠲᠤᠭᠤᠰᠢᠲᠠᠢ︾ ᠪᠠᠶᠢᠯᠭᠠᠵᠤ᠂ ᠵᠢᠭᠰᠠᠭᠠᠨ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠣᠷᠢᠵᠢᠭᠤᠯᠣᠨ᠂ ᠰᠠᠭᠤᠷᠢ ᠲᠤᠭ᠎ᠠ ᠨᠢ | ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠮᠵᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠬᠠᠷᠢᠭᠤ ᠮᠡᠳᠡᠭᠦᠯᠦᠯᠲᠡ ᠶᠢᠨ ᠬᠤᠷᠠᠯ ᠳᠠᠭᠤᠰᠤᠭᠰᠠᠨ ᠤ ᠳᠠᠷᠠᠭ᠎ᠠ᠂ ᠯᠦᠸᠧ ᠴᠢᠩ ᠳ᠋ᠤᠸᠠᠨ ᠵᠢᠶᠠ ᠶᠤᠸᠠᠨ | ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠯᠢ ᠪᠦᠦ ᠪᠦᠦ ᠶᠢᠨ ᠬᠡᠷ ᠲᠤ ᠭᠦᠨᠵᠡᠭᠡᠶᠢᠷᠡᠨ᠂ ᠶᠠᠳᠠᠭᠤ ᠬᠦᠴᠢᠷᠳᠡᠯᠲᠡᠶ | ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠰᠢᠨ᠎ᠡ ᠪᠠᠷᠢᠭᠰᠠᠨ ᠪᠠᠶᠢᠰᠢᠩ ᠮᠥᠨ ᠦᠦ︖ ᠠᠮᠢᠳᠤᠷᠠᠯ ᠶᠠᠮᠠᠷ ᠵᠡᠷᠭᠡ ᠪᠤᠢ︖ ᠯᠦᠸᠧ ᠴᠢᠩ ᠶᠠᠪᠤᠬᠤ ᠶᠢᠨ | ᠳᠠᠭᠠᠤ ᠠᠰᠠᠭᠤᠵᠣ᠂ ᠯᠢ ᠪᠦᠦ ᠪᠦᠦ ᠶᠢᠨ ᠬᠦᠷᠢᠶᠡᠨ ᠳᠤ ᠣᠷᠣᠭᠰᠠᠨ ᠳᠤ᠂ ᠲᠠᠬᠢᠶ᠎ᠠ᠂ ᠬᠤᠨᠢ ᠲᠡᠵᠢᠭᠡᠵᠦ ᠪᠠᠶᠢᠭ᠎ᠠ | ᠵᠢᠵᠢᠭ ᠬᠦᠷᠢᠶ᠎ᠡ ᠪᠠᠨ ᠴᠡᠪᠡᠷ ᠲᠡᠭᠰᠢ ᠴᠡᠪᠡᠷᠯᠡᠭᠰᠡᠨ ᠢ ᠣᠯᠵᠤ ᠬᠠᠷᠠᠨ᠎ᠠ᠃ ᠨᠠᠰᠤᠲᠠᠨ ᠬᠡᠯᠡᠭᠰᠡᠨ ᠨᠢ᠄ ︽ᠭᠡᠷ ᠢ | ᠰᠢᠨ᠎ᠡ ᠪᠠᠷ ᠪᠠᠷᠢᠵᠠᠢ᠂ ᠲᠠᠪᠤ ᠵᠢᠷᠭᠤᠭᠠᠨ ᠵᠢᠯ ᠰᠠᠭᠤᠵᠣ ᠪᠠᠶᠢᠨ᠎ᠠ᠂ ᠠᠮᠢᠳᠤᠷᠠᠯ ᠶᠡᠭᠡ ᠰᠠᠶᠢᠨ ᠪᠠᠶᠢᠨ᠎ᠠ᠃︾ ᠯᠦᠸᠧ | ᠴᠢᠩ ᠨᠠᠰᠤᠲᠠᠨ ᠤ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠵᠤ᠂ ᠨᠠᠰᠤᠲᠠᠨ ᠲᠠᠢ ᠵᠣᠭᠤᠭᠳᠠᠪᠠ᠃ ᠯᠦᠸᠧ ᠴᠢᠩ | ᠴᠢᠬᠤᠯᠠᠴᠢᠯᠠᠭᠰᠠᠨ ᠨᠢ᠂ ︽ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ︾ ᠪᠠ ︽ᠰᠢᠨ᠎ᠡ ᠶᠢ | ᠪᠠᠶᠢᠭᠤᠯᠵᠤ ᠬᠠᠭᠤᠴᠢᠨ ᠢ ᠨᠤᠷᠠᠭᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ | ᠡᠷᠦᠬᠡ ᠶᠢᠨ ᠬᠦᠴᠢᠷᠳᠡᠯ ᠤᠨ ᠠᠰᠠᠭᠤᠳᠠᠯ ᠢ ᠴᠠᠭ ᠲᠤᠬᠠᠶ ᠳᠤᠨᠢ ᠰᠠᠶᠢᠲᠤᠷ ᠣᠶᠢᠯᠠᠭᠠᠵᠤ᠂ ᠶᠠᠳᠠᠭᠤ ᠬᠦᠴᠢᠷᠳᠡᠯᠲᠡᠢ | ᠡᠷᠦᠬᠡ ᠶᠢᠨ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ︽ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠠᠰᠠᠷᠠᠮᠵᠢᠵᠢᠭᠤᠯᠬᠤ︾ ᠠᠵᠢᠯ ᠢ ᠨᠢᠭᠡᠨ ᠢᠵᠢ ᠪᠦᠷᠢᠨ ᠲᠡᠭᠦᠯᠳᠡᠷ | ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠡᠬᠡ ᠲᠠᠩᠰᠠ ᠶᠢ ᠪᠦᠷᠢᠯᠳᠦᠭᠦᠯᠵᠦ᠂ ᠪᠠᠶᠢᠩᠭᠤᠵᠢᠭᠤᠯᠣᠭᠰᠠᠨ | ᠬᠠᠮᠢᠶᠠᠷᠤᠯᠲᠠ ᠶᠢ ᠪᠡᠶᠡᠯᠡᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠡᠯ᠎ᠡ ᠲᠦᠷᠦᠯ ᠤᠨ | ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠰᠢᠶᠠᠨ ᠤ ᠤᠳᠤᠷᠢᠳᠤᠯᠭ᠎ᠠ ᠴᠧᠨ ᠯᠢ ᠶᠢᠨ᠂ ᠨᠠᠨ ᠨᠠᠨ᠂ ᠵᠠᠩ ᠴᠢᠤᠸᠠᠨ ᠱᠧᠩ᠂ ᠵᠠᠰᠠᠭ ᠤᠨ ᠣᠷᠳᠣᠨ ᠤ | ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠱᠧᠩ ᠯᠧ ᠪᠠᠯᠭᠠᠰᠤ᠂ ᠴᠣᠷᠵᠢ ᠶᠢᠨ ᠠᠶᠢᠯ | ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ᠂ ᠲᠣᠰᠬᠤᠨ ᠤ ︽ᠬᠤᠶᠠᠷ ᠵᠥᠪᠯᠡᠯ︾ ᠬᠠᠷᠢᠭᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠭᠰᠠᠨ ᠪᠥᠭᠡᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |