— — 2020 ᠣᠨ ᠤ 5 ᠳ᠋ᠤᠭᠠᠷ ᠰᠠᠷ᠎ᠠ ᠶᠢᠨ 9 ᠤ ᠡᠳᠦᠷ ᠬᠤᠷᠢᠨᠭᠡᠷ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | | ᠬᠤᠷᠢᠨᠭᠡᠷ ᠰᠢᠶᠠᠨ ᠤ ᠳᠠᠷᠤᠭ᠎ᠠ ᠴᠧᠨ ᠯᠢ ᠶᠢᠨ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ | ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠳᠤ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠵᠤ᠂ ᠪᠦᠬᠦ ᠰᠢᠶᠠᠨ ᠤ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠵᠤ᠂ | ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠪᠥᠬᠦ ᠵᠢᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 174.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 65. | 4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.3% ᠪᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 14.37 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠬᠦᠴᠦᠨ ᠵᠦᠢᠯ ᠢ ᠭᠠᠷᠭᠠᠪᠠᠯ ᠠᠳᠠᠯᠢ | ᠬᠤᠭᠤᠴᠠᠭᠠᠨ ᠤ ᠬᠢ ᠠᠴᠠ 7.69% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 32.33 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38991 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14454 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠢ 11.6᠄ 48. | 9᠄ 39.5 ᠪᠣᠯᠭᠠᠨ ᠰᠢᠯᠢᠳᠡᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠭᠤᠣᠯᠳᠠᠯᠭ᠎ᠠ ᠲᠠᠢ ᠠᠵᠢᠯ ᠢ ᠬᠢᠪᠡ᠄ | ︵ᠨᠢᠭᠡ︶ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ | ᠠᠬᠢᠭᠤᠯᠪᠠ | ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠠᠯᠬᠤᠮ ᠠᠯᠬᠤᠮ ᠢᠶᠠᠷ ᠪᠦᠷᠢᠯᠳᠦᠪᠡ᠃ ᠪᠡᠯᠡ | ᠣᠷᠣᠭᠤᠯᠤᠯᠲᠠ ᠪᠠᠷ ᠳᠠᠶᠢᠴᠢᠯᠠᠬᠤ᠂ ᠲᠥᠷᠥᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ | ᠵᠦᠢᠯ ᠢ ᠡᠬᠢᠯᠡᠭᠦᠯᠵᠦ᠂ ᠮᠧᠩ ᠨᠢᠦ ᠶᠢᠨ ᠵᠢᠷᠭᠤᠳᠤᠭᠠᠷ ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ ᠢ ᠪᠡᠶᠡᠯᠡᠭᠦᠯᠵᠦ᠂ ᠮᠧᠩ ᠨᠢᠦ ᠶᠢᠨ ᠡᠯᠧᠺᠲᠷᠣᠨ ᠬᠤᠳᠠᠯᠳᠤᠭᠠᠨ ᠤ ᠰᠦᠯᠵᠢᠶᠡᠨ ᠤ | ᠪᠣᠷᠣᠯᠠᠭᠤᠯᠤᠯᠲᠠ ᠶᠢᠨ ᠬᠡᠮᠵᠢᠶ᠎ᠡ 42 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠷᠢᠨᠭᠡᠷ ᠴᠠᠬᠢᠯᠭᠠᠨ ᠤ | ᠦᠢᠯᠡᠳᠪᠦᠷᠢ ᠶᠢᠨ ᠬᠤᠶᠠᠷ ᠮᠠᠰᠢᠨ ᠴᠣᠭᠴᠠᠯᠠᠪᠤᠷᠢ ᠶᠢ ᠪᠦᠬᠦᠨ ᠢ ᠰᠦᠯᠵᠢᠶ᠎ᠡ ᠳᠤ ᠨᠡᠶᠢᠯᠡᠭᠦᠯᠦᠨ ᠴᠠᠬᠢᠯᠭᠠᠨ | ᠭᠠᠷᠭᠠᠵᠤ᠂ ᠱᠧᠩ ᠵᠢᠶᠠᠨ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠢᠮᠠᠭᠠᠨ ᠰᠦᠨ ᠲᠠᠯᠬ᠎ᠠ ᠪᠣᠯᠪᠠᠰᠤᠷᠠᠭᠤᠯᠬᠤ᠂ | ᠬᠠᠩ ᠰᠢᠶᠣᠤ ᠱᠧᠩ ᠵᠢᠶ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠭᠤᠤᠯ ᠴᠣᠭᠴᠠ ᠶᠢᠨ ᠠᠵᠢᠯ ᠢ | ᠳᠠᠭᠤᠰᠬᠠᠪᠠ᠃ ᠾᠧᠩ ᠳ᠋ᠡ ᠪᠡᠶ᠎ᠡ ᠰᠣᠪᠢᠯᠠᠯᠲᠠ ᠶᠢᠨ ᠬᠥᠨᠳᠡᠶ᠂ ᠵᠢᠩ ᠳ᠋ᠦᠩ ᠤᠨ ︽ᠠᠽᠢᠶ᠎ᠠ ᠨᠢᠭᠡᠳᠦᠭᠡᠷ | ᠨᠡᠷᠡᠮᠵᠢᠲᠦ︾ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠵᠠᠬ᠎ᠠ ᠳᠡᠯᠭᠡᠭᠦᠷ ᠲᠤ ᠭᠠᠷᠤᠭᠰᠠᠨ | ᠠᠵᠤ ᠠᠬᠤᠶᠢᠯᠠᠯ 22᠂ ᠳᠠᠩᠰᠠᠯᠠᠭᠤᠯᠤᠭᠰᠠᠨ ᠪᠡᠯᠡ ᠮᠥᠩᠭᠦ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠠᠬᠤᠶᠢᠯᠠᠯ 49᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 2383 ᠪᠤᠢ᠃ ᠰᠢᠨ᠎ᠡ ᠶᠢ ᠡᠭᠦᠳᠬᠦ | ᠬᠥᠳᠡᠯᠭᠡᠬᠦ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ 59 | ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 182 ᠡᠭᠦᠳᠦᠯᠲᠡ ᠶᠢᠨ ᠲᠤᠰᠬᠠᠶ ᠠᠰᠢᠭ ᠢ ᠭᠤᠶᠤᠴᠢᠯᠠᠵᠤ᠂ 38 | ᠪᠥᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠳᠤᠯᠤᠨ ᠨᠡᠭᠡᠭᠡᠬᠦ ᠲᠠᠪᠴᠠᠩ᠂ 13 ᠰᠢᠨ᠎ᠡ ᠶᠢ ᠡᠭᠦᠳᠬᠦ | ᠠᠴᠢᠶᠠᠯᠠᠪᠤᠷᠢ᠂ 30 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠭᠤᠶᠤᠴᠢᠯᠠᠪᠠ᠃ 3 ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠥᠷᠳᠡᠵᠦ᠂ 7 ᠠᠵᠤ ᠠᠬᠤᠶᠢᠯᠠᠯ | ᠬᠥᠬᠡᠬᠤᠲᠠ ᠶᠢᠨ ᠶᠠᠰᠤ ᠴᠢᠨᠠᠷ ᠤᠨ ᠱᠠᠩᠨᠠᠯ ᠭᠥᠷᠳᠡᠪᠡ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ | ᠪᠦᠬᠦ ᠰᠢᠶᠠᠨ ᠤ ᠲᠠᠷᠢᠮᠠᠯ ᠤᠨ ᠶᠡᠷᠦᠩᠬᠡᠶ ᠲᠠᠯᠠᠪᠠᠢ 105.7 ᠲᠦᠮᠡᠨ ᠮᠦ᠂ ᠠᠮᠤ ᠪᠤᠳᠠᠭᠠᠨ ᠤ ᠶᠡᠷᠦᠩᠬᠡᠶ ᠤᠨᠠᠯᠲᠠ | 30.5 ᠲᠦᠮᠡᠨ ᠲᠣᠨ ᠳᠤ ᠬᠦᠷᠴᠦ᠂ ᠴᠢᠨᠠᠷ ᠰᠠᠶᠢᠲᠠᠶ ᠪᠡᠯᠴᠢᠭᠡᠷ ᠡᠪᠡᠰᠦ ᠶᠢ 4.5 ᠲᠦᠮᠡᠨ ᠮᠥ ᠪᠠᠶᠢᠬᠤ ᠶᠢ | ᠪᠠᠲᠤᠯᠠᠵᠤ᠂ ᠠᠮᠤ ᠪᠤᠳᠠᠭ᠎ᠠ ᠠᠵᠤ ᠠᠬᠤᠶ ᠲᠡᠵᠢᠭᠡᠯ ᠪᠣᠷᠳᠣᠭᠠᠨ ᠤ ᠬᠠᠷᠢᠴᠠᠯ 72᠄ 9᠄ 19᠃ ᠹᠦ᠋ ᠶᠤᠸᠠᠨ ᠮᠠᠯ | ᠠᠵᠤ ᠠᠬᠤᠢ ᠶᠢᠨ 3000 ᠮᠤ᠋ ᠰᠢᠯᠢᠳᠡᠭ ᠲᠡᠵᠢᠭᠡᠯ ᠡᠪᠡᠰᠦᠨ ᠤ ᠵᠢᠱᠢᠶ᠎ᠡ ᠦᠵᠡᠭᠦᠯᠦᠨ ᠲᠠᠷᠢᠭᠰᠠᠨ ᠨᠢ ᠠᠮᠵᠢᠯᠲᠠ | ᠣᠯᠪᠠ᠃ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ | ᠮᠠᠯᠵᠢᠯ ᠤᠨ ᠲᠠᠯᠠᠪᠠᠢ 1 ᠶᠢ ᠰᠢᠨ᠎ᠡ ᠪᠠᠷ ᠪᠠᠶᠢᠭᠤᠯᠵᠤ᠂ ᠨᠡᠶᠢᠲᠡ 29 ᠮᠠᠯᠵᠢᠯ ᠤᠨ ᠲᠠᠯᠠᠪᠠᠢ ᠪᠣᠯᠪᠠ᠃ ᠵᠧᠩ ᠳ᠋ᠠ | ᠬᠡᠪᠴᠢᠶᠡᠵᠢᠭᠰᠡᠨ ᠭᠠᠭ᠋ᠠᠶ ᠲᠡᠵᠢᠭᠡᠨ ᠦᠷᠡᠵᠢᠭᠦᠯᠬᠦ 4 ᠰᠠᠭᠤᠷᠢᠨ ᠭᠠᠵᠠᠷ ᠢ ᠪᠦᠬᠦᠨ ᠢ ᠠᠰᠢᠭᠯᠠᠯᠲᠠ ᠳᠤ ᠣᠷᠣᠭᠤᠯᠪᠠ | ᠃ ᠱᠧᠩ ᠵᠢᠶᠠᠨ ᠮᠧᠶ ᠶᠠᠩ ᠮᠠᠯ ᠠᠵᠤ ᠠᠬᠤᠢ ᠨᠢ ᠰᠠᠭᠠᠯᠢ ᠶᠢᠨ ᠢᠮᠠᠭᠠᠨ ᠤ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠲᠣᠭᠤᠷᠢᠭ 4 ᠶᠢ ᠪᠠᠶᠢᠭᠤᠯᠪᠠ᠃ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ | ᠬᠤᠷᠰᠢᠶ᠎ᠠ 674᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 136᠂ ᠠᠵᠤ ᠦᠢᠯᠡᠰᠵᠢᠭᠰᠡᠨ | ᠲᠣᠯᠣᠭᠠᠶᠢᠯᠠᠭᠴᠢ ᠠᠵᠤ ᠠᠬᠤᠶᠢᠯᠠᠯ 42 ᠪᠣᠶ᠃ ᠵᠧᠩ ᠳ᠋ᠡ᠂ ᠼᠣᠣ ᠶᠣᠸᠠᠨ ᠢᠦᠢ ᠯᠢᠦᠢ᠂ ᠶᠢᠨ ᠼᠣᠣ ᠶᠣᠸᠠᠨ᠂ | ᠼᠣᠣ ᠶᠣᠸᠠᠨ ᠾᠧ ᠨᠢᠦ 4 ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠬᠤᠯᠪᠣᠭᠠᠲᠤ | ᠴᠣᠭᠴᠠ ᠨᠢ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ | ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠲᠣᠭᠳᠠᠭᠠᠭᠳᠠᠪᠠ᠃ ᠲᠤ ᠴᠧᠩ ᠽᠢ | ᠰᠠᠷᠢᠮᠰᠠᠭ᠂ ᠬᠤᠷᠢᠨᠭᠡᠷ ᠶᠠᠮᠠ ᠣᠯᠣᠰᠣᠨ ᠤ ᠦᠷ᠎ᠡ ᠶᠢᠨ ᠲᠣᠰᠣ᠂ ᠬᠥᠨᠳᠡᠯᠡᠨ ᠤ ᠶᠣᠣᠮᠠᠢ ᠶᠢᠨ ᠭᠤᠯᠢᠷ ᠤᠯᠤᠰ ᠤᠨ | ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠪᠠ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠳᠪᠡ᠃ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 11 ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠲᠠᠢ ᠠᠵᠤ ᠠᠬᠤᠶᠢᠯᠠᠯ ᠢ 15 ᠶᠢ | ᠰᠢᠭᠰᠢᠭᠳᠡᠭᠦᠯᠪᠡ᠃ ᠪᠣᠬᠢᠷᠲᠤᠯ ᠦᠭᠡᠢ ᠢᠳᠡᠭᠡᠨ ᠡᠳ᠋ᠰᠢᠭᠦᠯᠬᠦ᠂ ᠴᠠᠬᠢᠯᠭᠠᠨ ᠬᠦᠴᠦᠨ᠂ ᠣᠢ ᠰᠢᠭᠤᠢ ᠡᠪᠡᠰᠦᠨ ᠤ | ᠠᠮᠢ ᠠᠬᠤᠢ᠂ ᠠᠮᠢᠳᠤ ᠪᠤᠳᠠᠰ ᠤᠨ ᠡᠮ ᠡᠮᠨᠡᠯᠭᠡ᠂ ᠣᠶᠤᠨᠴᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠦᠯᠦᠭᠵᠢᠯ ᠬᠥᠭᠵᠢᠪᠡ᠃ ᠵᠧᠩ ᠳ᠋ᠡ ᠲᠡᠵᠢᠭᠡᠯ ᠪᠣᠷᠳᠤᠭ᠎ᠠ᠂ ᡁᠢ ᠲᠢᠶᠠᠨ ᠷᠠᠨ | ᠰᠡᠯᠡᠭᠦᠴᠡᠯ ᠢᠳᠡᠭᠡᠨ᠂ ᠵᠢᠩ ᠨᠧᠩ ᠱᠧᠩ ᠯᠧ ᠶᠢᠨ ᠢᠯᠴᠢ ᠴᠠᠬᠢᠯᠭᠠᠨ ᠬᠠᠳᠠᠭᠠᠯᠠᠯᠲᠠ᠂ ᠹᠧᠩ ᠬᠤᠸᠠ ᠢᠯᠴᠢ | ᠴᠠᠬᠢᠯᠭᠠᠨ ᠤ ᠥᠭᠡᠷᠡᠴᠢᠯᠡᠯᠲᠡ ᠵᠡᠷᠭᠡ ᠲᠥᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠭᠦᠸᠧ | ᠳ᠋ᠠ ᠡᠮ ᠤᠨ ᠳᠡᠯᠭᠡᠭᠦᠷ ᠤᠨ ᠪᠠᠷᠠᠭᠤᠨ ᠬᠤᠶᠢᠲᠤ ᠣᠷᠣᠨ ᠤ ᠡᠵᠡᠩᠨᠡᠨ ᠪᠣᠷᠣᠯᠠᠭᠤᠯᠬᠤ ᠶᠡᠷᠦᠩᠬᠡᠶ ᠬᠡᠯᠲᠡᠰ | ᠵᠢᠩᠬᠢᠨᠢ ᠪᠠᠷ ᠡᠵᠡᠩᠨᠡᠯᠲᠡ ᠪᠠᠨ ᠡᠬᠢᠯᠡᠪᠡ᠃ ᠪᠢ ᠸᠧᠶ ᠠᠨ ᠲᠠᠢ GMP ᠦᠢᠯᠡᠳᠪᠦᠷᠢ ᠶᠢᠨ ᠲᠠᠰᠤᠭ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠰᠢᠨ ᠭᠤᠸᠠᠩ ᠶᠢᠨ ᠰᠢᠲᠠᠮᠠᠬᠠᠶ ᠬᠡᠶ ᠶᠢᠨ ᠪᠡᠯᠡᠳᠬᠡᠮᠵᠢ ᠶᠢᠨ | ᠦᠢᠯᠡᠳᠪᠦᠷᠢᠯᠡᠯ ᠤᠨ ᠱᠤᠭᠤᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠰᠠᠶᠢᠨ ᠪᠠᠶᠢᠨ᠎ᠠ᠃ ᠳᠤᠮᠳᠠᠳᠤ ᠤᠯᠤᠰ ᠤᠨ | ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠮᠡᠳᠡᠭᠡ ᠵᠠᠩᠭᠢ ᠶᠢᠨ ᠬᠦᠷᠢᠶᠡᠯᠡᠩ᠂ | ᠳᠤᠮᠳᠠᠳᠤ ᠤᠯᠤᠰ ᠤᠨ ᠰᠢᠯᠵᠢᠮᠡᠯ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ ᠳ᠋ᠦᠩ ᠹᠠᠩ | ᠭᠦᠸᠧ ᠰᠢᠨ ᠤᠮᠠᠷᠠᠲᠤ ᠣᠷᠣᠨ ᠤ ᠲᠥᠪ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠣᠯᠲᠠ | ᠤᠷᠤᠭᠰᠢᠲᠠᠶ ᠶᠠᠪᠤᠭᠳᠠᠪᠠ᠃ ᠴᠢᠩᠬᠤᠸᠠ ᠲᠦᠩ ᠹᠠᠩ᠂ ᠪᠥᠸᠧ ᠣᠣ ᠶᠡᠭᠡ ᠡᠷᠡᠭᠦᠯ ᠮᠡᠨᠳᠦ ᠶᠢᠨ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ | ᠾᠧᠩ ᠳ᠋ᠡ ᠤᠰᠤᠨ ᠤ ᠶᠢᠷᠲᠢᠨᠴᠦ ᠭᠡᠷ᠎ᠡ ᠲᠣᠭᠲᠠᠵᠤ ᠨᠠᠶᠢᠳᠠᠪᠣᠷᠢᠵᠢᠭᠤᠯᠣᠭᠳᠠᠪᠠ᠃ ᠠᠷᠪᠠᠳᠤᠭᠠᠷ ᠬᠤᠭᠤᠴᠠᠭᠠᠨ ᠤ | ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠵᠦ᠂ ᠪᠥᠬᠦ ᠵᠢᠯ ᠳᠤ ᠵᠤᠭᠠᠴᠠᠭᠰᠠᠳ ᠢ 218.5 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃ ᠮᠧᠩ ᠼᠤᠤ · ᠡᠪᠡᠰᠦ ᠴᠡᠴᠡᠭ ᠤᠨ ᠬᠦᠷᠢᠶᠡᠯᠡᠩ | ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠪᠥᠬᠦ | ᠰᠢᠶᠠᠨ ᠤ A ᠲᠠᠰ ᠤᠨ ᠦᠵᠡᠮᠵᠢ ᠶᠢᠨ ᠣᠷᠣᠨ 6 ᠪᠣᠯᠪᠠ᠃ ᠪᠥᠬᠦ ᠤᠯᠤᠰ ᠤᠨ ᠠᠩᠬᠠᠳᠠᠭᠴᠢ ᠲᠣᠮᠣ ᠬᠡᠯᠪᠡᠷᠢ ᠶᠢᠨ | ᠬᠤᠤᠷ ᠴᠠᠭᠠᠵᠠᠯᠠᠬᠤ ᠭᠤᠤᠯ ᠰᠡᠳᠦᠪᠲᠦ ᠱᠤᠭᠤᠮᠠᠯ ᠤᠨ ᠴᠡᠴᠡᠷᠯᠢᠭ ᠵᠢᠩᠬᠢᠨᠢ ᠪᠠᠷ ᠨᠡᠭᠡᠭᠡᠪᠡ᠃ ᠡᠯᠧᠺᠲᠷᠣᠨ | ᠬᠤᠳᠠᠯᠳᠤᠭᠠᠨ ᠤ ᠶᠠᠪᠤᠳᠠᠯ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ᠵᠡᠷᠭᠡ ᠠᠵᠤ | ᠦᠢᠯᠡᠰ ᠬᠠᠮᠵᠢᠯᠴᠠᠨ ᠬᠥᠭᠵᠢᠪᠡ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠯᠠᠯᠳᠣᠭᠠᠨ ᠢ ᠬᠦᠴᠦᠯᠡᠨ ᠰᠠᠶᠢᠲᠤᠷ ᠬᠢᠵᠦ ᠪᠣᠢ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ | ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠲᠥᠯᠥᠬᠦ ᠡᠭᠦᠷᠭᠡ ᠶᠢ ᠪᠡᠶᠡᠯᠡᠭᠦᠯᠵᠦ᠂ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ᠂ ᠲᠡᠭᠦᠨ ᠳᠤ ᠴᠣᠬᠢᠯᠲᠠ ᠥᠭᠬᠦ ᠪᠠ ᠰᠢᠢᠳᠪᠦᠷᠢᠯᠡᠬᠦ | ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠵᠠᠩᠭᠢᠯᠠᠭ᠎ᠠ ᠶᠢᠨ ᠠᠬᠢᠴᠠ ᠲᠠᠢ ᠪᠣᠯᠪᠠ᠃ ︽ᠠᠷᠪᠠ ᠶᠢ ᠠᠷᠢᠯᠭᠠᠨ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ | ᠪᠦᠬᠦᠨ ᠢ ᠪᠡᠶᠡᠯᠡᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ | ᠲᠣᠭᠤᠷᠢᠨ ᠪᠠᠶᠢᠴᠠᠭᠠᠯᠲᠠ᠂ ᠲᠥᠷᠦ ᠶᠢᠨ ᠶᠠᠪᠤᠳᠠᠯ ᠤᠨ ᠬᠤᠷᠢᠶᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ | ᠡᠯ᠎ᠡ ᠲᠥᠷᠥᠯ ᠤᠨ ᠬᠠᠷᠢᠭᠤ ᠳᠤᠰᠬᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ︽ᠵᠠᠭᠤᠨ | ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠵᠡᠷᠭᠡ ᠨᠠᠷᠢᠯᠢᠭ ᠣᠨᠣᠪᠴᠢᠲᠠᠢ ᠪᠠᠷ ᠶᠠᠳᠠᠭᠤ ᠶᠢ | ᠲᠡᠳᠬᠦᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ ᠪᠦᠬᠦ ᠰᠢᠶᠠᠨ ᠤ ᠳᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 35 ᠶᠠᠳᠠᠭᠤ | ᠬᠦᠴᠢᠷᠳᠡᠯᠲᠡᠢ ᠲᠣᠰᠬᠤᠨ᠂ 4148 ᠡᠷᠦᠬᠡ ᠶᠢᠨ 8399 ᠬᠥᠮᠦᠨ ᠤ ᠶᠠᠳᠠᠭᠤ ᠠᠴᠠ ᠠᠩᠭᠢᠵᠢᠷᠠᠭᠤᠯᠣᠭᠰᠨ | ᠦᠷ᠎ᠡ ᠪᠦᠲᠦᠭᠡᠯ ᠢ ᠪᠠᠬᠢᠵᠢᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠳᠡᠪᠬᠢᠲᠡᠶ ᠠᠬᠢᠴᠠ ᠲᠠᠢ ᠪᠣᠯᠪᠠ᠃ | ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ︽ᠡᠷᠭᠢᠨ | ᠬᠠᠷᠠᠬᠤ︾ ᠶᠢ ᠰᠢᠯᠵᠢᠭᠦᠯᠦᠨ ᠰᠢᠢᠳᠪᠦᠷᠢᠯᠡᠭᠰᠡᠨ 49 ᠬᠡᠷᠡᠭ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠪᠡ᠃ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ | ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠶᠢ | ᠪᠡᠶᠡᠯᠡᠭᠦᠯᠪᠡ᠃ ᠬᠥᠬᠡ ᠣᠭᠲᠠᠷᠭᠤᠶ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠧᠶ ᠱᠠᠨ ᠤ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢ | ᠥᠷᠭᠡᠳᠬᠡᠨ ᠪᠠᠶᠢᠭᠤᠯᠬᠤ᠂ ᠴᠧᠩ ᠭᠤᠸᠠᠨ ᠪᠠᠯᠭᠠᠰᠤᠨ ᠤ ᠰᠢᠨ᠎ᠡ ᠤᠰᠤᠨ ᠰᠤᠷᠪᠤᠯᠵᠢ ᠶᠢᠨ ᠭᠠᠵᠠᠷ ᠢ ᠨᠡᠭᠦᠯᠭᠡᠨ | ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠡᠰᠢ ᠰᠦᠷᠡᠯ ᠰᠢᠲᠠᠭᠠᠬᠤ ᠶᠢ | ᠴᠠᠭᠠᠵᠠᠯᠠᠬᠤ᠂ ᠨᠡᠭᠦᠷᠡᠰᠦ ᠰᠢᠲᠠᠭᠠᠬᠤ ᠵᠤᠤᠬ᠎ᠠ ᠶᠢ ᠠᠷᠢᠯᠭᠠᠬᠤ᠂ ᠵᠠᠮ ᠤᠨ ᠲᠣᠭᠤᠰᠣ ᠶᠢ ᠴᠡᠭᠴᠡᠯᠡᠨ ᠵᠠᠰᠠᠬᠤ᠂ ︽ | ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠣᠬᠢᠷᠳᠣᠯ ᠶᠡᠬᠡᠲᠡᠢ︾ ᠠᠵᠤ ᠠᠬᠤᠶᠢᠯᠠᠯ ᠢ ᠴᠡᠭᠴᠡᠯᠡᠨ ᠵᠠᠰᠠᠬᠤ᠂ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ | ︵ᠭᠤᠷᠪᠠ︶ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠬᠦᠴᠦᠯᠡᠨ ᠠᠬᠢᠭᠤᠯᠪᠠ | ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠳᠠᠮᠵᠢᠨ᠎ᠠ᠃ ᠰᠢᠨ᠎ᠡ | ᠲᠣᠭᠤᠷᠢᠭ ᠤᠨ ᠭᠤᠣᠯ ᠲᠣᠭᠤᠷᠢᠭ᠂ ᠶᠢᠨ ᠱᠧᠩ ᠬᠤᠷᠳᠤᠨ ᠤ ᠵᠠᠮ᠂ ᠬᠤᠶᠠᠳᠤᠭᠠᠷ ᠶᠡᠭᠡ ᠵᠡᠭᠡᠯᠢ ᠵᠡᠷᠭᠡ ᠲᠦᠷᠥᠯ | ᠵᠦᠢᠯ ᠤᠨ ᠬᠡᠷᠡᠭᠯᠡᠬᠦ ᠭᠠᠵᠠᠷ ᠢ ᠲᠠᠲᠠᠪᠤᠷᠢᠯᠠᠨ ᠨᠤᠷᠠᠭᠠᠬᠤ ᠠᠵᠢᠯ ᠢ ᠰᠠᠶᠢᠲᠤᠷ ᠬᠢᠵᠦ᠂ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠳᠤ ᠡᠷᠬᠡ ᠣᠯᠭᠤᠵᠤ ᠬᠠᠮᠢᠶᠠᠷᠤᠭᠤᠯᠤᠭᠰᠠᠨ 56 ᠵᠦᠢᠯ ᠤᠨ ᠬᠢᠨᠠᠨ ᠵᠥᠪᠰᠢᠶᠡᠷᠡᠬᠦ | ᠤᠴᠢᠷ ᠶᠠᠪᠤᠳᠠᠯ ᠢ ᠲᠤᠰᠢᠶᠠᠬᠤ ᠪᠠ ᠬᠦᠯᠢᠶᠡᠨ ᠠᠪᠬᠤ ᠶᠢ ᠤᠷᠤᠭᠰᠢᠲᠠᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ | ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠲᠤᠭ᠎ᠠ ᠪᠦᠭᠡᠮᠨᠡᠷᠡᠯ ᠤᠨ ᠵᠢᠵᠢᠭ ᠪᠠᠯᠭᠠᠰᠤ᠂ | ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠵᠡᠷᠭᠡ ᠠᠵᠤ ᠦᠢᠯᠡᠰ ᠬᠤᠲᠠ ᠶᠢᠨ ᠠᠭᠤᠰᠣᠯᠴᠠᠯ ᠤᠨ | ᠣᠨᠴᠠᠯᠢᠭᠲᠣ ᠵᠢᠵᠢᠭ ᠪᠠᠯᠭᠠᠰᠤ ᠶᠢ ᠬᠠᠮᠵᠢᠯᠴᠠᠨ ᠴᠣᠭᠴᠠᠯᠠᠵᠣ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ᠂ ᠲᠥᠪᠯᠡᠷᠡᠭᠰᠡᠨ ᠲᠣᠭᠤᠷᠢᠭ ᠤᠨ ᠳᠤᠮᠳᠠᠬᠢ ᠤᠰᠤᠨ ᠤ ᠦᠢᠯᠡᠳᠪᠦᠷᠢ᠂ ᠵᠠᠮ ᠬᠤᠭᠤᠯᠠᠶ ᠶᠢᠨ | ᠲᠣᠣᠷ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ︽ᠬᠤᠶᠠᠷ ᠭᠤᠣᠯ | ᠨᠢᠭᠡ ᠬᠤᠩᠭᠢᠯ︾ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠰᠢᠨ᠎ᠡ ᠲᠣᠭᠤᠷᠢᠭ ᠤᠨ ᠠᠵᠤ ᠦᠢᠯᠡᠰ ᠤᠨ ᠳᠠᠭᠠᠭᠠᠬᠤ ᠴᠢᠳᠠᠪᠤᠷᠢ ᠪᠣᠯᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ ᠨᠢᠰᠬᠡᠯ ᠤᠨ | ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠭᠠᠵᠠᠷ ᠰᠢᠷᠣᠢ᠂ ᠭᠡᠷ | ᠪᠠᠶᠢᠰᠢᠩ ᠲᠠᠲᠠᠪᠤᠷᠢᠯᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠪᠡ᠃ 6.8 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ᠂ 3.9 ᠺᠢᠯᠣᠮᠧᠲᠷ ᠤᠨ ᠤᠰᠤ | ᠬᠠᠩᠭᠠᠬᠤ ᠬᠤᠭᠤᠯᠠᠢ ᠶᠢᠨ ᠲᠣᠣᠷ ᠳᠡᠪᠢᠰᠴᠦ᠂ 5.4 ᠺᠢᠯᠣᠮᠧᠲᠷ ᠤᠨ ᠳᠤᠮᠳᠠᠬᠢ ᠤᠰᠤᠨ ᠤ ᠬᠤᠭᠤᠯᠠᠢ ᠶᠢᠨ | ᠲᠣᠣᠷ ᠢ ᠪᠠᠶᠢᠭᠤᠯᠵᠤ᠂ ᠨᠡᠶᠢᠲᠡ ᠶᠢᠨ ᠲᠡᠷᠭᠡᠨ ᠵᠣᠭᠰᠣᠭᠠᠯ ᠢ 1450 ᠰᠢᠨ᠎ᠡ ᠪᠠᠷ ᠨᠡᠮᠡᠭᠳᠡᠭᠦᠯᠵᠦ᠂ ᠬᠤᠲᠠ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.85% ᠳᠤ ᠬᠦᠷᠴᠦ᠂ ᠬᠤᠲᠠ | ᠪᠠᠯᠭᠠᠰᠤᠨ ᠤ ᠴᠢᠳᠠᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ ᠬᠤᠲᠠ ᠪᠠᠯᠭᠠᠰᠤᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ | ᠣᠶᠣᠨᠲᠤ ᠬᠤᠷᠢᠨᠭᠡᠷ︾ ︽ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ︾ ᠶᠢᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡ᠃ | ︽ᠬᠤᠷᠢᠨᠭᠡᠷ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠬᠦ ᠲᠦᠯᠦᠪᠵᠢᠭᠦᠯᠭᠡ ︵2018 — 2022 ᠣᠨ︶︾ ᠶᠢ ᠨᠠᠶᠢᠷᠠᠭᠤᠯᠤᠨ ᠵᠣᠭᠢᠶᠠᠪᠠ᠃ ᠾᠧ | ᠶᠠᠩ ᠬᠤᠣ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠢ ᠪᠦᠬᠦ ᠲᠠᠯ᠎ᠠ ᠪᠠᠷ ᠠᠵᠢᠯ ᠡᠬᠢᠯᠡᠭᠦᠯᠪᠡ᠃ ᠾᠦᠨᠾᠧ | ᠭᠤᠣᠯ᠂ ᠴᠠ ᠹᠠᠩ ᠾᠧ ᠭᠤᠣᠯ ᠤᠨ ᠭᠤᠣᠯ ᠤᠨ ᠵᠠᠮ ᠢ ᠵᠠᠰᠠᠬᠤ ᠪᠠᠷᠢᠯᠭ᠎ᠠ ᠳᠠᠭᠤᠰᠪᠠ᠃ 119 ᠵᠠᠰᠠᠭ | ᠵᠠᠬᠢᠷᠭᠠᠨ ᠤ ᠲᠣᠰᠬᠤᠨ ᠳᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ | ᠴᠣᠷᠵᠢ ᠶᠢᠨ ᠠᠶᠢᠯ ᠵᠢᠱᠢᠶ᠎ᠡ ᠦᠵᠡᠭᠦᠯᠬᠦ ᠪᠠᠯᠭᠠᠰᠤ ᠪᠠ 15 ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠪᠠ᠃ | ᠳᠠᠶᠢᠴᠢᠳ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ | ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ ᠢᠶᠠᠷ ᠦᠨᠡᠯᠡᠭᠳᠡᠪᠡ᠃ ᠬᠥᠳᠡᠭᠡ ᠲᠣᠰᠬᠤᠨ ᠤ ︽ᠵᠣᠷᠯᠣᠩ ᠤᠨ | ᠬᠤᠪᠢᠰᠬᠠᠯ︾ ᠵᠡᠷᠭᠡ ᠳᠣᠯᠣᠭᠠᠨ ᠶᠡᠭᠡ ᠡᠭᠦᠷᠭᠡ ᠶᠢ ᠢᠳᠡᠪᠬᠢᠲᠡᠢ ᠠᠬᠢᠭᠤᠯᠵᠤ᠂ 59 ᠤᠰᠤ ᠪᠠᠷ ᠴᠡᠪᠡᠷᠰᠢᠭᠦᠯᠬᠦ | ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 1032 ᠡᠷᠦᠬᠡ ᠳᠤ ︽ᠡᠷᠦᠬᠡ ᠶᠢᠨ ᠵᠣᠷᠯᠣᠩ ᠢ | ᠥᠭᠡᠷᠡᠴᠢᠯᠡᠬᠦ︾ ᠶᠢ ᠬᠡᠷᠡᠭᠵᠢᠭᠦᠯᠪᠡ︔ 3 ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠪᠠᠶᠢᠭᠤᠯᠵᠤ | ᠠᠰᠢᠭᠯᠠᠯᠲᠠ ᠳᠤ ᠣᠷᠣᠭᠤᠯᠣᠨ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠦᠯ | ᠵᠦᠢᠯ ᠢ ᠣᠷᠣᠭᠤᠯᠤᠨ ᠠᠪᠴᠢᠷᠠᠪᠠ︔ 34 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠮᠠᠯ ᠵᠢᠭᠦᠷᠲᠡᠨ ᠤ | ᠦᠳᠦᠭ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ | ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠰᠠᠶᠢᠵᠢᠷᠠᠪᠠ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠪᠠ | ᠶᠡᠭᠡ ᠬᠡᠪᠴᠢᠶᠡᠨ ᠤ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠪᠠᠢ ᠡᠯ | ᠶᠧ ᠡᠯᠡᠰᠦᠨ ᠬᠠᠰᠢᠯᠭ᠎ᠠ ᠶᠢ ᠵᠠᠰᠠᠭᠰᠠᠨ ᠦᠢᠯᠡ ᠶᠠᠪᠣᠳᠠᠯ ᠤᠨ ᠦᠵᠡᠰᠬᠦᠯᠡᠩ ᠤᠨ ᠣᠷᠳᠣᠨ︾ ᠢ ᠪᠠᠶᠢᠭᠤᠯᠪᠠ᠃ | ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠶᠢᠨ ᠬᠤᠰᠢᠭᠤ ᠰᠢᠶᠠᠨ᠂ ᠣᠶ ᠰᠢᠭᠤᠶ ᠶᠢᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠨᠤᠲᠤᠭ | ᠳᠡᠪᠢᠰᠬᠡᠷ ᠤᠨ ᠪᠠᠶᠢᠴᠠᠭᠠᠯᠲᠠ ᠨᠢ ᠤᠯᠤᠰ ᠤᠨ ᠬᠢᠨᠠᠨ ᠪᠠᠶᠢᠴᠠᠭᠠᠯᠲᠠ ᠶᠢ ᠦᠩᠭᠡᠷᠡᠪᠡ᠃ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ ᠳᠡᠭᠡᠭᠰᠢ ᠮᠡᠳᠡᠭᠦᠯᠬᠦ ᠶᠢ ᠪᠡᠶᠡᠯᠡᠭᠦᠯᠪᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠥᠷᠨᠢᠭᠦᠯᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 18 ᠡᠵᠡᠨ ᠥᠬᠡᠶ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠪᠡ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠳᠣᠲᠣᠷᠠᠬᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ᠂ ︽ᠬᠦᠯᠡᠮᠵᠢᠲᠦ ᠭᠡᠷ︾ ᠢ | ᠴᠡᠪᠡᠷᠯᠡᠨ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠨ ᠵᠤᠰᠠᠯᠠᠩ ᠢ ᠴᠡᠪᠡᠷᠯᠡᠨ ᠪᠠᠶᠢᠴᠠᠭᠠᠵᠤ ᠴᠡᠭᠴᠡᠯᠡᠨ | ᠵᠠᠰᠠᠬᠤ ᠵᠡᠷᠭᠡ ᠠᠵᠢᠯ ᠢᠳᠡᠪᠬᠢᠲᠡᠢ ᠦᠷ᠎ᠡ ᠪᠦᠲᠦᠭᠡᠯ ᠣᠯᠪᠠ᠃ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ︽ᠭᠤᠤᠯ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠳᠥᠷᠪᠡᠨ ᠳᠤᠷ᠎ᠠ ᠪᠠᠷ ᠢᠶᠠᠨ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠪᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠴᠦᠯᠡᠪᠡ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠪᠡ᠃ 19 ᠵᠦᠢᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠬᠥᠳᠡᠭᠡ | ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠭᠤᠷᠪᠠᠨ ᠵᠦᠢᠯ ᠤᠨ ᠲᠤᠷᠰᠢᠯᠲᠠ ᠶᠢᠨ | ᠠᠵᠢᠯ ᠢᠯᠡᠳᠲᠡ ᠦᠷ᠎ᠡ ᠪᠦᠲᠦᠭᠡᠯ ᠣᠯᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ᠂ ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢ ᠨᠢᠭᠡ | ᠴᠣᠭᠴᠠᠵᠢᠭᠤᠯᠣᠨ ᠡᠷᠬᠡ ᠶᠢ ᠨᠤᠲᠠᠯᠠᠨ ᠳᠠᠩᠰᠠᠯᠠᠬᠤ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠪᠡ᠃ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠱᠧᠩ ᠯᠧ ᠤᠯᠤᠰ ᠤᠨ ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ | ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢ ᠳᠠᠬᠢᠨ ᠰᠢᠨ᠎ᠡ ᠪᠠᠷ ᠪᠠᠶᠢᠭᠤᠯᠪᠠ᠃ ᠮᠠᠨ ᠤ ᠰᠢᠶᠠᠨ ᠪᠦᠬᠦ ᠤᠯᠤᠰ ᠤᠨ | ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠢᠶᠠᠷ ᠵᠢᠭᠰᠠᠭᠠᠭᠳᠠᠵᠤ᠂ ᠡᠮᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ᠂ ᠰᠢᠶᠠᠨ ᠰᠢᠶᠠᠩ | ᠲᠣᠰᠬᠤᠨ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠭᠰᠡᠨ ᠬᠤᠲᠠ ᠬᠥᠳᠡᠭᠡ ᠶᠢᠨ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ | ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠣᠯᠲᠠ ᠤᠯᠠᠮ ᠨᠢᠭᠡ ᠠᠯᠬᠤᠮ ᠴᠢᠩᠭᠠᠷᠠᠪᠠ᠃ | ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠪᠡ᠃ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠡᠰᠡᠭ ᠬᠠᠤᠯᠢ ᠬᠡᠷᠡᠭᠵᠢᠭᠦᠯᠬᠦ ᠡᠷᠬᠡ ᠶᠢ ᠳᠣᠷᠣᠭᠰᠢ | ᠪᠠᠭᠤᠯᠭᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠪᠡ᠃ ᠪᠦᠬᠦ ᠵᠢᠯ ᠳᠤ ᠡᠯ᠎ᠡ | ᠲᠥᠷᠥᠯ ᠤᠨ ᠭᠠᠶᠢᠯᠢ ᠶᠢᠨ ᠰᠦᠢᠳᠬᠡᠯ ᠢ 4.12 ᠳ᠋ᠦᠩᠰᠢᠭᠤᠷ ᠲᠥᠭᠦᠷᠢᠭ ᠬᠠᠰᠤᠵᠤ ᠬᠦᠩᠭᠡᠷᠡᠭᠦᠯᠪᠡ᠃ | ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ | ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠳᠠᠩᠰᠠᠯᠠᠭᠤᠯᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ | ᠴᠠᠭ ᠬᠤᠭᠤᠴᠠᠭ᠎ᠠ ᠤᠯᠠᠮ ᠨᠢᠭᠡ ᠠᠯᠬᠤᠮ ᠪᠠᠭᠠᠰᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ᠂ ᠨᠢᠭᠡ ᠡᠭᠦᠳᠡ᠂ ᠨᠢᠭᠡ ᠴᠣᠩᠬᠤᠪᠴᠢ ᠂ ᠨᠢᠭᠡ ᠤᠳᠠᠭ᠎ᠠ︾ ᠶᠢᠨ ᠭᠦᠢᠴᠡᠳᠬᠡᠬᠦ ᠬᠢᠷᠢ ᠲᠦᠪᠰᠢᠨ ᠢ | ᠪᠦᠲᠦᠮᠵᠢᠲᠡᠢ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 81.85% ᠳᠤ ᠬᠦᠷᠪᠡ᠃ | ᠵᠠᠰᠠᠭ ᠬᠤᠳᠠᠯᠳᠤᠭᠠᠨ ᠤ ᠬᠡᠪᠰᠢᠭᠰᠡᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠪᠡᠭᠡᠵᠢᠩ ᠥᠪᠥᠷ | ᠮᠣᠩᠭᠤᠯ ᠤᠨ ᠬᠤᠷᠢᠨᠭᠡᠷ ᠬᠤᠳᠠᠯᠳᠤᠭᠠᠴᠢᠳ ᠤᠨ ᠡᠪᠯᠡᠯ ᠢ ᠪᠠᠶᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠤᠨ ᠳᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠷᠠᠯᠵᠢᠶ᠎ᠠ | ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠲᠡᠳᠬᠦᠬᠦ᠂ | ᠠᠷᠠᠯᠵᠢᠶ᠎ᠠ ᠬᠤᠳᠠᠯᠳᠤᠭ᠎ᠠ ᠶᠢ ᠠᠮᠤᠷᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠪᠡ | ᠰᠤᠷᠭᠠᠨ ᠬᠥᠮᠦᠵᠢᠯ ᠤᠨ ᠦᠢᠯᠡᠰ ᠵᠣᠬᠢᠴᠠᠩᠭᠤᠶ ᠪᠠᠷ ᠬᠥᠭᠵᠢᠪᠡ᠃ ᠬᠦᠷᠢᠶᠡᠯᠡᠩ ᠲᠣᠭᠤᠷᠢᠭ ᠤᠨ | ᠬᠡᠤᠬᠡᠳ ᠤᠨ ᠴᠡᠴᠡᠷᠯᠢᠭ ᠤᠳᠠᠯ ᠥᠬᠡᠶ ᠠᠰᠢᠭᠯᠠᠯᠲᠠ ᠳᠤ ᠣᠷᠣᠵᠤ᠂ ᠭᠤᠷᠪᠠᠳᠤᠭᠠᠷ ᠬᠡᠤᠬᠡᠳ ᠤᠨ ᠴᠡᠴᠡᠷᠯᠢᠭ᠂ | ᠰᠢᠨ᠎ᠡ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠦᠨᠳᠦᠰᠦᠨ ᠳᠡᠭᠡᠨ ᠪᠠᠶᠢᠭᠤᠯᠵᠤ | ᠳᠠᠭᠤᠰᠬᠠᠪᠠ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠭᠤᠷᠪᠠᠨ ᠰᠢᠷᠣᠶ︾ ︵ᠰᠢᠷᠣᠢ ᠶᠢᠨ | ᠵᠣᠣᠬᠠᠨ ᠲᠠᠪᠴᠠᠩ᠂ ᠰᠢᠷᠣᠶ ᠶᠢᠨ ᠵᠤᠤᠬ᠎ᠠ᠂ ᠰᠢᠷᠣᠶ ᠶᠢᠨ ᠵᠣᠷᠯᠣᠩ︶ ᠶᠢ ᠥᠭᠡᠷᠡᠴᠢᠯᠡᠬᠦ ᠠᠵᠢᠯ ᠢ ᠤᠷᠤᠭᠰᠢᠲᠠᠶ | ᠪᠡᠶᠡᠯᠡᠭᠦᠯᠪᠡ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠠᠬᠢᠨᠲᠠ ᠰᠢᠯᠢᠳᠡᠭ ᠠᠮᠵᠢᠯᠲᠠ ᠣᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠵᠡᠷᠭᠡ ᠯᠠᠪᠳᠠᠭᠤᠨ ᠢᠶᠠᠷ ᠬᠥᠭᠵᠢᠪᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠬᠥᠭᠵᠢᠯᠲᠡ ᠰᠠᠶᠢᠨ ᠪᠠᠶᠢᠵᠤ᠂ ᠬᠤᠶᠠᠷ ᠬᠡᠤᠬᠡᠳ ᠤᠨ ᠴᠡᠴᠡᠷᠯᠢᠭ ᠲᠣᠰ ᠲᠣᠰ ᠤᠯᠤᠰ ᠤᠨ ᠲᠠᠰ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠬᠥᠯ ᠪᠥᠮᠪᠦᠭᠡ ᠶᠢᠨ ᠣᠨᠴᠠᠯᠢᠭᠲᠤ ᠬᠡᠥᠬᠡᠳ ᠤᠨ ᠴᠡᠴᠡᠷᠯᠢᠭ ᠢ ᠭᠤᠶᠤᠴᠢᠯᠠᠨ | ᠮᠡᠳᠡᠭᠦᠯᠪᠡ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠶ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠪᠥᠬᠦ ᠰᠢᠶᠠᠨ ᠤ ᠰᠤᠷᠭᠠᠭᠤᠯᠢ ᠳᠤ 120 ᠨᠡᠷᠡᠰ ᠲᠤᠰᠬᠠᠶ ᠲᠤᠰᠢᠶᠠᠯᠲᠤ ᠠᠮᠤᠷ ᠢ | ᠬᠠᠮᠠᠭᠠᠯᠠᠭᠴᠢ ᠶᠢ ᠰᠢᠨ᠎ᠡ ᠪᠠᠷ ᠤᠷᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ︽ᠭᠤᠷᠪᠠᠨ ᠵᠠᠭᠤᠨ ᠤ ᠵᠠᠭᠤ︾ ᠶᠢ ᠪᠡᠶᠡᠯᠡᠭᠦᠯᠪᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠯᠠᠮ ᠨᠢᠭᠡ ᠠᠯᠬᠤᠮ ᠲᠡᠭᠦᠯᠳᠡᠷᠵᠢᠪᠡ᠃ ᠬᠤᠲᠠ ᠪᠠᠯᠭᠠᠰᠤᠨ ᠤ | 4258 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ | ᠬᠦᠴᠦᠨ ᠢ ᠨᠡᠶᠢᠳᠡ 50135 ᠬᠥᠮᠦᠨ ᠢ ᠰᠢᠯᠵᠢᠭᠦᠯᠦᠨ ᠠᠵᠢᠯ ᠣᠯᠭᠤᠪᠠ᠃ 18.05 ᠲᠦᠮᠡᠨ ᠬᠤᠳᠠ | ᠬᠥᠳᠡᠭᠡ ᠶᠢᠨ ᠰᠠᠭᠤᠭᠠᠯᠢ ᠠᠷᠠᠳ ᠪᠠ ᠬᠤᠳᠠ ᠪᠠᠯᠭᠠᠰᠤᠨ ᠤ ᠠᠵᠢᠯᠳᠠᠨ ᠠᠵᠢᠯᠴᠢᠨ ᠢ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠭᠤᠯᠵᠤ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠡᠮᠨᠡᠯᠭᠡ ᠶᠢᠨ ᠬᠤᠷᠢᠶ᠎ᠠ ᠳᠤ ᠰᠢᠭᠤᠳ | ᠳ᠋ᠦᠩᠨᠡᠨ ᠪᠤᠳᠤᠵᠤ ᠲᠠᠩᠰᠠ ᠲᠠᠶᠢᠯᠬᠤ ᠶᠢ ᠪᠡᠶᠡᠯᠡᠭᠦᠯᠪᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ | ᠥᠷᠭᠡᠳᠬᠡᠨ ᠬᠢᠨᠠᠨ ᠲᠣᠭᠲᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠳᠠᠭᠠᠳᠬᠠᠯ ᠤᠨ ᠡᠯ᠎ᠡ | ᠵᠦᠢᠯ ᠤᠨ ᠣᠯᠭᠤᠮᠵᠢ ᠪᠣᠯᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ | ᠶᠣᠰᠣᠭᠠᠷ ᠨᠢ ᠣᠯᠭᠤᠪᠠ᠃ ᠹᠠᠨ ᠵᠢᠶᠠ ᠶᠣᠣ ᠶᠢᠨ ᠰᠢᠶᠠ ᠭᠤᠸᠠᠩ ᠨᠠᠰᠤᠲᠠᠨ ᠢ ᠠᠰᠠᠷᠠᠬᠤ ᠬᠦᠷᠢᠶᠡᠯᠡᠩ ᠢ | ᠰᠠᠶᠢᠵᠢᠷᠠᠭᠤᠯᠣᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠪᠠ᠃ ᠬᠦᠯᠦᠰᠦᠨ ᠠᠵᠢᠯᠴᠢᠨ ᠤ ᠴᠠᠯᠢᠩ ᠢ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠠᠯᠢᠩ ᠦᠷᠢᠲᠦᠭᠰᠡᠨ ᠨᠢ ᠬᠦᠨᠳᠦ ᠨᠣᠴᠢᠲᠠᠶ | 5 ᠠᠵᠤ ᠠᠬᠤᠶᠢᠯᠠᠯ ᠢ ᠢᠲᠡᠭᠡᠮᠵᠢ ᠶᠢᠨ ︽ᠬᠠᠷ᠎ᠠ ᠳᠠᠩᠰᠠ︾ ᠳᠤ ᠵᠢᠭᠰᠠᠭᠠᠨ ᠣᠷᠣᠭᠤᠯᠪᠠ᠃ | ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠯᠠᠮ ᠪᠠᠶᠠᠯᠢᠭᠵᠢᠭᠤᠯᠪᠠ᠃ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠵᠡᠷᠭᠡ ᠲᠣᠮᠣ ᠬᠡᠯᠪᠡᠷᠢ ᠶᠢᠨ ᠣᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠰᠢᠶᠠᠨ ᠤ ᠤᠯᠠᠭᠠᠨᠮᠥ᠋ᠴᠢᠷ ᠠᠷᠠᠳ ᠲᠤ | ᠠᠰᠢᠭ ᠬᠦᠷᠲᠡᠭᠡᠬᠦ ᠲᠣᠭᠯᠠᠯᠲᠠ 136 ᠲᠠᠯᠠᠪᠤᠷ ᠤᠳᠠᠭ᠎ᠠ ᠥᠷᠨᠢᠭᠦᠯᠪᠡ᠃ ᠳᠠᠭᠤᠤ ᠬᠥᠭᠵᠢᠮᠲᠦ ᠵᠦᠴᠦᠭᠡ ︽ | ᠱᠧᠩ ᠯᠧ ᠴᠠᠭ ᠦᠶ᠎ᠡ︾ ᠨᠢ ᠠᠩᠬ᠎ᠠ ᠲᠣᠭᠯᠠᠭᠳᠠᠵᠤ᠂ ︽ᠡᠯᠡᠰᠦᠨ ᠬᠠᠰᠢᠯᠭ᠎ᠠ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠨᠢ ᠪᠥᠬᠦ ᠤᠯᠤᠰ ᠤᠨ ᠰᠢ ᠵᠦᠴᠦᠭᠡ ᠶᠢᠨ ᠰᠢᠭᠦᠮᠵᠢ ᠬᠢᠭᠡᠳ ᠵᠣᠬᠢᠶᠠᠨ ᠪᠦᠲᠦᠭᠡᠭᠰᠡᠨ ᠰᠢᠯᠢᠳᠡᠭ | ᠪᠦᠲᠦᠭᠡᠯ ᠳᠤ ᠰᠣᠩᠭᠤᠭᠳᠠᠪᠠ᠃ ᠪᠤᠳᠠᠰ ᠤᠨ ᠪᠤᠰᠤ ᠰᠣᠶᠤᠯ ᠤᠨ ᠵᠠᠯᠭᠠᠮᠵᠢᠯᠠᠯᠲᠠ ᠪᠠ ᠲᠡᠤᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠲᠤ ᠴᠧᠩ ᠽᠢ ᠤᠯᠤᠰ ᠤᠨ ᠬᠠᠭᠤᠴᠢ | ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠠᠮᠤᠷ ᠲᠥᠪᠰᠢᠨ ᠢ ᠬᠠᠮᠠᠭᠠᠯᠠᠨ ᠰᠡᠷᠭᠡᠶᠢᠯᠡᠬᠦ ᠢᠨᠵᠧᠨᠧᠷᠢᠩ ᠢ | ᠳᠠᠭᠤᠰᠬᠠᠪᠠ᠃ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠣᠷᠳᠣᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠶᠡᠬᠡᠪᠡᠷ ᠪᠠᠳᠠᠷᠠᠭᠤᠯᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠶ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠪᠡ᠃ ︽ᠢᠷᠡᠭᠡᠳᠦᠶ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠣᠯᠠᠨ ᠤᠯᠤᠰ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠰᠢᠷᠢᠰ ᠤᠷᠤᠯᠳᠤᠭᠠᠨ ᠤ ᠶᠠᠪᠤᠳᠠᠯ ᠢ ᠡᠷᠬᠢᠯᠡᠵᠦ᠂ ︽19 | ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠤᠶᠤᠲᠠᠳ ᠤᠨ ᠬᠦᠨᠳᠦ ᠬᠥᠩᠭᠡᠨ ᠲᠠᠮᠢᠷ ᠤᠨ ᠮᠠᠩᠯᠠᠢ ᠰᠢᠯᠭᠠᠷᠠᠭᠤᠯᠬᠤ | ᠤᠷᠤᠯᠳᠤᠭᠠᠨ︾ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ | ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ | ᠡᠷᠡᠭᠦᠯ ᠡᠩᠬᠡ ᠬᠤᠷᠢᠨᠭᠡᠷ ᠯᠠᠪᠳᠠᠭᠤᠨ ᠢᠶᠠᠷ ᠠᠬᠢᠪᠠ᠃ ᠥᠪᠡᠷᠲᠡᠭᠡᠨ ᠵᠠᠰᠠᠬᠤ ᠣᠷᠣᠨ ᠤ ᠤᠳᠠᠭᠠᠨ | ᠴᠢᠨᠠᠷᠲᠠᠢ ᠡᠪᠡᠳᠴᠢᠨ ᠤ ᠵᠢᠱᠢᠶ᠎ᠡ ᠦᠵᠡᠭᠦᠯᠬᠦ ᠲᠣᠭᠤᠷᠢᠭ ᠪᠠ ᠡᠷᠡᠭᠦᠯ ᠮᠡᠨᠳᠦ ᠶᠢ ᠠᠬᠢᠭᠤᠯᠬᠤ ᠰᠢᠶᠠᠨ ᠤ ᠡᠭᠦᠳᠦᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠪᠠ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠪᠠ᠃ 89 ᠨᠡᠷᠡᠰ | ᠡᠮᠴᠢᠯᠡᠭᠡ ᠠᠨᠠᠭᠠᠬᠤ ᠤᠬᠠᠭᠠᠨ ᠤ ᠮᠡᠷᠭᠡᠵᠢᠯᠲᠡᠨ ᠢ ᠢᠯᠡ ᠪᠠᠷ ᠤᠷᠢᠨ ᠬᠡᠷᠡᠭᠯᠡᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠵᠠᠷᠤᠳᠠᠯ ᠤᠨ ᠨᠡᠮᠡᠭᠳᠡᠯ ᠢ ᠴᠢᠩᠬ᠎ᠠ ᠬᠢᠵᠠᠭᠠᠷᠯᠠᠵᠤ᠂ ᠡᠮ ᠤᠨ ᠵᠦᠢᠯ ᠤᠨ ᠵᠥᠷᠢᠶ᠎ᠡ ᠥᠬᠡᠶ ᠨᠣᠷᠮ᠎ᠠ ᠪᠠᠷ | ᠪᠣᠷᠣᠯᠠᠭᠤᠯᠬᠤ ᠶᠢ ᠬᠡᠷᠡᠭᠵᠢᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ | ᠦᠵᠡᠭᠦᠯᠬᠦ ᠳᠤ ᠦᠨᠡᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ ᠬᠤᠯᠤᠭᠠᠨ᠎ᠠ ᠶᠢᠨ ᠬᠢᠵᠢᠭ ᠵᠡᠷᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠮᠣᠩᠭᠤᠯ | ᠬᠢᠲᠠᠳ ᠡᠮ ᠡᠮᠨᠡᠯᠭᠡ ᠶᠢᠨ ᠦᠢᠯᠡᠰ ᠲᠦᠷᠭᠡᠨ ᠳᠠᠪᠰᠢᠯᠲᠠ ᠲᠠᠢ ᠪᠣᠯᠪᠠ᠃ ᠰᠢᠶᠠᠨ ᠤ ᠠᠷᠠᠳ ᠤᠨ ᠡᠮᠨᠡᠯᠭᠡ ᠶᠢᠨ | ᠬᠤᠷᠢᠶ᠎ᠠ ᠠᠩᠬᠠᠳᠠᠭᠴᠢ ᠬᠤᠰᠢᠭᠤ ᠰᠢᠶᠠᠨ ᠤ ᠠᠭᠠᠷ ᠤᠨ ᠠᠶᠠᠯᠠᠯ ᠤᠨ ᠡᠮᠴᠢᠯᠡᠭᠡᠨ ᠤ ᠠᠪᠤᠷᠠᠨ ᠲᠤᠰᠠᠯᠠᠬᠤ | ᠥᠷᠲᠡᠭᠡ ᠶᠢ ᠪᠠᠶᠢᠭᠤᠯᠪᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠦᠬᠦᠨ ᠢᠶᠠᠷ ᠢᠶᠠᠨ ︽ᠲᠣᠮᠣ | ᠭᠤᠷᠪᠠᠨ ᠵᠦᠢᠯ︾᠂ ︽ᠵᠢᠵᠢᠭ ᠭᠤᠷᠪᠠᠨ ᠵᠦᠢᠯ︾ ᠤᠨ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠰᠢᠶᠠᠩ | ᠪᠠᠯᠭᠠᠰᠤᠨ ᠤ 8 ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠤᠶᠤᠨᠴᠢᠯᠠᠭᠰᠠᠨ ᠤᠷᠢᠳᠴᠢᠯᠠᠨ ᠰᠡᠷᠭᠡᠶᠢᠯᠡᠬᠦ ᠦᠯᠦ | ᠬᠠᠯᠳᠠᠭᠠᠬᠤ ᠡᠭᠦᠳᠡᠨ ᠡᠮᠨᠡᠯᠭᠡ ᠶᠢᠨ ᠪᠠᠶᠢᠭᠤᠯᠤᠯᠲᠠ ᠶᠢ ᠪᠡᠶᠡᠯᠡᠭᠦᠯᠪᠡ᠃ ᠾᠸᠢ ᠯᠣᠤ ᠶᠣᠣ ᠰᠢᠶᠠᠩ ᠤᠨ ᠡᠷᠡᠭᠦᠯ | ᠬᠠᠮᠠᠭᠠᠯᠠᠯ ᠤᠨ ᠬᠤᠷᠢᠶᠠᠨ ᠤ ᠪᠠᠶᠢᠭᠤᠯᠤᠯᠲᠠ ᠤᠷᠤᠭᠰᠢᠲᠠᠶ ᠪᠠᠶᠢᠨ᠎ᠠ᠃ ᠬᠤᠶᠠᠷ ᠬᠡᠤᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠦᠲᠦᠮᠵᠢᠲᠡᠶ ᠨᠠᠶᠢᠳᠠᠪᠣᠷᠢᠵᠢᠭᠤᠯᠪᠠ᠃ | ︵ᠲᠤᠯᠤᠭ᠎ᠠ︶ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠦᠴᠦᠯᠡᠨ ᠬᠠᠮᠠᠭᠠᠯᠠᠪᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ 15 | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠰᠠᠶᠢᠨ ᠦᠷ᠎ᠡ ᠪᠦᠲᠦᠮᠵᠢ | ᠤᠯᠪᠠ᠃ ᠤᠯᠤᠰ ᠲᠦᠷᠦ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠪᠡ᠃ ᠬᠡᠷ ᠭᠠᠵᠠᠷ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠴᠡᠭᠴᠡᠯᠡᠨ | ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 150 ᠭᠠᠷᠤᠶ ᠡᠷᠦᠬᠡ ᠰᠠᠭᠤᠭᠠᠯᠢ ᠠᠷᠠᠳ ᠤᠨ ︽ᠪᠤᠴᠠᠵᠤ | ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠦᠨᠡᠮᠯᠡᠯ ᠭᠦᠢᠴᠡᠳᠬᠡᠬᠦ ᠳᠤ ᠬᠦᠴᠢᠷᠲᠡᠶ︾ ᠵᠡᠷᠭᠡ | ᠠᠰᠠᠭᠤᠳᠠᠯ ᠢ ᠰᠢᠢᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠯᠠᠯᠤ ᠶᠢᠨ ᠤᠬᠠᠭᠳᠠᠬᠤᠨ ᠤ ᠨᠡᠶᠢᠳᠡᠮᠵᠢᠬᠦ ᠶᠢ ᠵᠠᠰᠠᠬᠤ᠂ ᠡᠷᠡᠭᠦᠯᠵᠢᠯ ᠤᠨ ᠵᠠᠬ᠎ᠠ ᠳᠡᠯᠭᠡᠭᠦᠷ ᠢ | ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠪᠡ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠶᠡᠭᠡ | ᠵᠢᠭᠰᠠᠭᠠᠨ ᠪᠠᠶᠢᠴᠠᠭᠠᠯᠲᠠ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠪᠦᠬᠦ ᠵᠢᠯ ᠳᠤ ᠦᠢᠯᠡᠳᠪᠦᠷᠢᠯᠡᠯ ᠤᠨ ᠠᠶᠤᠯᠭᠦᠶ ᠶᠢᠨ ᠬᠦᠨᠳᠦ ᠶᠡᠭᠡ ᠣᠨᠴᠠ ᠶᠡᠭᠡ ᠠᠳᠡᠯ | ᠭᠠᠷᠤᠭᠰᠠᠨ ᠦᠭᠡᠢ᠃ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠵᠠᠬᠢᠳᠠᠯ ᠰᠤᠷᠪᠤᠯᠵᠢᠯᠠᠭ᠎ᠠ᠂ | ᠠᠷᠠᠳ ᠤᠨ ᠡᠶᠡᠳᠡᠭᠦᠯᠬᠦ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠯ᠎ᠡ ᠲᠦᠷᠥᠯ ᠤᠨ ᠨᠡᠶᠢᠭᠡᠮ ᠤᠨ | ᠵᠥᠷᠢᠴᠡᠯ ᠢ ᠴᠠᠭ ᠲᠤᠬᠠᠶ ᠳᠤᠨᠢ ᠪᠦᠲᠦᠮᠵᠢᠲᠡᠶ ᠪᠠᠷ ᠨᠠᠮᠳᠠᠭᠠᠨ ᠰᠢᠢᠳᠪᠦᠷᠢᠯᠡᠪᠡ᠃ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠢ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠠᠴᠠ | ᠬᠠᠯᠠᠭᠳᠠᠭᠰᠠᠳ ᠤᠨ 33 ᠦᠢᠯᠡᠴᠢᠯᠡᠭᠡᠨ ᠤ ᠦᠷᠳᠡᠭᠡ ᠶᠢ ᠪᠠᠶᠢᠭᠤᠯᠪᠠ᠃ ᠨᠠᠮ ᠤᠨ ᠦᠨᠳᠦᠰᠦᠲᠡᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠲᠥᠪ ᠤᠨ ᠱᠠᠰᠢᠨ ᠰᠤᠷᠲᠠᠬᠤᠨ ᠤ ︽ᠡᠷᠬᠢᠨ ᠬᠠᠷᠠᠬᠤ︾ ᠵᠢᠴᠢ ᠲᠤᠬᠠᠶ ᠶᠢᠨ ᠭᠠᠵᠠᠷ ᠲᠠᠬᠢ ᠰᠢᠮᠳᠠᠭᠤᠯᠣᠨ | ᠪᠠᠶᠢᠴᠠᠭᠠᠯᠲᠠ ᠶᠢ ᠤᠷᠤᠭᠰᠢᠲᠠᠶ ᠤᠭᠲᠤᠪᠠ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ︽ | ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠪᠦᠯᠦᠭ ᠣᠯᠠᠨ ᠲᠦᠮᠡᠨ ᠤ ᠬᠠᠮᠤᠭ ᠤᠨ ᠪᠠᠴᠢᠮ | ᠬᠠᠮᠤᠭ ᠤᠨ ᠰᠠᠨᠠᠭᠠᠰᠢᠷᠠᠵᠤ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ᠃ ᠰᠢᠶᠠᠨ ᠤ ᠲᠣᠰ ᠱᠠᠲᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠦᠢᠯᠡᠰ ᠢ 6389 ᠵᠦᠢᠯ ᠡᠮᠬᠢᠯᠡᠵᠦ᠂ ︽ᠬᠤᠷᠢᠨᠭᠡᠷ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠳᠤ ᠳᠠᠬᠢᠨ ᠵᠠᠰᠠᠪᠤᠷᠢ ᠣᠷᠣᠭᠤᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠣᠳᠣᠯᠲᠠ ᠪᠠ ᠨᠡᠶᠢᠭᠡᠮ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠬᠤ ᠶᠢᠨ ᠬᠤᠷᠢᠶ᠎ᠠ ᠠᠴᠠ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ | ᠲᠤᠰᠬᠠᠶ ᠰᠡᠳᠦᠪ ᠢᠶᠠᠷ ᠯᠠᠪᠯᠠᠨ ᠠᠰᠠᠭᠤᠬᠤ ᠶᠢ ᠬᠦᠯᠢᠶᠡᠨ ᠠᠪᠴᠣ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 59 ᠬᠤᠪᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠤ ᠰᠠᠨᠠᠯ ᠵᠥᠪᠯᠡᠯᠭᠡ 120 ᠬᠤᠪᠢ ᠶᠢ ᠰᠢᠢᠳᠪᠦᠷᠢᠯᠡᠵᠦ᠂ ᠭᠦᠢᠴᠡᠳᠬᠡᠨ ᠬᠠᠷᠢᠭᠤ ᠥᠭᠭᠦᠭᠰᠡᠨ ᠨᠣᠷᠮ᠎ᠠ | ᠴᠥᠮ 100% ᠳᠤ ᠬᠦᠷᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠭᠦᠨᠵᠡᠭᠡᠶ ᠠᠬᠢᠭᠤᠯᠵᠤ᠂ ᠵᠠᠰᠠᠭ | ᠤᠨ ᠣᠷᠳᠣᠨ ᠤ ᠠᠯᠪᠠᠨ ᠰᠦᠯᠵᠢᠶ᠎ᠡ ᠶᠢ ᠥᠭᠡᠷᠡᠴᠢᠯᠡᠨ ᠳᠡᠰ ᠳᠡᠪᠰᠢᠭᠦᠯᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠲᠠᠪᠴᠠᠩ ᠢ ᠨᠡᠮᠡᠨ ᠪᠠᠶᠢᠭᠤᠯᠵᠤ᠂ 1787 ᠵᠤᠷᠪᠤᠰ ᠲᠤᠭ᠎ᠠ ᠪᠠᠷᠢᠮᠲᠠ ᠶᠢ ᠢᠯᠡ ᠪᠠᠷ ᠨᠡᠶᠢᠲᠡᠯᠡᠪᠡ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠠᠯᠪᠠᠨ ᠤ ᠭᠤᠷᠪᠠᠨ ᠵᠠᠷᠤᠳᠠᠯ︾ | ᠪᠠ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ᠠᠯᠪᠠᠨ ᠭᠡᠷ᠂ ᠠᠯᠪᠠᠨ ᠲᠡᠷᠭᠡ᠂ ᠠᠯᠪᠠᠨ ᠵᠣᠴᠢᠯᠠᠯᠭ᠎ᠠ ᠶᠢ | ᠶᠡᠭᠡ ᠬᠦᠴᠦᠨ ᠢᠶᠠᠷ ᠳᠦᠷᠢᠮᠵᠢᠭᠦᠯᠦᠨ ᠴᠡᠭᠴᠡᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠬᠠᠮᠢᠶ᠎ᠠ ᠪᠦᠬᠦᠢ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠣᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ | ᠦᠭᠡᠢ ᠵᠠᠯᠠᠷᠠᠭᠤᠯᠪᠠ᠃ | ᠲᠤᠭ᠎ᠠ ᠪᠦᠷᠢᠳᠬᠡᠯ᠂ ᠴᠠᠭ ᠠᠭᠤᠷ᠂ ᠬᠠᠩᠭᠠᠨ ᠪᠣᠷᠣᠯᠠᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ | ᠵᠡᠷᠭᠡ ᠠᠵᠢᠯ ᠲᠠᠰᠤᠷᠠᠯᠲᠠ ᠦᠭᠡᠢ ᠴᠢᠩᠭᠠᠷᠠᠪᠠ᠃ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ | ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠵᠥᠪᠯᠡᠯ ᠵᠡᠷᠭᠡ | ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠶᠡᠭᠡ ᠰᠢᠮᠳᠠᠭᠤᠯᠣᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠯᠲᠠ ᠵᠡᠷᠭᠡ ᠣᠯᠠᠨ ᠳᠠᠪᠬᠤᠷ ᠰᠢᠯᠭᠠᠯᠲᠠ ᠶᠢ ᠳᠠᠭᠠᠭᠠᠵᠤ᠂ ᠠᠮᠵᠢᠯᠲᠠ ᠪᠦᠲᠦᠮᠵᠢ ᠨᠢ ᠬᠢᠯᠪᠠᠷ ᠪᠤᠰᠤ᠂ | ᠡᠳᠡᠭᠡᠷ ᠠᠮᠵᠢᠯᠲᠠ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ᠂ ᠨᠡᠶᠢᠭᠡᠮ ᠤᠨ | ᠡᠯ᠎ᠡ ᠡᠲᠡᠭᠡᠳ ᠤᠨ ᠬᠥᠮᠦᠰ ᠤᠨ ᠬᠦᠴᠦᠲᠡᠶ ᠳᠡᠮᠵᠢᠯᠭᠡ ᠶᠢᠨ ᠦᠷ᠎ᠡ ᠳ᠋ᠦᠩ᠂ ᠨᠡᠩ ᠴᠤ ᠪᠦᠬᠦ ᠰᠢᠶᠠᠨ ᠤ ᠥᠷᠭᠡᠨ | ᠤᠯᠠᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ | ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠬᠤᠷᠢᠨᠭᠡᠷ | ᠰᠢᠶᠠᠨ ᠤ ᠪᠦᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦ ᠨᠦᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠤᠷ ᠲᠦᠪᠰᠢᠨ ᠪᠠᠶᠢᠬᠤ ᠳᠤ ᠠᠶᠤᠯ ᠲᠦᠭᠰᠢᠭᠦᠷᠢ ᠶᠢ ᠮᠠᠷᠲᠠᠵᠤ ᠪᠣᠯᠬᠤ ᠦᠭᠡᠢ᠂ ᠬᠥᠭᠵᠢᠨ ᠮᠠᠨᠳᠤᠪᠠᠯ | ᠵᠣᠪᠠᠭᠤᠷᠢ ᠵᠦᠳᠡᠭᠦᠷᠢ ᠶᠢ ᠮᠠᠷᠲᠠᠵᠣ ᠪᠣᠯᠬᠤ ᠦᠭᠡᠢ᠃ ᠪᠢᠳᠡ ᠮᠠᠨ ᠤ ᠰᠢᠶᠠᠨ ᠤ ᠤᠷᠤᠭᠰᠢᠯᠠᠯᠲᠠ ᠶᠢᠨ ᠵᠠᠮ ᠳᠡᠭᠡᠷ᠎ᠡ | ᠮᠥᠨ ᠯᠡ ᠮᠠᠰᠢ ᠤᠯᠠᠨ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠲᠤᠯᠭᠠᠷᠠᠵᠤ ᠪᠠᠶᠢᠭ᠎ᠠ ᠶᠢ ᠰᠡᠷᠭᠡᠭ ᠢᠶᠠᠷ ᠲᠠᠨᠢᠵᠤ | ᠣᠯᠬᠤ ᠬᠡᠷᠡᠭᠲᠡᠢ᠂ ᠡᠭᠦᠨ ᠳᠤ ᠭᠤᠤᠯᠳᠠᠭᠤ ᠳᠣᠤᠷᠠᠬᠢ ᠮᠡᠲᠦ ᠢᠯᠡᠷᠡᠯ ᠪᠣᠢ᠄ ᠨᠢᠭᠡ ᠳᠤ ᠠᠵᠤ ᠠᠬᠤᠶ ᠶᠢᠨ | ᠨᠡᠮᠡᠭᠳᠡᠯ ᠤᠨ ᠰᠠᠭᠤᠷᠢ ᠲᠡᠶᠢᠮᠦ ᠪᠠᠲᠤ ᠪᠠᠬᠢ ᠪᠢᠰᠢ ᠪᠠᠶᠢᠵᠤ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ | ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠩ ᠲᠤᠪᠤᠶᠢᠮ᠎ᠠ ᠪᠣᠯᠪᠠ᠃ ᠬᠤᠶᠠᠷ ᠲᠤ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠨ ᠪᠤᠰᠤ᠂ ᠠᠵᠤ ᠠᠬᠤᠢ ᠶᠢᠨ ᠬᠥᠭᠵᠢᠯᠲᠡ ᠶᠢᠨ | ᠠᠷᠭ᠎ᠠ ᠬᠡᠯᠪᠡᠷᠢ ᠶᠡᠷᠦᠩᠬᠡᠶ ᠳᠡᠭᠡᠨ ᠪᠦᠳᠦᠭᠦᠯᠢᠭ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠴᠢᠩᠭ᠎ᠠ ᠪᠢᠰᠢ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠳᠠᠯᠳᠠ ᠬᠦᠴᠦᠨ | ᠬᠦᠷᠦᠯᠴᠡᠬᠦ ᠥᠬᠡᠶ ᠪᠠᠶᠢᠨ᠎ᠠ᠃ ᠭᠤᠷᠪᠠ ᠳᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠭᠦᠷᠭᠡ | ᠮᠥᠨ ᠬᠦ ᠪᠡᠷᠬᠡ ᠬᠠᠲᠠᠭᠤᠵᠢᠯᠲᠠᠶ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ | ᠨᠡᠯᠢᠶᠡᠳ ᠶᠡᠭᠡ ᠪᠠᠶᠢᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠭᠰᠡᠨ ᠢᠶᠠᠷ ᠬᠦᠷᠦᠯᠴᠡᠬᠦ ᠦᠭᠡᠢ᠂ ᠠᠮᠢ ᠠᠬᠤᠶ ᠶᠢ ᠬᠠᠮᠠᠭᠠᠯᠠᠬᠤ᠂ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠷᠳᠤ ᠬᠤᠭᠤᠴᠠᠭ᠎ᠠ ᠪᠠᠷ ᠬᠢᠬᠦ ᠴᠢᠬᠤᠯᠠᠲᠠᠶ ᠪᠠᠶᠢᠨ᠎ᠠ᠃ ᠳᠥᠷᠪᠡ ᠳᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ | ᠣᠯᠠᠨ ᠲᠦᠮᠡᠨ ᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠴᠢᠯᠡᠭᠡ᠂ ᠣᠷᠣᠨ ᠰᠠᠭᠤᠴᠠ᠂ ᠶᠠᠪᠤᠵᠤ | ᠰᠠᠭᠤᠬᠤ ᠵᠡᠷᠭᠡ ᠲᠠᠯ᠎ᠠ ᠪᠠᠷ ᠪᠠᠰᠠ ᠬᠠᠨᠤᠮᠵᠢ ᠦᠭᠡᠶ ᠭᠠᠵᠠᠷ ᠪᠠᠶᠢᠵᠤ᠂ ᠬᠥᠳᠡᠭᠡ ᠲᠣᠰᠬᠤᠨ ᠤ ᠰᠠᠭᠤᠷᠢ | ᠪᠡᠯᠡᠳᠬᠡᠮᠵᠢ ᠮᠥᠨ ᠬᠦ ᠨᠡᠯᠢᠶᠡᠳ ᠪᠠᠭᠤᠷᠠᠶ ᠪᠠᠶᠢᠭᠰᠠᠭᠠᠷ᠂ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠲᠠᠪᠤ ᠳᠤ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ | ᠲᠦᠪᠰᠢᠨ ᠥᠨᠳᠥᠷ ᠪᠢᠰᠢ᠂ ᠵᠠᠰᠠᠭ ᠵᠠᠬᠢᠷᠭᠠᠨ ᠤ ᠦᠷ᠎ᠡ ᠪᠦᠲᠦᠮᠵᠢ ᠥᠨᠳᠥᠷ ᠪᠢᠰᠢ᠂ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠰᠠᠶᠢᠨ ᠪᠢᠰᠢ᠂ ᠵᠠᠷᠢᠮ ᠺᠠᠳ᠋ᠷ ᠤᠨ ᠦᠢᠯᠡᠴᠢᠯᠡᠭᠡᠨ ᠤ ᠤᠬᠠᠮᠰᠠᠷ᠂ ᠬᠠᠤᠯᠢ ᠪᠠᠷ ᠵᠠᠰᠠᠬᠤ | ᠤᠬᠠᠮᠰᠠᠷ ᠴᠢᠩᠭ᠎ᠠ ᠪᠢᠰᠢ᠂ ᠪᠠᠶᠢᠭᠤᠯᠭ᠎ᠠ ᠶᠢᠨ ᠰᠤᠷᠲᠠᠯ ᠢ ᠮᠥᠨ ᠯᠡ ᠲᠦᠢᠯᠪᠤᠷᠢᠲᠠᠶ ᠬᠤᠪᠢᠷᠠᠭᠤᠯᠵᠤ ᠴᠢᠳᠠᠭᠠᠳᠤᠶ | ᠪᠠᠶᠢᠨ᠎ᠠ᠃ ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ | ᠬᠡᠷᠡᠭᠲᠡᠢ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽13 · 5︾ ᠶᠢᠨ | ᠲᠦᠯᠦᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠬᠠᠮᠲᠤ ᠠᠷᠪᠠᠨ ᠳᠥᠷᠪᠡᠳᠦᠭᠡᠷ ᠲᠠᠪᠣᠨ ᠵᠢᠯ ᠤᠨ ᠬᠥᠭᠵᠢᠯᠲᠡ ᠪᠣᠯᠤᠨ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠶᠢ ᠰᠠᠶᠢᠨ ᠲᠠᠯᠪᠢᠬᠤ ᠵᠠᠩᠭᠢᠯᠠᠭ᠎ᠠ ᠶᠢᠨ ᠵᠢᠯ ᠮᠥᠨ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠣᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ᠂ ᠬᠤᠲᠠ ᠶᠢᠨ ᠨᠠᠮ ᠤᠨ ᠬᠤᠷᠢᠶ᠎ᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯᠳᠤᠭᠠᠨ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ | ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ | ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ︽ | ᠠᠮᠢ ᠠᠬᠤᠶ ᠶᠢ ᠤᠷᠢᠳᠠᠪᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠦᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ | ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠪᠠᠷ ᠰᠠᠶᠢᠲᠤᠷ | ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ | ᠲᠦᠯᠦᠪᠵᠢᠭᠦᠯᠭᠡ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 5% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 12% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 4% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 3.5% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ | ᠬᠤᠷᠳᠤᠴᠠ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠬᠤᠲᠠ ᠪᠠᠯᠭᠠᠰᠤ ᠶᠢᠨ ᠳᠠᠩᠰᠠᠯᠠᠭᠤᠯᠣᠭᠰᠠᠨ ᠠᠵᠢᠯ | ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ | ᠪᠤᠰᠤᠳ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠪᠡᠶᠡᠯᠡᠭᠦᠯᠦᠨ᠎ᠡ᠃ | ᠡᠨᠡ ᠵᠢᠯ ᠪᠣᠯ ᠶᠡᠷᠦ ᠪᠤᠰᠤ ᠶᠢᠨ ᠨᠢᠭᠡ ᠵᠢᠯ᠂ ᠵᠢᠯ ᠤᠨ ᠡᠬᠢᠨ ᠳᠤ᠂ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠢᠳᠡ ︽ᠢᠲᠡᠭᠡᠯ ᠵᠣᠷᠢᠭ ᠢᠶᠠᠨ ᠪᠠᠲᠣᠳᠬᠠᠵᠤ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠪᠴᠢᠲᠠᠶ | ᠠᠷᠭ᠎ᠠ ᠪᠣᠳᠣᠯᠭ᠎ᠠ ᠬᠡᠷᠡᠭᠵᠢᠭᠦᠯᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠦᠬᠦ ᠲᠠᠯ᠎ᠠ ᠪᠠᠷ ᠳᠠᠶᠢᠴᠢᠯᠠᠵᠤ᠂ ᠪᠦᠬᠦ ᠲᠠᠯ᠎ᠠ ᠪᠠᠷ ᠪᠠᠶᠢᠷᠢᠯᠠᠭᠤᠯᠵᠤ᠂ ᠪᠦᠬᠦ ᠲᠠᠯ᠎ᠠ ᠪᠠᠷ | ᠴᠢᠩᠭᠠᠳᠬᠠᠵᠤ᠂ ᠪᠦᠬᠦ ᠰᠢᠶᠠᠨ ᠢᠶᠠᠷ ᠢᠶᠠᠨ ᠵᠠᠷᠯᠢᠭ ᠢ ᠰᠣᠨᠣᠰᠴᠤ ᠴᠠᠭ ᠤᠨ ᠬᠦᠴᠢᠷ ᠢ ᠬᠠᠮᠲᠤᠪᠠᠷ ᠲᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠢ ᠦᠳᠲᠡᠷ ᠲᠦᠷᠭᠡᠨ ᠬᠢᠵᠦ᠂ ᠨᠠᠮ ᠤᠨ | ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠡᠮᠨᠡᠯᠭᠡ ᠶᠢᠨ ᠠᠵᠢᠯᠲᠠᠳ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ | ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠳᠦᠷ ᠰᠥᠨᠢ | ᠦᠭᠡᠶ ᠪᠠᠲᠤ ᠰᠠᠬᠢᠵᠤ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠪᠦᠬᠦ ᠲᠠᠯ᠎ᠠ ᠪᠠᠷ ᠣᠷᠣᠯᠴᠠᠵᠤ᠂ ᠲᠦᠮᠡᠨ ᠤ | ᠵᠣᠷᠢᠭ ᠢ ᠨᠢᠭᠡᠳᠬᠡᠵᠦ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠲᠤ ᠦᠶ᠎ᠡ ᠶᠢᠨ ᠴᠢᠨᠠᠷ ᠲᠠᠢ ᠢᠯᠠᠯᠲᠠ ᠶᠢ | ᠣᠯᠵᠠᠶ᠃ ᠡᠭᠦᠨ ᠤ ᠬᠠᠮᠲᠤ᠂ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ︾ ᠶᠢ | ᠪᠠᠷᠢᠮᠲᠠᠯᠠᠵᠤ᠂ ᠪᠦᠬᠦ ᠰᠢᠶᠠᠨ ᠤ ᠡᠯ᠎ᠡ ᠨᠢᠭᠡᠴᠡ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠬᠦᠴᠢᠷ | ᠪᠡᠷᠬᠡᠰᠢᠶᠡᠯ ᠢ ᠢᠳᠡᠪᠬᠢᠲᠡᠢ ᠰᠢᠢᠳᠪᠦᠷᠢᠯᠡᠵᠦ᠂ ᠰᠠᠭᠠᠳ ᠦᠭᠡᠢ ᠡᠷᠭᠢᠯᠲᠡ ᠶᠢ ᠪᠠᠲᠤᠯᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠬᠦ ︽ᠬᠠᠮ ᠠᠷᠭ᠎ᠠ︾ ᠭᠠᠷᠭᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ︽ᠲᠦᠷᠭᠡᠨ ᠤᠷᠤᠭᠰᠢᠯᠠᠬᠤ ᠳᠠᠷᠤᠪᠴᠢ︾ ᠶᠢ ᠪᠦᠬᠦ ᠲᠠᠯ᠎ᠠ ᠪᠠᠷ ᠳᠠᠷᠤᠵᠤ᠂ ᠪᠦᠬᠦ | ᠰᠢᠶᠠᠨ ᠤ ᠬᠡᠪᠴᠢᠶᠡᠵᠢᠯ ᠠᠴᠠ ᠳᠡᠭᠡᠭᠰᠢᠬᠢ 38 ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ | ᠦᠢᠯᠡᠳᠪᠦᠷᠢᠯᠡᠯ ᠢᠶᠠᠨ ᠰᠡᠷᠭᠦᠭᠡᠵᠦ᠂ ᠪᠦᠬᠦ ᠬᠤᠲᠠ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠤᠭᠰᠠᠨ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ | ᠰᠡᠷᠭᠦᠭᠡᠭᠰᠡᠨ ᠨᠣᠷᠮ᠎ᠠ 83.3% ᠳᠤ ᠬᠦᠷᠴᠦ᠂ ᠨᠢᠭᠡᠳᠦᠭᠡᠷ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠵᠡᠷᠭᠡ ᠠᠵᠤ ᠠᠬᠤᠶ ᠶᠢᠨ ᠭᠦᠢᠴᠡᠳᠬᠡᠯ ᠲᠤᠭ᠎ᠠ ᠰᠥᠷᠭᠡᠤ ᠪᠠᠶᠢᠳᠠᠯ ᠲᠠᠢ ᠪᠠᠷ | ᠳᠡᠭᠡᠭᠰᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠰᠠᠶᠢᠨ ᠡᠬᠢᠯᠡᠯᠲᠡ ᠲᠠᠢ ᠪᠣᠯᠪᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ | ᠭᠠᠵᠠᠷ ᠬᠦᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠴᠤ ᠨᠡᠯᠢᠶᠡᠳ ᠰᠠᠶᠢᠨ ᠠᠮᠵᠢᠯᠲᠠ | ᠣᠯᠪᠠ᠃ ᠦᠢᠯᠡᠳᠦᠯᠭᠡ ᠭᠡᠷᠡᠴᠢᠯᠡᠭᠰᠡᠨ ᠨᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠵᠠᠷᠯᠢᠭ ᠢ ᠰᠣᠨᠣᠰᠴᠤ᠂ ᠠᠷᠠᠳ ᠣᠯᠠᠨ ᠢ ᠴᠢᠩᠭ᠎ᠠ ᠲᠦᠰᠢᠭᠯᠡᠵᠦ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ ᠯᠡ ᠶᠤᠮ ᠪᠣᠯ ᠠᠯᠢᠪᠠ ᠬᠦᠴᠢᠷ ᠪᠡᠷᠬᠡᠰᠢᠶᠡᠯ ᠬᠠᠷᠰᠢ | ᠰᠠᠭᠠᠳ ᠢ ᠯᠠᠪᠲᠠᠶ ᠢᠯᠠᠨ ᠳᠠᠪᠠᠵᠤ᠂ ᠲᠠᠰᠤᠷᠠᠯᠲᠠ ᠥᠬᠡᠶ ᠨᠠᠩ ᠶᠡᠭᠡ ᠰᠢᠨ᠎ᠡ ᠠᠮᠵᠢᠯᠲᠠ ᠪᠦᠲᠦᠮᠵᠢ ᠣᠯᠵᠤ | ᠴᠢᠳᠠᠨ᠎ᠠ︕ | ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠦᠨᠳᠦᠰᠦᠨ ᠳᠡᠭᠡᠨ ᠡᠵᠡᠮᠳᠡᠨ | ᠬᠢᠵᠠᠭᠠᠷᠯᠠᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠬᠢᠵᠢᠭ ᠤᠨ ᠪᠠᠶᠢᠳᠠᠯ ᠤᠨ | ᠳᠠᠭᠠᠷᠢᠯᠲᠠ ᠶᠢᠨ ᠨᠥᠯᠥᠭᠡ ᠶᠠᠭ ᠢᠯᠡᠷᠡᠵᠦ ᠪᠠᠶᠢᠨ᠎ᠠ᠂ ᠠᠵᠤ ᠠᠬᠤᠶ ᠶᠢᠨ ᠪᠠᠭᠤᠷᠠᠬᠤ ᠳᠠᠷᠤᠯᠲᠠ ᠨᠡᠮᠡᠭᠳᠡᠵᠦ᠂ | ᠮᠠᠨ ᠤ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠨᠠᠩ ᠬᠠᠲᠠᠭᠤ ᠪᠡᠷᠬᠡ ᠪᠥᠭᠡᠳ ᠨᠦᠰᠡᠷ ᠬᠦᠨᠳᠦ | ᠪᠣᠯᠪᠠ᠃ ᠡᠨᠡ ᠤᠳᠠᠭᠠᠨ ᠤ ᠲᠡᠦᠬᠡᠲᠦ ᠴᠢᠨᠠᠷᠲᠠᠶ ᠬᠢᠮᠤᠷᠠᠯ ᠤᠨ ᠶᠡᠭᠡ ᠰᠢᠯᠭᠠᠯᠲᠠ ᠶᠢᠨ ᠡᠮᠦᠨ᠎ᠡ᠂ ᠪᠢᠳᠡ | ᠬᠤᠪᠢᠷᠠᠯᠲᠠ ᠶᠢ ᠣᠨᠣᠪᠴᠢᠲᠠᠶ ᠲᠠᠨᠢᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠪᠣᠯ ᠣᠬᠤᠷ ᠬᠤᠭᠤᠴᠠᠭᠠᠨ ᠤ | ᠶᠤᠮ᠂ ᠮᠠᠨ ᠤ ᠰᠢᠶᠠᠨ ᠤ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠵᠣ ᠪᠠᠶᠢᠭ᠎ᠠ ᠦᠨᠳᠦᠰᠦᠨ | ᠪᠠᠶᠢᠳᠠᠯ ᠬᠤᠪᠢᠷᠠᠭ᠎ᠠ ᠦᠭᠡᠢ᠂ ᠰᠢᠨ᠎ᠡ ᠬᠥᠭᠵᠢᠯᠲᠡ ᠶᠢᠨ ᠠᠵᠠ ᠲᠣᠬᠢᠶᠠᠯ ᠪᠠ ᠰᠢᠨ᠎ᠡ ᠨᠡᠮᠡᠭᠳᠡᠯ ᠤᠨ ᠴᠡᠭ | ᠬᠤᠷᠠᠮᠳᠤᠨ ᠳᠠᠪᠬᠤᠴᠠᠵᠤ ᠪᠠᠶᠢᠨ᠎ᠠ︔ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ ᠨᠢᠳᠦᠨ ᠡᠮᠦᠨᠡᠬᠢ ᠬᠢᠮᠤᠷᠠᠯ᠂ | ᠨᠢᠳᠦᠨ ᠡᠮᠦᠨᠡᠬᠢ ᠬᠦᠴᠢᠷᠳᠡᠯ ᠤᠨ ᠳᠤᠮᠳᠠ ᠠᠴᠠ ᠠᠵᠠ ᠲᠣᠬᠢᠶᠠᠯ ᠣᠯᠵᠤ᠂ ᠶᠡᠭᠡ ᠲᠠᠯ᠎ᠠ ᠶᠡᠭᠡ ᠪᠠᠶᠢᠳᠠᠯ ᠤᠨ | ᠳᠤᠮᠳᠠ ᠰᠢᠨ᠎ᠡ ᠬᠥᠭᠵᠢᠯᠲᠡ ᠶᠢ ᠡᠷᠢᠯᠬᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ | ᠬᠤᠪᠢᠷᠠᠭᠤᠯᠬᠤ ᠪᠠᠷ ᠴᠢᠷᠮᠠᠶᠢᠵᠤ᠂ ᠴᠠᠭ ᠤᠨ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ | ᠪᠠ ᠠᠷᠭᠠᠴᠠᠭᠠᠬᠤ ᠠᠷᠭ᠎ᠠ ᠬᠡᠮᠵᠢᠶ᠎ᠡ ᠪᠠᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠡᠪᠰᠢᠭᠰᠡᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ | ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢᠨ ᠬᠤᠤᠰ ᠢᠯᠠᠯᠲᠠ ᠶᠢ ᠴᠢᠷᠮᠠᠶᠢᠨ | ᠲᠡᠮᠡᠴᠡᠨ ᠣᠯᠬᠤ ᠬᠡᠷᠡᠭᠲᠡᠶ᠃ | ᠡᠨᠡ ᠵᠢᠯ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ | ︵ᠨᠢᠭᠡ︶ ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠯᠠᠯᠳᠤᠭᠠᠨ ᠢ ᠴᠥᠬᠦᠷᠡᠰᠢ ᠦᠭᠡᠢ ᠰᠠᠶᠢᠲᠤᠷ ᠬᠢᠵᠦ᠂ | ᠦᠷᠭᠦᠯᠵᠢᠯᠡᠨ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠨ᠎ᠡ | ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠳᠠᠶᠢᠯᠠᠯᠳᠤᠭᠠᠨ ᠢ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠣᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤ | ᠦᠶ᠎ᠡ ᠶᠢᠨ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠢᠰᠲ᠋ᠧᠮ ᠤᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠶᠢ ᠦᠨᠡᠨᠬᠦ ᠪᠠᠲᠤᠯᠠᠨ᠎ᠠ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠨ᠎ᠡ᠃ ︽ᠳᠥᠷᠪᠡ ᠶᠢ ᠬᠠᠶᠠᠬᠤ ᠦᠭᠡᠢ︾ ︽ᠵᠢᠷᠭᠤᠭ᠎ᠠ ᠶᠢ ᠣᠨᠣᠪᠴᠢᠲᠠᠶ ᠪᠠᠶᠢᠯᠭᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠣᠷᠢᠵᠢᠭᠤᠯᠣᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠬᠢᠨ ᠬᠠᠷᠠᠬᠤ︾ | ︽ᠶᠡᠭᠡ ᠵᠢᠭᠰᠠᠭᠠᠨ ᠪᠠᠶᠢᠴᠠᠭᠠᠯᠲᠠ︾᠂ ︽ᠫᠠᠶᠢᠰᠠ ᠡᠯᠭᠦᠨ ᠪᠠᠶᠢᠯᠳᠤᠭᠠᠨ ᠢ ᠰᠢᠮᠳᠠᠭᠤᠯᠬᠤ︾ ᠪᠠ ︽ᠦᠯᠢᠭᠡᠷ | ᠳᠠᠭᠤᠷᠢᠶᠠᠯᠲᠤ ᠬᠥᠳᠡᠭᠡ ᠲᠣᠰᠬᠤᠨ︾ ᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ | ᠡᠷᠬᠢᠨ ᠬᠠᠷᠠᠬᠤ︾ ᠪᠠ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠬᠤᠶᠠᠷ ᠲᠤ ᠵᠣᠪᠠᠭ᠋ᠤ | ᠦᠭᠡᠢ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ᠂ ᠣᠨᠳᠣᠤ ᠭᠠᠵᠠᠷ ᠨᠡᠭᠦᠯᠭᠡᠬᠦ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠪᠤᠢ ᠪᠦᠬᠦᠢ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡ ᠬᠦ ᠦᠨᠳᠦᠰᠦᠨ ᠵᠦᠢᠯ ᠢ ᠳᠣᠪᠣᠶᠢᠮ᠎ᠠ ᠰᠠᠶᠢᠲᠤᠷ ᠠᠳᠬᠤᠵᠤ᠂ | ᠠᠯᠤᠰ ᠬᠡᠳᠦ ᠶᠢ ᠪᠣᠳᠣᠯᠬᠢᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ | ᠰᠦᠪᠡᠭᠴᠢᠯᠡᠨ ᠬᠥᠭᠵᠢᠭᠦᠯᠵᠦ᠂ ᠠᠵᠢᠯ ᠣᠯᠭᠤᠯᠲᠠ᠂ ᠬᠡᠷᠡᠭᠯᠡᠭᠡ᠂ ᠦᠨᠳᠦᠰᠦᠨ ᠵᠦᠢᠯ ᠢ ᠪᠠᠲᠤᠯᠠᠬᠤ ᠵᠡᠷᠭᠡ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠨᠡᠩ ᠨᠢᠭᠲᠠ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ | ᠪᠦᠬᠦ ᠬᠦᠴᠦᠨ ᠢᠶᠠᠷ ᠠᠬᠢᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ | ᠴᠢᠩᠭᠠᠳᠬᠠᠵᠤ᠂ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ | ᠡᠷᠴᠢᠮ ᠢ ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ | ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠳᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠤᠨ | ᠲᠤᠰᠬᠠᠶ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ 2020 ᠣᠨ ᠤ ᠠᠵᠢᠯᠯᠠᠭᠠᠨ ᠤ | ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠡᠷᠡᠭ ᠢ ᠰᠢᠯᠵᠢᠭᠦᠯᠦᠨ ᠰᠢᠢᠳᠪᠦᠷᠢᠯᠡᠬᠦ ᠪᠠ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠳᠪᠦᠷᠢ ᠶᠢᠨ | ᠵᠤᠤᠬ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠶᠢᠨ ᠭᠠᠵᠠᠷ ᠤᠨ ︽ | ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠵᠠᠮ ᠤᠨ ᠲᠣᠭᠤᠰᠣ | ᠳᠡᠭᠳᠡᠬᠦ ᠠᠰᠠᠭᠤᠳᠠᠯ ᠢ ᠴᠡᠭᠴᠡᠯᠡᠨ ᠵᠠᠰᠠᠵᠤ᠂ ᠡᠰᠢ ᠰᠦᠷᠡᠯ ᠢ ᠵᠠᠳᠠᠭᠠᠶ ᠰᠢᠲᠠᠭᠠᠬᠤ ᠶᠢ ᠵᠠᠯᠬᠠᠭᠠᠨ ᠰᠢᠢᠳᠬᠡᠬᠦ | ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠶᠠᠰᠤ ᠴᠢᠨᠠᠷ ᠢ ᠦᠨᠡᠨᠬᠦ ᠰᠠᠶᠢᠵᠢᠷᠠᠭᠤᠯᠬᠤ ᠬᠡᠷᠡᠭᠲᠡᠶ᠃ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠴᠧᠩ ᠭᠤᠸᠠᠨ ᠪᠠᠯᠭᠠᠰᠤᠨ ᠤ ᠰᠢᠨ᠎ᠡ ᠤᠰᠤᠨ ᠤ | ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠬᠢ | ᠤᠰᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠨ᠎ᠡ︔ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ | ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ︽ᠳᠥᠷᠪᠡᠨ ᠵᠠᠮᠪᠠᠷᠠᠭ᠎ᠠ ᠦᠭᠡᠢ ᠶᠢ ᠠᠷᠢᠯᠭᠠᠬᠤ︾ ᠲᠤᠰᠬᠠᠶ | ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠭᠤᠤᠯ ᠤᠨ ᠵᠠᠮ ᠢ ᠵᠠᠭᠠᠭᠯᠠᠬᠤ ᠠᠵᠢᠯ ᠢ ᠰᠠᠶᠢᠲᠤᠷ | ᠬᠢᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠶᠡᠬᠡᠲᠡᠢ︾ ᠠᠵᠤ ᠠᠬᠤᠶᠢᠯᠠᠯ ᠢ | ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠯᠠᠩ ᠤᠨ ᠣᠯᠠᠨ ᠡᠬᠢᠲᠦ ᠪᠠ ᠬᠦᠨᠳᠦ ᠲᠡᠮᠦᠷᠯᠢᠭ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠪᠠ ᠬᠠᠲᠠᠭᠤ ᠪᠡᠶᠡᠲᠦ ᠬᠤᠭ | ᠨᠣᠪᠰᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠢᠢᠳᠪᠦᠷᠢᠯᠡᠨ᠎ᠡ᠃ ᠤᠨᠢᠨ ᠳᠡᠭᠡᠷ᠎ᠡ ᠨᠢ ᠪᠣᠬᠢᠷᠲᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ | ᠲᠤᠪᠤᠶᠢᠯᠭᠠᠵᠤ᠂ ᠠᠷᠠᠳ ᠲᠦᠮᠡᠨ ᠢ ᠲᠩᠷᠢ ᠨᠢ ᠨᠡᠩ ᠴᠡᠯᠮᠡᠭ᠂ ᠠᠭᠤᠯᠠ ᠨᠢ ᠨᠡᠩ ᠨᠣᠭᠤᠭᠠᠨ᠂ ᠤᠰᠤ ᠨᠢ ᠨᠡᠩ | ᠲᠤᠩᠭᠠᠯᠠᠭ ᠰᠠᠶᠢᠬᠠᠨ ᠠᠮᠢ ᠠᠬᠤᠢ ᠣᠷᠴᠢᠨ ᠲᠣᠭᠤᠷᠢᠨ ᠳᠤ ᠠᠵᠤ ᠲᠦᠷᠦᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠣᠷ ᠬᠢᠨ᠎ᠡ᠃ ︽ᠵᠢᠭᠡᠯᠡᠬᠦ᠂ ᠬᠡᠷᠡᠭᠯᠡᠬᠦ᠂ ᠪᠤᠴᠠᠭᠠᠬᠤ᠂ ᠬᠠᠮᠢᠶᠠᠷᠬᠤ︾ ᠳᠥᠷᠪᠡᠨ ᠭᠤᠭᠴᠤᠭ᠎ᠠ ᠲᠠᠢ ᠨᠢᠭᠲᠠ | ᠤᠶᠠᠯᠳᠤᠭᠤᠯᠤᠨ᠂ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠬᠦ᠂ ᠦᠨ᠎ᠡ ᠬᠠᠩᠰᠢ ᠶᠢ ᠬᠢᠨᠠᠨ ᠬᠠᠰᠤᠬᠤ᠂ | ᠭᠠᠵᠠᠷ ᠰᠢᠷᠣᠶ ᠶᠢ ᠰᠢᠯᠵᠢᠭᠦᠯᠦᠨ ᠥᠭᠬᠦ᠂ ᠠᠪᠴᠠᠭᠠᠨ ᠤ ᠡᠷᠬᠡ ᠶᠢ ᠰᠣᠯᠢᠬᠤ᠂ ᠰᠤᠯᠠ ᠪᠠᠶᠢᠭ᠎ᠠ ᠤᠯᠤᠰ ᠤᠨ | ᠦᠮᠴᠢᠯᠡᠯᠲᠦ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠬᠤ ︽ᠬᠠᠮ ᠠᠷᠭ᠎ᠠ︾ ᠶᠢ ᠰᠠᠶᠢᠲᠤᠷ ᠠᠪᠴᠣ᠂ ᠵᠠᠰᠠᠭ | ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠴᠢᠩᠭ᠎ᠠ ᠳᠦᠷᠢᠮᠵᠢᠭᠦᠯᠵᠦ᠂ ᠰᠣᠬᠤᠷ | ᠪᠠᠯᠠᠢ ᠪᠠᠷ ᠵᠢᠭᠡᠯᠡᠯᠭᠡ ᠠᠪᠴᠤ ᠲᠥᠷᠥᠯ ᠵᠦᠢᠯ ᠭᠠᠷᠭᠠᠬᠤ ᠶᠢ ᠬᠤᠷᠢᠭᠯᠠᠨ᠎ᠠ᠃ ︽ᠭᠤᠷᠪᠠ ᠶᠢ ᠪᠠᠲᠤᠯᠠᠬᠤ︾ | ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠪᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠠᠯᠠ ᠮᠥᠩᠭᠦ ᠶᠢ ᠪᠠᠲᠤᠯᠠᠨ᠎ᠠ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠥᠷᠢ ᠥᠭᠴᠡᠭᠡ ᠶᠢᠨ | ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠠᠩ | ᠪᠦᠷᠢᠨ ᠲᠡᠭᠦᠯᠳᠡᠷ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ᠎ᠠ᠃ ᠡᠯ᠎ᠡ ᠲᠥᠷᠥᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠦᠨᠳᠦ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠨ᠎ᠠ᠃ | ︵ᠬᠤᠶᠠᠷ︶ ᠠᠵᠤ ᠠᠬᠤᠢ ᠶᠢᠨ ᠨᠡᠮᠡᠭᠳᠡᠯ ᠢ ᠲᠣᠭᠲᠠᠭᠤᠨ ᠪᠠᠶᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠥᠳᠡᠯᠭᠡᠬᠦ ᠴᠢᠳᠠᠮᠵᠢ ᠶᠢ ᠪᠣᠢ ᠪᠣᠯᠭᠠᠨ᠎ᠠ | ᠪᠠᠬᠢᠵᠢᠭᠦᠯᠬᠦ᠂ ᠴᠢᠩᠭᠠᠳᠬᠠᠬᠤ᠂ ᠳᠡᠭᠡᠭᠰᠢᠯᠡᠭᠦᠯᠬᠦ᠂ ᠰᠢᠯᠤᠭᠤᠳᠬᠠᠬᠤ ᠴᠢᠭᠯᠡᠯᠲᠡ ᠶᠢ ᠪᠠᠷᠢᠮᠲᠠᠯᠠᠵᠤ᠂ ᠠᠵᠤ | ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠲᠣᠭᠲᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ | ᠳᠤᠮᠳᠠᠳᠤ ᠤᠯᠤᠰ ᠤᠨ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ | ᠵᠣᠷᠢᠭ ᠰᠢᠭᠤᠳᠤᠨ ᠰᠦ ᠰᠠᠭᠠᠯᠢ ᠶᠢᠨ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ︾ ᠭᠡᠰᠡᠨ ᠴᠢᠩ | ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠰᠠᠶᠢᠨ ᠡᠪᠡᠰᠦ ᠲᠠᠷᠢᠵᠤ᠂ ᠰᠠᠶᠢᠨ ᠦᠬᠡᠷ ᠲᠡᠵᠢᠭᠡᠵᠦ᠂ | ᠰᠠᠶᠢᠨ ᠰᠦ ᠬᠤᠳᠠᠯᠳᠤᠬᠤ︾ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ | ᠦᠢᠯᠡᠰ ᠤᠨ ᠬᠦᠷᠢᠶᠡᠯᠡᠩ ᠢᠶᠠᠷ ᠭᠠᠷᠳᠠᠴᠠ ᠪᠣᠯᠭᠠᠵᠤ᠂ ︽ᠳᠠᠷᠢᠵᠤ ᠲᠡᠵᠢᠭᠡᠬᠦ ᠡᠳ᠋ᠰᠢᠭᠦᠯᠬᠦ ᠲᠣᠬᠢᠷᠠᠭᠤᠯᠬᠤ︾ ᠪᠥᠬᠦ | ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠪᠦᠯᠦᠭᠵᠢᠯ ᠢ ᠴᠢᠷᠮᠠᠶᠢᠨ | ᠪᠠᠶᠢᠭᠤᠯᠵᠤ᠂ ︽ᠳᠤᠮᠳᠠᠳᠤ ᠤᠯᠤᠰ ᠤᠨ ᠰᠦ ᠰᠠᠭᠠᠯᠢ ᠶᠢᠨ ᠬᠤᠲᠠ ᠶᠢᠨ ᠭᠤᠣᠯ ᠣᠷᠣᠨ︾ ᠤ ᠪᠠᠶᠢᠷᠢ ᠰᠠᠭᠤᠷᠢ ᠶᠢ | ᠪᠠᠬᠢᠵᠢᠭᠦᠯᠦᠨ᠎ᠡ᠃ ︽ᠲᠡᠵᠢᠭᠡᠬᠦ ᠶᠢᠨ ᠲᠥᠯᠥᠭᠡ ᠲᠠᠷᠢᠬᠤ︾ ᠶᠢᠨ ᠲᠣᠭᠤᠷᠢᠨ ᠳᠤ᠂ ︽ᠠᠮᠤ ᠪᠤᠳᠠᠭ᠎ᠠ ᠶᠢ ᠪᠣᠷᠳᠤᠭ᠎ᠠ | ᠪᠣᠯᠭᠠᠨ ᠥᠭᠡᠷᠡᠴᠢᠯᠡᠬᠦ︾ ᠲᠥᠷᠥᠯ ᠵᠦᠢᠯ ᠲᠠᠢ ᠤᠶᠠᠯᠳᠤᠭᠤᠯᠤᠨ᠂ ᠳᠠᠷᠤᠰᠢᠭᠤᠯᠤᠭᠰᠠᠨ ᠡᠷᠳᠡᠨᠢ ᠰᠢᠰᠢ᠂ ᠴᠠᠷᠭᠠᠰᠤ | ᠵᠡᠷᠭᠡ ᠴᠢᠨᠠᠷ ᠰᠠᠶᠢᠲᠠᠶ ᠡᠪᠡᠰᠦ ᠪᠣᠷᠳᠤᠭ᠎ᠠ ᠶᠢ ᠬᠡᠪᠴᠢᠶᠡᠵᠢᠭᠦᠯᠦᠨ ᠲᠠᠷᠢᠵᠤ᠂ ᠳᠠᠷᠤᠰᠢᠭᠤᠯᠤᠭᠰᠠᠨ ᠡᠷᠳᠡᠨᠢ ᠰᠢᠰᠢ | ᠲᠠᠷᠢᠬᠤ ᠲᠠᠯᠠᠪᠠᠢ ᠶᠢ 20 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ 1 ᠲᠦᠮᠡᠨ ᠮᠤ᠋ ᠴᠢᠨᠠᠷ ᠰᠠᠶᠢᠨ | ᠴᠠᠷᠭᠠᠰᠤ ᠢ ᠵᠢᠱᠢᠶ᠎ᠡ ᠦᠵᠡᠭᠦᠯᠦᠨ ᠲᠠᠷᠢᠵᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠪᠠᠷᠢᠮᠵᠢᠶᠠᠵᠢᠭᠰᠠᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠲᠠᠯ᠎ᠠ ᠨᠤᠲᠤᠭ ᠤᠨ ᠰᠢᠨ᠎ᠡ ᠮᠠᠯᠴᠢᠨ᠂ ᠼᠤᠤ ᠶᠣᠸᠠᠨ ᠾᠧ ᠨᠢᠦ ᠵᠡᠷᠭᠡ | ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ ᠲᠣᠰ ᠵᠢᠯ ᠳᠤ ᠪᠠᠶᠢᠭᠤᠯᠬᠤ ᠪᠠᠷ ᠴᠢᠷᠮᠠᠶᠢᠵᠤ᠂ | 3 ᠲᠦᠮᠡᠨ ᠲᠣᠯᠣᠭᠠᠢ ᠠᠴᠠ ᠳᠡᠭᠡᠭᠰᠢ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃ ᠮᠧᠩ ᠨᠢᠤ | ᠪᠦᠯᠦᠭᠯᠡᠯ ᠤᠨ ᠶᠡᠷᠦᠩᠬᠡᠶ ᠬᠡᠯᠲᠡᠰ ᠤᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠥᠳᠬᠡᠷᠡᠭᠦᠯᠦᠭᠰᠡᠨ | ᠰᠦ ᠶᠢᠨ ᠲᠥᠷᠥᠯ ᠵᠦᠢᠯ ᠵᠢᠴᠢ ᠱᠧᠩ ᠮᠤ᠋ ᠠᠵᠤ ᠦᠢᠯᠡᠳᠪᠦᠷᠢ᠂ ᠬᠤᠷᠢᠨᠭᠡᠷ ᠤᠨ ᠭᠤᠷᠪᠠᠳᠤᠭᠠᠷ ᠦᠢᠯᠡᠳᠪᠦᠷᠢ᠂ | ᠬᠤᠷᠢᠨᠭᠡᠷ ᠤᠨ ᠳᠥᠷᠪᠡᠳᠦᠭᠡᠷ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠪᠡᠶᠡᠯᠡᠭᠦᠯᠦᠨ᠎ᠡ᠃ ᠰᠦ ᠶᠢᠨ ᠦᠢᠯᠡᠰ ᠤᠨ ᠶᠠᠰᠤ ᠴᠢᠨᠠᠷ ᠤᠨ ᠲᠥᠪ ᠪᠣᠯᠤᠨ ᠰᠦ ᠶᠢᠨ ᠦᠢᠯᠡᠰ ᠤᠨ ᠰᠤᠳᠤᠯᠤᠨ | ᠨᠡᠭᠡᠭᠡᠬᠦ ᠲᠥᠪ ᠤᠨ ᠪᠦᠲᠦᠭᠡᠨ ᠪᠠᠶᠢᠭᠤᠯᠣᠯᠲᠠ ᠶᠢ ᠡᠬᠢᠯᠡᠭᠦᠯᠵᠦ᠂ ᠣᠯᠠᠨ ᠤᠯᠤᠰ ᠤᠨ ᠰᠠᠭᠠᠯᠢ ᠶᠢᠨ ᠦᠨᠢᠶ᠎ᠡ | ᠰᠤᠳᠤᠯᠬᠤ ᠬᠦᠷᠢᠶᠡᠯᠡᠩ ᠪᠣᠯᠤᠨ ᠣᠯᠠᠨ ᠤᠯᠤᠰ ᠤᠨ ᠰᠦ ᠶᠢᠨ ᠦᠢᠯᠡᠰ ᠤᠨ ᠠᠷᠠᠯᠵᠢᠶᠠᠨ ᠤ ᠭᠠᠵᠠᠷ ᠤᠨ ᠲᠠᠪᠴᠠᠩ | ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠴᠢᠷᠮᠠᠶᠢᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ | ᠂ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠤᠨ ᠬᠠᠮᠵᠢᠯᠴᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠣᠨ ᠰᠢᠢᠳᠪᠦᠷᠢᠯᠡᠵᠦ᠂ | ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠵᠠᠰᠠᠭ ᠠᠵᠤ ᠠᠬᠤᠶᠢᠯᠠᠯ ᠬᠠᠮᠲᠤᠪᠠᠷ ᠪᠠᠶᠢᠭᠤᠯᠬᠤ | ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠡᠯ᠎ᠡ ᠱᠠᠲᠤᠨ ᠤ ᠡᠯ᠎ᠡ ᠲᠥᠷᠥᠯ ᠤᠨ | ᠰᠤᠳᠤᠯᠤᠨ ᠨᠡᠭᠡᠭᠡᠬᠦ ᠲᠠᠪᠴᠠᠩ ᠢ ᠪᠤᠶᠢᠵᠢᠭᠤᠯᠬᠤ ᠪᠠ ᠲᠡᠳᠬᠦᠬᠦ ᠡᠷᠴᠢᠮ ᠢᠶᠠᠨ ᠴᠢᠩᠬᠠᠷᠠᠭᠤᠯᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠣ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠭᠦᠳᠦᠨ ᠪᠦᠲᠦᠭᠡᠬᠦ ᠬᠡᠷᠡᠭᠯᠡᠬᠦ ᠬᠠᠮᠠᠭᠠᠯᠠᠬᠤ ᠶᠢ ᠴᠢᠩᠭᠠᠷᠠᠭᠤᠯᠤᠨ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠣᠨ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠬᠡᠯᠬᠢᠶ᠎ᠡ᠂ | ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ | ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠥᠭᠵᠢᠯᠲᠡ ᠶᠢᠨ ︽ᠮᠧᠩ ᠰᠢᠨ︾ ᠢᠶᠠᠷ ᠭᠤᠣᠯ ᠪᠣᠯᠭᠠᠭᠰᠠᠨ ᠪᠤᠳᠠᠰᠯᠢᠭ ᠬᠤᠯᠪᠣᠭᠠᠲᠤ | ᠰᠦᠯᠵᠢᠶ᠎ᠡ ᠶᠢᠨ ᠮᠡᠷᠭᠡᠵᠢᠯ ᠢ ᠢᠳᠡᠪᠬᠢᠲᠡᠢ ᠳᠠᠮᠵᠢᠵᠤ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠠᠵᠤ ᠦᠢᠯᠡᠰ ᠤᠨ | ᠰᠢᠨ᠎ᠡ ᠰᠢᠰᠲ᠋ᠧᠮᠵᠢ ᠶᠢ ᠪᠠᠶᠢᠭᠤᠯᠤᠨ᠎ᠠ᠃ ᠴᠢᠳᠠᠪᠤᠷᠢᠲᠠᠨ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢ ᠪᠠᠷᠢᠮᠲᠠᠯᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠣᠯᠤᠨ ᠲᠥᠷᠥᠯ ᠵᠦᠢᠯ ᠢ ᠣᠷᠣᠭᠤᠯᠤᠨ | ᠠᠪᠴᠢᠷᠠᠬᠤ ᠶᠢ ᠤᠶᠠᠯᠳᠤᠭᠤᠯᠵᠤ᠂ ᠤᠯᠠᠨ ᠠᠷᠭ᠎ᠠ ᠵᠠᠮ ᠢᠶᠠᠷ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠨ | ᠣᠷᠣᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠨ᠎ᠡ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ | ᠠᠵᠤ ᠦᠢᠯᠡᠳᠪᠦᠷᠢ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠵᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ | ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠢᠳᠡᠭᠡᠨ | ᠡᠳ᠋ᠰᠢᠭᠦᠯᠬᠦ᠂ ᠴᠠᠬᠢᠯᠭᠠᠨ ᠬᠦᠴᠦ᠂ ᠠᠮᠢᠳᠤ ᠪᠣᠳᠠᠰ ᠤᠨ ᠡᠮ ᠡᠮᠨᠡᠯᠭᠡ᠂ ᠣᠢ ᠰᠢᠭᠤᠢ ᠡᠪᠡᠰᠦ ᠪᠡᠯᠴᠢᠭᠡᠷ ᠤᠨ ᠠᠮᠢ | ᠠᠬᠤᠢ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠣᠶᠤᠨᠴᠢ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠪᠦᠯᠦᠭᠵᠢᠯ ᠢ ᠪᠦᠬᠦ ᠬᠦᠴᠦᠨ ᠢᠶᠠᠷ ᠪᠠᠶᠢᠭᠤᠯᠤᠨ᠎ᠠ᠃ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢᠨ ᠢᠵᠢ ᠪᠦᠷᠢᠳᠦᠭᠰᠡᠨ ᠬᠥᠭᠵᠢᠯᠲᠡ ᠶᠢ ᠴᠢᠩᠭ᠎ᠠ ᠠᠳᠬᠤᠵᠤ᠂ ᠰᠦ᠂ ᠮᠢᠬ᠎ᠠ᠂ ᠲᠥᠮᠥᠰᠥ᠂ ᠵᠢᠮᠢᠰ ᠢ | ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠬᠥᠭᠵᠢᠭᠦᠯᠵᠦ᠂ ᠪᠣᠬᠢᠷᠳᠣᠯ ᠦᠭᠡᠢ ᠢᠳᠡᠭᠡᠨ ᠢ ᠳᠡᠭᠡᠳᠦ ᠲᠡᠰ ᠤᠨ | ᠦᠢᠯᠡᠳᠬᠦᠨ ᠲᠡᠰᠢ ᠤᠷᠲᠤᠳᠬᠠᠬᠤ ᠶᠢ ᠠᠬᠢᠭᠤᠯᠵᠤ᠂ ᠱᠧᠩ ᠵᠢᠶᠠᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ | ᠢᠮᠠᠭᠠᠨ ᠰᠦᠨ ᠲᠠᠯᠬ᠎ᠠ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ | ᠪᠠᠲᠤᠯᠠᠵᠤ᠂ ᠵᠧᠩ ᠳ᠋ᠡ ᠬᠤᠩ ᠶᠧ ᠢᠳᠡᠭᠡᠨ ᠡᠳ᠋ᠰᠢᠭᠦᠯᠬᠦ ᠦᠢᠯᠡᠳᠪᠦᠷᠢ ᠶᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠲᠦᠩ ᠢ ᠤᠮᠳᠠᠭᠠᠨ᠂ ᠵᠦᠩ ᠯᠢᠶᠠᠩ ᠺᠣᠺᠠ ᠺᠤᠯᠠ ᠶᠢᠨ ᠰᠢᠨ᠎ᠡ ᠪᠠᠷ ᠨᠡᠮᠡᠭᠳᠡᠭᠰᠡᠨ | ᠦᠢᠯᠡᠳᠪᠦᠷᠢᠯᠡᠯ ᠤᠨ ᠱᠤᠭᠤᠮ ᠵᠡᠷᠭᠡ ᠲᠥᠷᠥᠯ ᠵᠦᠢᠯ ᠢ ᠰᠠᠶᠢᠲᠤᠷ ᠠᠳᠬᠤᠵᠤ᠂ ᠵᠠᠭᠤᠨ ᠳ᠋ᠦᠩᠰᠢᠭᠤᠷ ᠲᠠᠰ ᠤᠨ | ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠣᠨ᠎ᠠ᠃ ᠬᠤᠷᠢᠨᠭᠡᠷ ᠤᠨ | ᠴᠠᠬᠢᠯᠭᠠᠨ ᠤ ᠦᠢᠯᠡᠳᠪᠦᠷᠢ ᠳᠤ ᠲᠦᠰᠢᠭᠯᠡᠨ ᠴᠠᠬᠢᠯᠭᠠᠨ ᠬᠦᠴᠦᠨ ᠤ ᠬᠦᠷᠢᠶᠡᠯᠡᠩ ᠲᠣᠭᠤᠷᠢᠭ ᠢ ᠲᠦᠯᠦᠪᠵᠢᠭᠦᠯᠦᠨ | ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠪᠣᠯᠤᠨ ᠠᠮᠢᠳᠤᠷᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠵᠢᠩ ᠨᠧᠩ ᠱᠧᠩ ᠯᠧ ᠢᠯᠴᠢ | ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠵᠡᠷᠭᠡ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠳᠠᠮᠵᠢᠨ᠎ᠠ᠃ ᠬᠠᠩ ᠰᠢᠶᠣᠤ ᠱᠧᠩ ᠵᠢᠶ ᠶᠢᠨ | ᠨᠢᠭᠡᠳᠦᠭᠡᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠬᠠᠶ | ᠺᠠᠩ ᠸᠧᠶ ᠱᠢ ᠵᠡᠷᠭᠡ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠬᠦᠭᠵᠢᠯᠲᠡ ᠶᠢ ᠬᠦᠴᠦᠯᠡᠨ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠴᠢᠳᠠᠮᠵᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠪᠣᠯᠤᠨ ᠠᠵᠤ ᠦᠢᠯᠡᠰ ᠤᠨ | ᠲᠥᠪᠯᠡᠷᠡᠨ ᠴᠤᠭᠯᠠᠷᠠᠬᠤ ᠶᠢ ᠲᠦᠷᠭᠡᠳᠬᠡᠵᠦ᠂ ᠨᠠᠩ ᠶᠠᠰᠤ ᠴᠢᠨᠠᠷ ᠲᠠᠢ᠂ ᠨᠠᠩ ᠠᠮᠢᠵᠢᠷᠠᠯ ᠤᠨ ᠬᠦᠴᠦᠨ ᠲᠠᠢ᠂ ᠨᠠᠩ | ᠥᠨᠳᠥᠷ ᠲᠦᠪᠰᠢᠨ ᠪᠦᠬᠦᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃ | ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ | ᠴᠣᠭᠴᠠᠲᠤ ᠠᠵᠤ ᠠᠬᠤᠶ᠂ ᠬᠤᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠰᠤᠯᠴᠠᠨ | ᠬᠦᠭᠵᠢᠬᠦ ᠶᠢ ᠠᠬᠢᠭᠤᠯᠤᠨ᠎ᠠ᠃ ᠾᠧᠩ ᠳ᠋ᠡ ᠪᠡᠶ᠎ᠡ ᠰᠣᠪᠢᠯᠠᠯᠲᠠ ᠶᠢᠨ ᠬᠥᠨᠳᠡᠶ᠂ ᠤᠰᠤᠨ ᠤ ᠶᠢᠷᠲᠢᠨᠴᠦ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠵᠦ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠡᠮᠴᠢᠯᠡᠭᠡ ᠨᠠᠰᠤᠵᠢᠯ ᠢ ᠤᠶᠠᠯᠳᠤᠭᠤᠯᠬᠤ︾ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠣᠶ ᠪᠣᠯᠭᠠᠨ᠎ᠠ᠃ ᠮᠧᠩ ᠨᠢᠦ ᠶᠢᠨ ᠱᠤ᠋ ᠺᠧ ᠲᠤᠭ᠎ᠠ ᠪᠠᠷᠢᠮᠲᠠ᠂ | ᠠᠢ ᠶᠠᠩ ᠨᠢᠦ᠂ ᠮᠸᠢ ᠢ ᠲᠦᠩ ᠵᠡᠷᠭᠡ ᠡᠯᠧᠺᠲᠷᠣᠨ ᠬᠤᠳᠠᠯᠳᠤᠭᠠᠨ ᠤ ᠲᠣᠯᠣᠭᠠᠶᠢᠯᠠᠭᠴᠢ ᠠᠵᠤ ᠠᠬᠤᠶᠢᠯᠠᠯ ᠳᠤ | ᠲᠦᠰᠢᠭᠯᠡᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ | ᠦᠢᠯᠡᠰ ᠤᠨ ᠠᠭᠤᠰᠣᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠣᠶᠤᠨᠴᠢᠯᠠᠭᠰᠠᠨ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠵᠠᠭᠪᠤᠷ ᠤᠨ ᠰᠢᠨ᠎ᠡ ᠶᠢ ᠡᠭᠦᠳᠴᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠮᠥᠷᠭᠡᠯᠡᠯᠲᠡ ᠵᠢᠴᠢ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ | ᠥᠷᠲᠡᠭᠡ ᠴᠡᠭ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠰᠣᠶᠣᠯ ᠤᠨ ᠪᠦᠲᠦᠭᠡᠯᠴᠢ ᠰᠡᠳᠬᠢᠮᠵᠢ᠂ ᠺᠢᠨᠣ᠋ | ᠲᠧᠯᠸᠢᠰ ᠦᠢᠯᠡᠳᠬᠦ ᠵᠡᠷᠭᠡ ᠣᠨᠴᠠᠯᠢᠭᠲᠤ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ᠂ | ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠤᠯᠠᠭᠠᠨᠬᠦᠦ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠤᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠶᠢ ᠶᠡᠬᠡᠪᠡᠷ ᠬᠥᠭᠵᠢᠭᠦᠯᠦᠨ ᠪᠤᠵᠠᠭᠠᠶᠢᠷᠠᠭᠤᠯᠤᠨ᠎ᠠ᠃ ︽ᠬᠤᠶᠠᠷ | ᠥᠴᠦᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠶᠢ ᠳᠡᠮᠵᠢᠬᠦ ᠥᠪᠡᠷᠲᠡᠭᠡᠨ ᠵᠠᠰᠠᠬᠤ ᠣᠷᠣᠨ ᠤ 26 ᠵᠤᠷᠪᠤᠰ ᠪᠠ ᠬᠥᠬᠡᠬᠤᠲᠠ ᠶᠢᠨ 50 | ᠵᠤᠷᠪᠤᠰ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢᠨ ᠬᠠᠷᠰᠢ ᠰᠠᠭᠠᠳ ᠢ ᠠᠷᠢᠯᠭᠠᠨ ᠬᠠᠮᠠᠭᠠᠯᠠᠬᠤ ᠪᠠᠷ ᠴᠢᠷᠮᠠᠶᠢᠨ᠎ᠠ᠃ ᠭᠠᠶᠢᠯᠢ ᠬᠦᠩᠭᠡᠯᠡᠵᠦ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠤᠯᠠᠮ ᠨᠢᠭᠡ ᠠᠯᠬᠤᠮ ᠢᠯᠭᠠᠷᠠᠭᠤᠯᠤᠨ | ᠵᠢᠷᠣᠮᠵᠢᠭᠤᠯᠵᠤ᠂ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ᠂ ᠬᠦᠴᠦᠨ | ᠵᠦᠢᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠣᠯᠭᠠᠭᠤᠯᠬᠤ ᠲᠣᠭᠲᠠᠴᠠ ᠶᠢ ᠨᠠᠶᠢᠳᠠᠪᠣᠷᠢᠵᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠨᠢ ᠥᠷᠭᠡᠳᠬᠡᠨ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠳᠤ ᠬᠦᠴᠢᠷᠲᠡᠶ᠂ ᠪᠡᠯᠡ | ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠨᠢ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠥᠬᠦᠴᠡᠯ ᠢ ᠠᠭᠤᠵᠢᠭᠤ ᠲᠠᠯᠪᠢᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ | ᠨᠡᠶᠢᠲᠡ ᠶᠢᠨ ᠰᠠᠭᠤᠷᠢ ᠪᠡᠯᠡᠳᠬᠡᠮᠵᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠤ ᠣᠷᠣᠬᠤ ᠶᠢ | ᠲᠡᠮᠵᠢᠨ᠎ᠠ᠃ ᠰᠢᠶᠠᠩ ᠪᠠᠯᠭᠠᠰᠤ ᠳᠤ ᠨᠢᠭᠡ ᠪᠦᠯᠦᠭ ᠵᠢᠵᠢᠭ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠲᠥᠯᠥᠪᠵᠢᠭᠦᠯᠦᠨ ᠪᠠᠶᠢᠷᠢᠯᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠴᠢᠮᠵᠢᠭᠦᠯᠦᠨ ᠬᠥᠭᠵᠢᠬᠦ ᠶᠢ | ᠪᠡᠶᠡᠯᠡᠭᠦᠯᠦᠨ᠎ᠡ᠃ ᠠᠵᠤ ᠠᠬᠤᠶᠢᠯᠠᠯᠲᠠᠨ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢᠨ ᠬᠦᠴᠦᠲᠡᠶ ᠲᠤᠯᠭᠠᠭᠤᠷᠢᠯᠠᠯ | ᠪᠣᠯᠭᠠᠬᠤ ᠶᠢ ᠪᠠᠷᠢᠮᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠲᠠᠢ ᠤᠶᠠᠯᠳᠤᠭᠤᠯᠤᠨ᠂ ᠬᠤᠷᠢᠨᠭᠡᠷ ᠰᠢᠨ᠎ᠡ ᠲᠣᠭᠤᠷᠢᠭ ᠤᠨ ᠬᠥᠭᠵᠢᠯᠲᠡ ᠶᠢᠨ ᠠᠵᠠ ᠲᠣᠬᠢᠶᠠᠯ ᠢ | ᠠᠳᠬᠤᠵᠤ᠂ ᠰᠠᠭᠤᠷᠢ ᠶᠢ ᠴᠢᠩᠭᠠᠳᠬᠠᠬᠤ᠂ ᠨᠥᠭᠡᠴᠡ ᠬᠦᠴᠦᠨ ᠢ ᠨᠡᠮᠡᠭᠳᠡᠭᠦᠯᠬᠦ ᠨᠢᠭᠡ ᠪᠦᠯᠦᠭ ᠲᠤᠮᠤ ᠲᠦᠷᠦᠯ | ᠵᠦᠢᠯ ᠰᠠᠶᠢᠨ ᠲᠦᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠯᠡᠨ ᠬᠡᠷᠡᠭᠵᠢᠭᠦᠯᠦᠨ᠎ᠡ᠃ ᠤᠯᠤᠰ ᠤᠨ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠰᠢᠵᠦ᠂ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠵᠢᠴᠢ ᠲᠥᠪ ᠤᠨ | ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠡᠶᠢᠭᠡᠮ ᠤᠨ | ᠬᠥᠷᠥᠩᠭᠡ ᠶᠢ ᠣᠯᠠᠨ ᠲᠠᠯ᠎ᠠ ᠪᠠᠷ ᠰᠢᠩᠭᠡᠭᠡᠨ ᠠᠪᠴᠤ᠂ 5G ᠰᠦᠯᠵᠢᠶ᠎ᠡ᠂ ᠳ᠋ᠠᠶᠢᠲ᠋ᠠ ᠶᠢᠨ ᠲᠥᠪ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠢᠳᠡᠪᠬᠢᠲᠡᠢ ᠪᠠᠶᠢᠷᠢᠯᠠᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ | ᠬᠤᠳᠠ ᠶᠢᠨ ᠶᠠᠪᠤᠳᠠᠯ᠂ ᠲᠠᠷᠢᠶᠠᠯᠠᠩ ᠤᠢ ᠰᠢᠭᠤᠶ ᠤᠰᠤᠨ ᠠᠰᠢᠭᠯᠠᠯᠲᠠ᠂ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠲᠦᠷᠥᠯ ᠵᠦᠢᠯ ᠢ ᠡᠬᠢᠯᠡᠨ ᠬᠡᠷᠡᠭᠵᠢᠭᠦᠯᠪᠡ᠃ | 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 24 ᠠᠴᠠ | ᠳᠡᠭᠡᠭᠰᠢ ᠬᠡᠷᠡᠭᠵᠢᠭᠦᠯᠵᠦ᠂ ᠬᠤᠷᠢᠨᠭᠡᠷ — ᠶᠠᠩ ᠴᠢᠶᠦ᠋ᠨ ᠭᠧᠦ — ᠬᠤᠭᠤᠯᠠᠢ ᠶᠢᠨ ᠭᠤᠤ ᠬᠤᠪᠢᠰᠬᠠᠯᠲᠤ | ᠵᠢᠭᠤᠯᠴᠢᠯᠠᠯ ᠤᠨ ᠵᠠᠰᠠᠮᠠᠯ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠪᠠᠲᠤᠯᠠᠭ᠎ᠠ ᠶᠢᠨ ᠰᠠᠭᠤᠷᠢᠨ | ᠭᠠᠵᠠᠷ ᠵᠡᠷᠭᠡ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠭᠦᠯᠬᠦ ᠶᠢ ᠦᠨᠡᠨᠬᠦ ᠪᠠᠲᠣᠯᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠥᠬᠦᠷᠡᠰᠢ | ᠦᠭᠡᠢ ᠬᠡᠷᠡᠭᠵᠢᠭᠦᠯᠵᠦ᠂ ᠠᠭᠤᠰᠣᠯᠴᠠᠨ ᠬᠦᠭᠵᠢᠭᠰᠡᠨ ᠰᠢᠨ᠎ᠡ ᠪᠠᠶᠢᠳᠠᠯ ᠢ ᠵᠢᠷᠣᠭᠯᠠᠨ᠎ᠠ | ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠠᠵᠤ | ᠦᠢᠯᠡᠰᠵᠢᠭᠦᠯᠦᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ | ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠲᠠᠷᠢᠶᠠᠯᠠᠩ ᠨᠢ ᠬᠦᠴᠦᠷᠬᠡᠭ᠂ ᠬᠥᠳᠡᠭᠡ | ᠲᠣᠰᠬᠤᠨ ᠨᠢ ᠭᠤᠶᠤ᠂ ᠲᠠᠷᠢᠶᠠᠴᠢᠳ ᠨᠢ ᠪᠠᠶᠠᠨ ᠪᠠᠶᠢᠬᠤ ᠶᠢ ᠪᠡᠶᠡᠯᠡᠭᠦᠯᠦᠨ᠎ᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ ᠤᠳᠤ ᠦᠶ᠎ᠡ ᠶᠢᠨ ᠲᠠᠷᠢᠶᠠᠯᠠᠩ ᠢ | ᠬᠥᠭᠵᠢᠭᠦᠯᠵᠦ᠂ ᠣᠶᠣᠨᠲᠣ ᠲᠠᠷᠢᠶᠠᠯᠠᠩ᠂ ᠨᠠᠷᠢᠯᠢᠭ ᠲᠠᠷᠢᠶᠠᠯᠠᠩ᠂ ᠥᠨᠳᠥᠷ ᠪᠦᠲᠦᠮᠵᠢᠲᠡᠶ ᠲᠠᠷᠢᠶᠠᠯᠠᠩ ᠢ ᠶᠡᠬᠡᠪᠡᠷ | ᠬᠥᠭᠵᠢᠭᠦᠯᠬᠦ ᠬᠡᠷᠡᠭᠲᠡᠶ᠃ ︽ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ︾ ᠢ ᠠᠬᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 4.4 ᠲᠦᠮᠡᠨ ᠮᠤ᠋ ᠪᠠᠶᠢᠭᠤᠯᠵᠤ᠂ ᠲᠠᠷᠢᠮᠠᠯ ᠤᠨ ᠲᠠᠷᠢᠭᠰᠠᠨ ᠲᠠᠯᠠᠪᠠᠢ ᠶᠢ 105 | ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠪᠡᠯᠡᠳᠭᠡᠮᠵᠢᠳᠤ ᠢᠳᠡᠰᠢᠨ ᠨᠣᠭᠤᠭ᠎ᠠ ᠵᠢᠴᠢ ᠵᠠᠳᠠᠭᠠᠶ ᠢᠳᠡᠰᠢᠨ ᠨᠣᠭᠤᠭ᠎ᠠ ᠲᠠᠷᠢᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ | ᠬᠥᠳᠡᠭᠡ ᠠᠵᠤ ᠠᠬᠤᠢ ᠶᠢᠨ ᠮᠠᠰᠢᠨ ᠮᠧᠬᠠᠨᠢᠭ ᠣᠷᠣᠭᠤᠯᠵᠤ ᠳᠡᠯᠭᠡᠷᠡᠭᠦᠯᠬᠦ ᠪᠠ ᠲᠣᠨᠤᠭ ᠲᠥᠬᠦᠭᠡᠷᠦᠮᠵᠢ ᠶᠢ ᠳᠡᠰ | ᠳᠡᠪᠰᠢᠭᠦᠯᠬᠦ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠮᠠᠰᠢᠨᠴᠢᠯᠠᠯᠲᠠ ᠶᠢᠨ ᠠᠬᠢᠴᠠ ᠶᠢ ᠲᠦᠷᠭᠡᠳᠬᠡᠨ᠎ᠡ᠃ ︽ | ᠮᠠᠯ ᠠᠵᠤ ᠠᠬᠤᠶ ᠶᠢᠨ ᠲᠤᠮᠤ ᠰᠢᠶᠠᠨ︾ ᠢ ︽ᠮᠠᠯ ᠠᠵᠤ ᠠᠬᠤᠶ ᠶᠢᠨ ᠬᠦᠴᠦᠷᠬᠡᠭ ᠰᠢᠶᠠᠨ︾ ᠪᠣᠯᠭᠠᠨ | ᠬᠤᠪᠢᠷᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠱᠧᠩ ᠵᠢᠶᠠᠨ ᠮᠧᠶ ᠶᠠᠩ ᠵᠡᠷᠭᠡ ᠠᠵᠤ | ᠠᠬᠤᠶᠢᠯᠠᠯ ᠳᠤ ᠲᠦᠰᠢᠭᠯᠡᠨ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ | ᠪᠤᠶᠢᠵᠢᠭᠤᠯᠵᠤ᠂ 3 ᠲᠦᠮᠡᠨ ᠰᠠᠭᠠᠯᠢ ᠶᠢᠨ ᠢᠮᠠᠭ᠎ᠠ ᠰᠢᠨ᠎ᠡ ᠪᠠᠷ ᠨᠡᠮᠡᠭᠳᠡᠭᠦᠯᠦᠨ᠎ᠡ᠃ ᠵᠧᠩ ᠳ᠋ᠡ ᠵᠡᠷᠭᠡ | ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠮᠡᠵᠦ ᠲᠡᠵᠢᠭᠡᠬᠦ | ᠪᠠ ᠬᠢᠵᠢᠭ ᠢ ᠡᠵᠡᠮᠳᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠠᠭ᠋ᠠᠶ ᠶᠢᠨ ᠦᠢᠯᠡᠳᠪᠦᠷᠢᠯᠡᠯ ᠢ | ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠤ᠂ ᠵᠠᠭᠤᠨ ᠲᠦᠮᠡᠨ | ᠲᠣᠯᠣᠭᠠᠢ ᠭᠠᠭ᠋ᠠᠶ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠲᠦᠯᠬᠢᠨ ᠠᠬᠢᠭᠤᠯᠵᠤ᠂ 10 ᠲᠦᠮᠡᠨ ᠲᠣᠯᠣᠭᠠᠶ ᠠᠴᠠ ᠳᠡᠭᠡᠭᠰᠢᠬᠢ ᠬᠡᠪᠴᠢᠶᠡᠵᠢᠭᠰᠡᠨ ᠭᠠᠭ᠋ᠠᠶ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ 1 ᠰᠢᠨ᠎ᠡ ᠪᠠᠷ ᠪᠠᠶᠢᠭᠤᠯᠬᠤ ᠪᠠᠷ ᠴᠢᠷᠮᠠᠶᠢᠨ᠎ᠠ᠃ ᠨᠡᠷᠡᠲᠦ ᠲᠥᠷᠥᠯ ᠲᠡᠮᠳᠡᠭᠲᠦ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠶ ᠪᠠᠷ ᠡᠭᠦᠳᠦᠨ | ᠪᠠᠶᠢᠭᠤᠯᠤᠨ᠎ᠠ᠃ | ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠡᠰ ᠳᠡᠪᠰᠢᠬᠦ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠨᠦᠬᠦᠴᠡᠯ ᠢ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠡᠪᠡᠷ | ᠠᠷᠢᠭᠤᠨ ᠢᠶᠠᠷ ᠴᠢᠨᠡᠭᠡᠯᠢᠭ ᠨᠡᠶᠢᠭᠡᠮ ᠢ ᠤᠭᠲᠤᠬᠤ︾ ᠪᠠᠷ ᠭᠤᠤᠯ ᠰᠡᠳᠦᠪ ᠪᠣᠯᠭᠠᠨ᠂ ᠲᠣᠰᠬᠤᠨ ᠢ ᠴᠡᠪᠡᠷᠰᠢᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨ | ᠪᠣᠯᠭᠠᠨ ᠲᠡᠭᠦᠯᠳᠡᠷᠵᠢᠭᠦᠯᠵᠦ᠂ ᠣᠷᠣᠰᠢᠨ ᠰᠠᠭᠤᠬᠤ ᠣᠷᠴᠢᠨ ᠨᠥᠬᠦᠴᠡᠯ ᠤᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠪᠣᠳᠠᠲᠤ ᠪᠠᠶᠢᠳᠠᠯ ᠢ ᠦᠨᠳᠦᠰᠦᠯᠡᠨ᠂ ᠴᠢᠳᠠᠯ ᠤᠨ ᠢᠶᠠᠨ ᠬᠢᠷᠢ ᠪᠠᠷ ᠬᠢᠵᠦ᠂ ᠬᠥᠳᠡᠭᠡ | ᠲᠣᠰᠬᠤᠨ ᠤ ︽ᠵᠣᠷᠯᠣᠩ ᠤᠨ ᠬᠤᠪᠢᠰᠬᠠᠯ︾ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠣᠨ | ᠠᠬᠢᠭᠤᠯᠵᠤ᠂ ᠠᠮᠢᠳᠤᠷᠠᠯ ᠤᠨ ᠬᠤᠭ ᠨᠣᠪᠰᠢ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠦᠳᠦᠭ ᠤᠨ | ᠪᠣᠬᠢᠷᠳᠣᠯ ᠵᠡᠷᠭᠡ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠪᠠ ᠲᠤᠬᠠᠶ ᠶᠢᠨ ᠭᠠᠵᠠᠷ ᠤᠨ ᠠᠮᠢ ᠠᠬᠤᠶ ᠶᠢ | ᠰᠢᠢᠳᠪᠦᠷᠢᠯᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠣᠬᠢᠷᠠᠮᠵᠢᠲᠠᠶ ᠲᠣᠰᠬᠤᠨ ᠪᠠ ᠬᠠᠮᠤᠭ ᠤᠨ ᠭᠤᠶᠤ ᠬᠦᠷᠢᠶ᠎ᠡ ᠬᠠᠰᠢᠶ ᠠ ᠶᠢ ᠡᠭᠦᠳᠦᠨ ᠪᠠᠶᠢᠭᠤᠯᠬᠤ | ᠵᠡᠷᠭᠡ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠵᠤ᠂ ᠨᠤᠲᠤᠭ ᠤᠨ ᠠᠭᠤᠷ ᠠᠮᠢᠰᠬᠤᠯ ᠲᠠᠢ | ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠦᠲᠦᠭᠡᠨ ᠪᠠᠶᠢᠭᠤᠯᠵᠤ᠂ ︽ | ᠬᠤᠲᠠ ᠶᠢᠨ ᠬᠥᠮᠦᠰ ᠢ ᠬᠦᠰᠡᠨ ᠮᠥᠷᠥᠭᠡᠳᠦᠭᠦᠯᠬᠦ︾ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠴᠣᠭᠴᠠᠯᠠᠨ ᠪᠠᠶᠢᠭᠤᠯᠤᠨ᠎ᠠ᠃ | ᠬᠥᠳᠡᠭᠡ ᠲᠣᠰᠬᠤᠨ ᠤ ᠥᠭᠡᠷᠡᠴᠢᠯᠡᠯᠲᠡ ᠶᠢ ᠲᠦᠷᠭᠡᠪᠴᠢᠯᠡᠨ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠤᠨ᠎ᠠ | ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠡᠬᠢ ᠪᠠᠶᠠᠯᠢᠭ ᠢ ᠡᠳ᠋ | ᠬᠦᠷᠦᠩᠭᠡ ᠪᠣᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠬᠤ᠂ ᠲᠠᠷᠢᠶᠠᠴᠢᠳ ᠢ ᠬᠤᠪᠢ | ᠣᠷᠣᠭᠤᠯᠣᠭᠴᠢ ᠪᠣᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ | ᠬᠤᠳᠠᠯᠳᠤᠭ᠎ᠠ ᠶᠢᠨ ᠬᠥᠷᠥᠩᠭᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ | ᠵᠣᠷᠢᠭᠵᠢᠭᠤᠯᠬᠤ ᠪᠠ ᠵᠢᠷᠤᠮᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ | ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠦᠷᠢᠨ | ᠪᠣᠯᠭᠠᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ | ᠰᠣᠩᠭᠤᠨ ᠤᠷᠢᠵᠤ ᠬᠥᠳᠡᠭᠡ ᠲᠣᠰᠬᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ | ᠴᠣᠭᠴᠠᠯᠠᠬᠤ ᠪᠠ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠢ ᠥᠷᠨᠢᠭᠦᠯᠦᠨ᠎ᠡ᠃ ᠰᠢᠨ᠎ᠡ ᠬᠡᠯᠪᠡᠷᠢ ᠶᠢᠨ | ᠠᠵᠢᠯ ᠮᠡᠷᠭᠡᠵᠢᠯ ᠤᠨ ᠲᠠᠷᠢᠶᠠᠴᠢᠨ ᠢ ᠪᠤᠶᠢᠵᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠵᠤ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠤᠯᠤᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢ | ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠬᠠᠮᠲᠤ ᠶᠢᠨ ᠡᠳ᠋ ᠬᠥᠷᠥᠩᠭᠡ | ᠪᠠ ᠣᠷᠣᠯᠭ᠎ᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ | ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤᠷ | ᠠᠮᠤᠭᠤᠯᠠᠩ ᠬᠥᠳᠡᠭᠡ ᠲᠣᠰᠬᠤᠨ ᠢ ᠪᠦᠲᠦᠭᠡᠨ ᠪᠠᠶᠢᠭᠤᠯᠣᠨ᠎ᠠ᠃ | ︵ᠲᠦᠷᠪᠡ︶ ᠣᠷᠣᠨ ᠪᠦᠰᠡ ᠶᠢᠨ ᠪᠠᠶᠢᠷᠢᠰᠢᠯ ᠤᠨ ᠲᠥᠯᠥᠪᠵᠢᠭᠦᠯᠭᠡ ᠶᠢ ᠰᠢᠨᠲᠠᠷᠠᠰᠢ ᠦᠭᠡᠢ ᠰᠠᠶᠢᠲᠤᠷ | ᠠᠳᠬᠤᠵᠤ᠂ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ | ᠣᠷᠣᠨ ᠪᠦᠰᠡ ᠶᠢᠨ ᠬᠥᠭᠵᠢᠯᠲᠡ ᠶᠢᠨ ᠰᠡᠳᠬᠢᠴᠡ ᠪᠠᠨ ᠲᠡᠭᠦᠯᠳᠡᠷᠵᠢᠭᠦᠯᠵᠦ᠂ ᠲᠥᠪᠯᠡᠷᠡᠭᠦᠯᠦᠨ | ᠴᠤᠭᠯᠠᠷᠠᠭᠤᠯᠵᠤ ᠡᠷᠴᠢᠮᠵᠢᠭᠦᠯᠦᠨ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠭᠰᠡᠨ ᠵᠦᠷᠢᠶᠡᠵᠢᠭᠰᠡᠨ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠲᠤᠭ᠎ᠠ ᠪᠦᠭᠡᠭᠡᠨᠡᠷᠡᠯ ᠤᠨ | ᠵᠢᠵᠢᠭ ᠪᠠᠯᠭᠠᠰᠤ ᠵᠡᠷᠭᠡ ᠠᠵᠤ ᠦᠢᠯᠡᠰ ᠬᠤᠲᠠ ᠠᠭᠤᠰᠤᠯᠴᠠᠭᠰᠠᠨ ᠣᠨᠴᠠᠯᠢᠭᠲᠤ ᠵᠢᠵᠢᠭ ᠪᠠᠯᠭᠠᠰᠤ ᠶᠢ ᠴᠢᠨᠠᠷ | ᠰᠠᠶᠢᠲᠠᠶ ᠪᠠᠶᠢᠭᠤᠯᠣᠨ᠎ᠠ᠃ ᠬᠤᠳᠠᠯᠳᠤᠭᠠᠴᠢᠨ ᠤᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ | ᠤᠯᠤᠰ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠪᠣᠯᠤᠨ ᠾᠧᠩ ᠳ᠋ᠡ ᠠᠮᠲᠠᠲᠤ ᠢᠳᠡᠭᠡᠨ ᠤ ᠵᠢᠵᠢᠭ ᠪᠠᠯᠭᠠᠰᠤ | ᠂ ᠵᠢᠭᠤᠯᠴᠢᠯᠠᠯ ᠤᠨ ᠵᠢᠵᠢᠭ ᠪᠠᠯᠭᠠᠰᠤ᠂ ᠬᠠᠯᠠᠭᠤᠨ ᠷᠠᠰᠢᠶᠠᠨ ᠤ ᠵᠢᠵᠢᠭ ᠪᠠᠯᠭᠠᠰᠤ᠂ ᠬᠡᠤᠬᠡᠳ ᠤᠨ ᠳᠡᠯᠡᠬᠡᠶ ᠵᠡᠷᠭᠡ | ᠲᠥᠷᠥᠯ ᠵᠦᠢᠯ ᠢ ᠨᠠᠶᠢᠳᠠᠪᠣᠷᠢᠵᠢᠭᠤᠯᠬᠤ ᠶᠢ ᠢᠳᠡᠪᠬᠢᠲᠡᠶ ᠠᠬᠢᠭᠤᠯᠤᠨ᠎ᠠ᠃ ᠰᠢᠨ᠎ᠡ ᠲᠣᠭᠤᠷᠢᠭ ᠤᠨ ᠭᠤᠣᠯ | ᠣᠷᠣᠨ ᠤ ᠰᠠᠭᠤᠷᠢ ᠪᠡᠯᠡᠳᠬᠡᠮᠵᠢ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠦᠪᠯᠡᠷᠡᠯ ᠤᠨ ᠣᠷᠣᠨ ᠤ ᠳᠣᠲᠣᠷᠠᠬᠢ ᠤᠰᠤᠨ ᠤ | ᠦᠢᠯᠡᠳᠪᠦᠷᠢ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠵᠢᠯ ᠤᠨ ᠡᠴᠦᠰ ᠠᠴᠠ ᠡᠮᠦᠨ᠎ᠡ | ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠬᠤᠷᠢᠨᠭᠡᠷ ᠶᠢᠨ ᠰᠦ ᠰᠠᠭᠠᠯᠢ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ | ᠠᠵᠢᠯ ᠢ ᠰᠠᠶᠢᠲᠤᠷ ᠬᠢᠵᠦ᠂ ᠵᠠᠭᠤᠨ ᠳ᠋ᠦᠩᠰᠢᠭᠤᠷ ᠤᠨ ᠲᠡᠰ ᠤᠨ ᠠᠵᠤ ᠠᠬᠤᠶᠢᠯᠠᠯ᠂ ᠮᠢᠩᠭᠠᠨ ᠳ᠋ᠦᠩᠰᠢᠭᠤᠷ ᠤᠨ | ᠲᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠰᠦ ᠰᠠᠭᠠᠯᠢ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ | ᠡᠷᠴᠢᠮᠵᠢᠭᠦᠯᠦᠨ ᠲᠥᠪᠯᠡᠷᠡᠭᠦᠯᠦᠭᠰᠡᠨ᠂ ᠭᠠᠷᠣᠯᠲᠠ ᠨᠢ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠬᠥᠭᠵᠢᠭᠰᠡᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠨ ᠪᠠᠶᠢᠭᠤᠯᠤᠨ᠎ᠠ᠃ ᠨᠡᠭᠡᠭᠡᠯᠲᠡ ᠶᠢᠨ ᠲᠣᠭᠤᠷᠢᠭ ᠤᠨ | ᠲᠦᠯᠦᠪᠵᠢᠭᠦᠯᠭᠡ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠬᠢᠷᠠᠭᠤᠯᠤᠨ ᠲᠡᠭᠦᠯᠳᠡᠷᠵᠢᠭᠦᠯᠵᠦ᠂ ᠳᠣᠤᠷ᠎ᠠ | ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠡᠷᠡᠰ ᠲᠡᠪᠴᠢᠬᠦ ᠬᠡᠷᠡᠭᠲᠡᠶ᠃ ᠠᠵᠤ ᠦᠢᠯᠡᠰ ᠤᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠨ᠂ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ | ᠰᠢᠯᠵᠢᠯᠲᠡ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠪᠣᠯᠤᠨ ᠶᠠᠭ ᠥᠷᠭᠡᠳᠬᠡᠵᠦ ᠪᠠᠶᠢᠭ᠎ᠠ ᠠᠵᠤ ᠠᠬᠤᠶᠢᠯᠠᠯ ᠢ | ᠴᠢᠩᠭ᠎ᠠ ᠠᠩᠬᠠᠷᠴᠤ᠂ ᠨᠢᠭᠡ ᠪᠦᠯᠦᠭ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ | ᠪᠣᠯᠤᠨ ᠲᠥᠯᠥᠪᠵᠢᠭᠦᠯᠭᠡ ᠳᠤ ᠨᠡᠶᠢᠴᠡᠭᠰᠡᠨ ᠠᠵᠤ ᠠᠬᠤᠶᠢᠯᠠᠯ ᠢ ᠴᠢᠷᠮᠠᠶᠢᠨ ᠣᠷᠣᠭᠤᠯᠬᠤ ᠬᠡᠷᠡᠭᠲᠡᠶ᠃ | ᠨᠡᠭᠡᠭᠡᠯᠲᠡ ᠶᠢᠨ ᠲᠣᠭᠤᠷᠢᠭ ᠤᠨ ᠵᠠᠮ᠂ ᠬᠤᠭᠤᠯᠠᠶ ᠶᠢᠨ ᠲᠣᠣᠷ᠂ ᠴᠠᠬᠢᠯᠭᠠᠨ ᠬᠦᠴᠦᠨ ᠵᠡᠷᠭᠡ ᠰᠠᠭᠤᠷᠢ | ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭ ᠪᠣᠯᠭᠠᠬᠤ ᠶᠢ | ᠲᠦᠷᠭᠡᠳᠬᠡᠵᠦ᠂ ᠪᠣᠬᠢᠷᠲᠤᠯ ᠦᠭᠡᠢ ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠬᠠᠮᠢᠶᠠᠷᠤᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠣᠯ ᠵᠢᠷᠭᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠮ ᠵᠢᠴᠢ ᠢᠵᠢ | ᠪᠦᠷᠢᠳᠦᠭᠦᠯᠬᠦ ᠬᠤᠭᠤᠯᠠᠶ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠤᠭᠤᠯᠠᠶ ᠶᠢᠨ ᠲᠣᠤᠷ᠂ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ᠂ ᠲᠡᠤᠬᠡ | ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠰᠣᠳᠣᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠶ᠃ ᠭᠡᠷ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ | ᠥᠭᠡᠷᠡᠴᠢᠯᠡᠨ ᠰᠠᠶᠢᠵᠢᠷᠠᠭᠤᠯᠵᠤ᠂ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠡ᠃ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠᠷ ᠭᠠᠷᠳᠠᠴᠠ ᠪᠣᠯᠭᠠᠵᠤ᠂ ︽ | ᠬᠠᠳᠬᠤᠮᠠᠯ ᠬᠠᠳᠬᠤᠬᠤ︾ ᠬᠦᠴᠦ ᠣᠷᠣᠭᠤᠯᠵᠤ ᠪᠠᠶᠢᠭᠠᠳ ᠬᠤᠲᠠ ᠪᠠᠯᠭᠠᠰᠤᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠬᠢᠨ᠎ᠡ᠃ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ | ᠲᠣᠭᠤᠷᠢᠨ ᠢ ᠵᠠᠰᠠᠬᠤ ᠡᠷᠴᠢᠮ ᠢ ᠴᠢᠩᠭᠠᠷᠠᠭᠤᠯᠵᠤ᠂ ᠬᠠᠤᠯᠢ ᠶᠢ ᠵᠦᠷᠢᠴᠡᠨ ᠪᠦᠳᠦᠭᠡᠨ ᠪᠠᠶᠢᠭᠤᠯᠬᠤ ᠠᠵᠢᠯᠯᠠᠭ᠎ᠠ ᠶᠢ | ᠡᠷᠡᠰ ᠬᠤᠷᠢᠭᠯᠠᠨ᠂ ︽ᠵᠢᠷᠭᠤᠭᠠᠨ ᠵᠢᠵᠢᠭ ᠠᠵᠢᠯ ᠲᠦᠷᠦᠯ︾ ᠢ ᠵᠢᠷᠤᠮᠵᠢᠭᠤᠯᠤᠨ ᠴᠡᠭᠴᠡᠯᠡᠨ ᠵᠠᠰᠠᠨ᠎ᠠ᠃ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠴᠢᠩᠭᠠᠳᠬᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠰᠤ ᠴᠠᠬᠢᠯᠭᠠᠨ ᠬᠡᠢ ᠳᠤᠯᠠᠭᠠᠨ | ᠠᠳᠠᠯ ᠠᠬᠤᠢ ᠶᠢᠨ ᠦᠢᠯᠡᠴᠢᠯᠡᠭᠡ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠣᠶᠣᠨᠲᠣ ᠬᠤᠷᠢᠨᠭᠡᠷ︾ | ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠨ ᠤ ᠬᠠᠮᠢᠶᠠᠷᠤᠯᠲᠠ ᠳᠤ ︽ | ᠣᠶᠣᠨᠲᠣ ᠶᠡᠭᠡ ᠲᠠᠷᠢᠬᠢ︾ ᠤᠭᠰᠠᠷᠠᠵᠤ᠂ ᠬᠤᠲᠠ ᠪᠠᠯᠭᠠᠰᠤᠨ ᠤ ᠬᠠᠮᠢᠶᠠᠷᠣᠯᠲᠠ ᠶᠢᠨ ᠤᠶᠤᠨᠴᠢᠯᠠᠭᠰᠠᠨ᠂ | ᠲᠣᠭᠠᠴᠢᠯᠠᠭᠰᠠᠨ᠂ ᠨᠠᠷᠢᠯᠢᠭᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠲᠠᠪᠤ︶ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠦᠭᠡᠢ ᠪᠠᠷᠢᠮᠲᠠᠯᠠᠵᠤ᠂ ᠪᠣᠬᠢᠷᠲᠤᠯ ᠦᠭᠡᠢ | ᠬᠦᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ | ︽ᠪᠠᠶ ᠡᠯ ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠬᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ | ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠨᠠᠩ ᠢᠯᠡ | ᠲᠣᠳᠣ ᠪᠣᠯᠭᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠨᠣᠭᠤᠭᠠᠨ ᠥᠩᠭᠡ ᠪᠠᠷ ᠰᠠᠭᠤᠷᠢ | ᠪᠣᠯᠭᠠᠭᠰᠠᠨ ︽ᠦᠵᠡᠰᠬᠦᠯᠡᠩᠲᠦ ᠰᠠᠶᠢᠬᠠᠨ ᠬᠤᠷᠢᠨᠭᠡᠷ︾ ᠢ ᠪᠦᠳᠦᠭᠡᠨ ᠪᠠᠶᠢᠭᠤᠯᠤᠨ᠎ᠠ᠃ | ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠮᠧᠩ ᠼᠤᠤ᠂ ᠮᠧᠩ ᠱᠣ᠋ ᠵᠡᠷᠭᠡ ᠠᠮᠢ | ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠣᠨᠴᠠᠯᠢᠭᠲᠤ ᠪᠣᠬᠢᠷᠳᠣᠯ ᠦᠭᠡᠢ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠣᠬᠢᠷᠲᠤᠯ ᠥᠬᠡᠶ ᠪᠠᠷ ᠲᠠᠷᠢᠶᠠᠯᠠᠩ ᠮᠠᠯ ᠠᠵᠤ ᠠᠬᠤᠶ ᠶᠢ | ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠦᠨ᠎ᠡ᠃ | ᠣᠳᠣ ᠦᠶ᠎ᠡ ᠶᠢᠨ ᠡᠪᠡᠰᠦᠨ ᠦᠷ᠎ᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠮᠧᠩ ᠼᠣᠣ ᠶᠢᠨ ᠤᠯᠤᠰ ᠤᠨ | ᠲᠡᠰ ᠤᠨ ᠦᠷ᠎ᠡ ᠶᠢᠨ ᠦᠢᠯᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠠᠮᠵᠢᠵᠤ᠂ | ᠭᠤᠷᠪᠠᠨ ᠵᠢᠯ ᠤᠨ ᠳᠣᠲᠣᠷ᠎ᠠ ︽ᠡᠪᠡᠰᠦᠨ ᠤ ᠦᠷ᠎ᠡ ᠶᠢᠨ ᠦᠢᠯᠡᠰ ᠤᠨ ᠴᠠᠬᠢᠭᠤᠷ ᠬᠥᠨᠳᠡᠢ︾ ᠶᠢ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠢᠳᠡᠪᠬᠢᠲᠡᠶ ᠠᠬᠢᠭᠤᠯᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠠᠮᠢ | ᠠᠬᠤᠢ ᠶᠢᠨ ᠡᠳ᠋ ᠪᠠᠶᠠᠯᠢᠭ ᠢ ᠭᠦᠢᠴᠡᠳ ᠠᠭᠤᠳᠠᠯᠵᠤ᠂ ᠤᠢ ᠶᠢᠨ ᠬᠤᠷᠮᠣᠶ ᠶᠢᠨ ᠠᠵᠤ ᠠᠬᠤᠶ᠂ ᠠᠮᠢ ᠠᠬᠤᠢ ᠶᠢᠨ | ᠵᠢᠭᠤᠯᠴᠢᠯᠠᠯ ᠵᠡᠷᠭᠡ ᠣᠷᠴᠢᠨ ᠲᠣᠭᠤᠷᠢᠨ ᠨᠥᠬᠦᠷᠰᠡᠭ ᠬᠡᠯᠪᠡᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ | ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠡᠭᠡ ᠬᠤᠷᠣᠭᠳᠠᠭᠤᠯᠬᠤ ᠲᠦᠷᠥᠯ ᠵᠦᠢᠯ ᠤᠨ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ | ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠲᠦᠷᠥᠯ ᠵᠦᠢᠯ ᠤᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠬᠤ ᠵᠥᠪᠰᠢᠶᠡᠷᠡᠯ ᠤᠨ ᠬᠢᠵᠠᠭᠠᠷ ᠱᠤᠭᠤᠮ ᠢ | ᠴᠢᠩᠭ᠎ᠠ ᠰᠠᠬᠢᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠪᠣᠯᠤᠨ ᠭᠤᠷᠪᠠᠳᠤᠭᠠᠷ | ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ | ᠰᠢᠨ᠎ᠡ ᠨᠢᠭᠡᠨ ᠡᠭᠡᠯᠵᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠪᠣᠬᠢᠷᠲᠤᠯ ᠦᠭᠡᠢ ᠠᠭᠤᠷᠬᠠᠢ ᠶᠢᠨ ᠬᠥᠭᠵᠢᠯᠲᠡ ᠶᠢ ᠪᠦᠬᠦ | ᠬᠦᠴᠦᠨ ᠢᠶᠠᠷ ᠠᠬᠢᠭᠤᠯᠵᠤ᠂ ᠰᠢᠶᠠᠨ ᠠᠵᠤ ᠠᠬᠤᠶᠢᠯᠠᠯ ᠤᠨ ᠬᠠᠮᠲᠤᠪᠠᠷ ᠪᠠᠶᠢᠭᠤᠯᠵᠤ ᠬᠠᠮᠲᠤᠪᠠᠷ ᠠᠰᠢᠭ ᠬᠦᠷᠲᠡᠬᠦ | ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠪᠦᠬᠦ ᠰᠢᠶᠠᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ | ᠦᠭᠡᠢ ᠠᠭᠤᠷᠬᠠᠢ ᠶᠢᠨ ᠬᠤᠭᠤᠴᠠᠭ᠎ᠠ ᠬᠤᠪᠢᠶᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢ | ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠬᠤ᠂ ᠲᠣᠭᠲᠠᠭᠠᠯ ᠠᠴᠠ ᠵᠥᠷᠢᠴᠡᠨ ᠤᠰᠤ | ᠠᠪᠬᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠎ᠡ᠃ ᠣᠢ ᠰᠢᠭᠤᠢ ᠨᠤᠲᠤᠭ | ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠣᠶ ᠶᠢ | ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ | ᠲᠠᠷᠢᠬᠤ ᠶᠢ ᠰᠠᠨᠠᠭᠠᠴᠢᠯᠠᠵᠤ᠂ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ᠂ ᠠᠶᠢᠯ ᠲᠣᠰᠬᠤᠨ ᠤ | ᠨᠣᠭᠤᠭᠠᠷᠠᠭᠤᠯᠤᠯᠲᠠ ᠵᠡᠷᠭᠡ ᠭᠤᠣᠯᠳᠠᠯᠭ᠎ᠠ ᠲᠠᠢ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠤᠯᠤᠰ ᠤᠨ ᠲᠡᠰ ᠤᠨ 2 ᠣᠢ ᠰᠢᠭᠤᠶ ᠶᠢᠨ ᠠᠶᠢᠯ ᠲᠣᠰᠬᠤᠨ ᠢ ᠪᠠᠶᠢᠭᠤᠯᠬᠤ ᠪᠠᠷ ᠴᠢᠷᠮᠠᠶᠢᠵᠤ᠂ 5 ᠬᠥᠳᠡᠭᠡ | ᠲᠣᠰᠬᠤᠨ ᠤ ᠨᠣᠭᠤᠭᠠᠷᠠᠭᠤᠯᠤᠯᠲᠠ ᠶᠢᠨ ᠰᠣᠳᠣᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠣᠢ ᠰᠢᠭᠤᠶ ᠶᠢᠨ ᠬᠤᠰᠢᠭᠤ ᠰᠢᠶᠠᠨ ᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ᠪᠡᠯᠡ ᠣᠷᠣᠭᠤᠯᠤᠯᠲᠠ ᠶᠢᠨ ᠬᠦᠭᠵᠢᠯᠲᠡ ᠶᠢᠨ ᠰᠢᠨ᠎ᠡ ᠣᠷᠴᠢᠨ ᠨᠥᠬᠦᠴᠡᠯ ᠢ ᠪᠤᠢ ᠪᠣᠯᠭᠠᠨ᠎ᠠ | ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ᠂ ᠨᠡᠭᠡᠭᠡᠯᠲᠡ ᠠᠴᠠ ᠳᠠᠯᠳᠠ ᠬᠦᠴᠦᠨ ᠠᠪᠬᠤ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ | ᠂ ᠪᠦᠬᠦ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠭᠠᠶᠢᠯᠢ | ᠲᠠᠲᠠᠪᠤᠷᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ | ᠬᠡᠪᠴᠢᠶᠡᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢ ᠲᠠᠷᠢᠶᠠᠯᠠᠩ ᠤᠨ ᠬᠤᠳᠠᠯᠳᠤᠭᠠᠨ ᠤ ᠪᠠᠩᠬᠢ | ᠪᠣᠯᠭᠠᠨ ᠳᠦᠷᠢᠮ ᠢᠶᠠᠨ ᠥᠭᠡᠷᠡᠴᠢᠯᠡᠬᠦ ᠠᠵᠢᠯ ᠤᠨ ᠠᠬᠢᠴᠠ ᠶᠢ ᠲᠦᠷᠭᠡᠳᠬᠡᠨ᠎ᠡ᠃ ᠤᠯᠤᠰ ᠤᠨ ᠥᠮᠴᠢᠯᠡᠯ ᠤᠨ ᠡᠳ᠋ | ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ | ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ ᠡᠵᠡᠩᠨᠡᠯᠲᠡ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠨ ᠡᠷᠬᠡ ᠶᠢ ᠨᠤᠲᠠᠯᠠᠨ ᠳᠠᠩᠰᠠᠯᠠᠬᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠵᠤ᠂ | ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠦᠨᠳᠦᠰᠦᠨ ᠳᠤᠨᠢ ᠪᠠᠶᠢᠭᠤᠯᠤᠨ᠎ᠠ᠃ | ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠣᠨ᠎ᠠ᠃ ᠣᠷᠣᠰᠢᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠦᠨ᠎ᠡ᠃ ᠠᠵᠢᠯ | ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ | ᠶᠡᠭᠡ ᠬᠦᠴᠦ ᠣᠷᠣᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠵᠦ᠂ ᠬᠥᠭᠵᠢᠯᠲᠡ ᠶᠢᠨ ᠵᠥᠭᠡᠯᠡᠨ᠂ ᠬᠠᠲᠠᠭᠤ ᠣᠷᠴᠢᠨ ᠨᠦᠬᠦᠴᠡᠯ ᠢ ᠵᠣᠷᠢᠭ | ᠰᠢᠭᠤᠳᠤᠨ ᠰᠠᠶᠢᠲᠤᠷ ᠪᠠᠶᠢᠭᠤᠯᠵᠤ᠂ ᠵᠠᠰᠠᠭ ᠤᠨ ᠶᠠᠪᠤᠳᠠᠯ᠂ ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠬᠠᠤᠯᠢ ᠪᠠᠷ | ᠵᠠᠰᠠᠬᠤ ᠣᠷᠴᠢᠨ ᠨᠦᠬᠦᠴᠡᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ | ᠬᠤᠷᠢᠨᠭᠡᠷ ᠤᠨ ᠲᠠᠲᠠᠬᠤ ᠬᠦᠴᠦᠨ᠂ ᠲᠥᠪᠯᠡᠷᠡᠭᠦᠯᠬᠦ ᠬᠦᠴᠦᠨ᠂ ᠢᠲᠡᠭᠡᠭᠦᠯᠬᠦ ᠬᠦᠴᠦᠨ ᠢ ᠨᠡᠮᠡᠭᠳᠡᠭᠦᠯᠦᠨ᠎ᠡ᠃ | ᠬᠠᠷᠢᠴᠠᠩᠭᠤᠶ ᠪᠠᠷ ᠲᠥᠪᠯᠡᠷᠡᠭᠦᠯᠦᠨ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠵᠤ᠂ ᠬᠢᠨᠠᠨ | ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | ᠪᠠᠭᠠᠰᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠴᠣᠩᠬᠤᠪᠴᠢ᠂ ᠨᠢᠭᠡ ᠤᠳᠠᠭ᠎ᠠ︾ ᠶᠢᠨ | ᠭᠦᠢᠴᠡᠳᠬᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠳᠠᠲᠤ ᠴᠣᠭᠴᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠶᠢ ᠡᠭᠦᠳᠦᠨ ᠲᠡᠭᠦᠯᠳᠡᠷᠵᠢᠭᠦᠯᠦᠨ᠎ᠡ᠃ ᠬᠡᠪ ᠰᠤᠷᠲᠠᠯ ᠢ ᠴᠡᠭᠴᠡᠯᠡᠨ | ᠭᠡᠮ ᠰᠣᠭᠤᠭ ᠢ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠳᠠᠷᠦ᠋ᠢᠬᠠᠨ ᠭᠦᠢᠴᠡᠳᠬᠡᠵᠦ᠂ ᠳᠣᠣᠷ᠎ᠠ ᠨᠢ | ᠬᠢᠬᠦ︾ ᠶᠢ ᠶᠡᠬᠡᠪᠡᠷ ᠰᠠᠨᠠᠭᠠᠴᠢᠯᠠᠵᠤ᠂ ᠠᠵᠢᠯ ᠬᠢᠬᠦ ᠦᠭᠡᠢ᠂ ᠠᠵᠢᠯᠯᠠᠬᠤ ᠨᠢ ᠤᠳᠠᠭᠠᠨ᠂ ᠬᠢᠬᠠᠨ ᠠᠪᠬᠤ᠂ | ᠬᠠᠷᠢᠯᠴᠠᠨ ᠲᠦᠯᠬᠢᠯᠴᠡᠬᠦ ᠵᠡᠷᠭᠡ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠬᠤᠬᠢᠷᠠᠭᠤᠯᠬᠤ ᠦᠢᠯᠡ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ︽ᠲᠥᠷᠥᠯ ᠵᠦᠢᠯ ᠢ ᠪᠣᠳᠠᠲᠠᠶ | ᠨᠠᠶᠢᠳᠠᠪᠤᠷᠢᠵᠢᠭᠤᠯᠵᠤ ᠴᠢᠳᠠᠬᠤ᠂ ᠤᠴᠢᠷ ᠶᠠᠪᠤᠳᠠᠯ ᠭᠦᠢᠴᠡᠳᠬᠡᠬᠦ ᠳᠤ ᠬᠥᠮᠦᠨ ᠢ ᠭᠤᠶᠣᠴᠢᠯᠠᠬᠤ ᠦᠭᠡᠶ︾ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠴᠢᠷᠮᠠᠶᠢᠨ ᠪᠣᠶ ᠪᠣᠯᠭᠠᠨ᠎ᠠ᠃ ᠵᠠᠰᠠᠭ ᠤᠨ ᠣᠷᠳᠣᠨ ᠠᠮᠠᠯᠠᠯᠲᠠ ᠪᠠᠨ | ᠴᠢᠬᠤᠯᠠᠴᠢᠯᠠᠵᠤ᠂ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠵᠦ᠂ ᠠᠵᠤ ᠠᠬᠤᠶᠢᠯᠠᠯ ᠳᠤ ᠬᠤᠯᠪᠣᠭᠳᠠᠬᠤ | ᠲᠥᠷᠥ ᠶᠢᠨ ᠪᠣᠳᠣᠯᠭ᠎ᠠ ᠪᠠ ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠠᠮᠠᠯᠠᠯᠲᠠ ᠶᠢ ᠪᠥᠬᠦ ᠲᠠᠯ᠎ᠠ ᠪᠠᠷ | ᠪᠡᠶᠡᠯᠡᠭᠦᠯᠦᠨ ᠨᠠᠶᠢᠳᠠᠪᠣᠷᠢᠵᠢᠭᠤᠯᠵᠤ᠂ ᠠᠵᠤ ᠠᠬᠤᠶᠢᠯᠠᠯ ᠢ ᠬᠤᠷᠢᠨᠭᠡᠷ ᠲᠤ ᠪᠡᠯᠡ ᠣᠷᠣᠭᠤᠯᠬᠤ ᠪᠠ ᠬᠦᠭᠵᠢᠬᠦ ᠳᠤ | ᠴᠦᠮ ᠰᠡᠳᠬᠢᠯ ᠠᠮᠤᠷ ᠪᠠᠶᠢᠯᠭᠠᠨ᠎ᠠ︕ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠣᠨᠣᠪᠴᠢᠲᠠᠢ ᠥᠷᠨᠢᠭᠦᠯᠦᠨ᠎ᠡ᠃ ︽ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠡᠷᠢᠭᠦᠨ ᠴᠢᠬᠤᠯᠠ ᠶᠠᠪᠤᠳᠠᠯ︾ ᠢ ᠭᠤᠶᠢᠪᠢᠰᠢ ᠦᠭᠡᠢ ᠪᠠᠷᠢᠮᠲᠠᠯᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠶᠢᠭᠤᠯᠤᠮᠵᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠴᠢᠭᠯᠡᠯ ᠢ ᠣᠨᠣᠪᠴᠢᠲᠠᠶ ᠡᠵᠡᠮᠰᠢᠵᠦ᠂ | ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠤᠳᠠᠯᠳᠤᠭᠠᠴᠢᠨ ᠤᠷᠢᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠭᠤᠣᠯᠯᠠᠬᠤ ᠠᠵᠤ ᠠᠬᠤᠶᠢᠯᠠᠯ ᠳᠤ ᠲᠦᠰᠢᠭᠯᠡᠨ᠂ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ | ᠪᠡᠭᠡᠵᠢᠩ ᠲᠢᠶᠠᠨᠵᠢᠨ ᠾᠧᠪᠸᠢ ᠵᠡᠷᠭᠡ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠴᠢᠨᠠᠷ | ᠰᠠᠶᠢᠲᠠᠶ ᠵᠠᠯᠭᠠᠨ ᠠᠪᠴᠤ᠂ ᠨᠢᠭᠡ ᠪᠦᠯᠦᠭ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠵᠤ ᠨᠥᠭᠡᠴᠡᠯᠡᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠮᠥᠷᠳᠡᠨ ᠦᠢᠯᠡᠴᠢᠯᠡᠬᠦ | ᠳᠦᠷᠢᠮ ᠢ ᠴᠢᠩᠭ᠎ᠠ ᠨᠠᠶᠢᠳᠠᠪᠣᠷᠢᠵᠢᠭᠤᠯᠵᠤ᠂ ᠲᠥᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠪᠡᠯᠡ ᠮᠥᠩᠭᠦ᠂ | ᠭᠠᠵᠠᠷ ᠰᠢᠷᠣᠢ᠂ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠰᠡᠨ ᠵᠡᠷᠭᠡ ᠶᠢ ᠬᠢᠵᠠᠭᠠᠷᠯᠠᠬᠤ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠭᠡᠷ᠎ᠡ ᠲᠣᠭᠲᠠᠭᠰᠠᠨ ᠲᠥᠷᠦᠯ ᠵᠦᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠬᠦ ᠶᠢ | ᠠᠬᠢᠭᠤᠯᠤᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠢ ᠴᠦᠬᠦᠷᠡᠰᠢ ᠦᠭᠡᠢ ᠪᠠᠲᠤᠯᠠᠨ ᠰᠠᠶᠢᠵᠢᠷᠠᠭᠤᠯᠵᠤ᠂ ᠠᠷᠠᠳ | ᠲᠦᠮᠡᠨ ᠤ ᠪᠤᠶᠠᠨ ᠵᠢᠷᠭᠠᠯ ᠤᠨ ᠰᠢᠨ᠎ᠡ ᠲᠦᠪᠰᠢᠨ ᠢ ᠳᠡᠭᠡᠭᠰᠢᠯᠡᠭᠦᠯᠦᠨ᠎ᠡ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠷᠠᠳ ᠣᠯᠠᠨ ᠤ | ᠴᠢᠨᠠᠷ ᠰᠠᠶᠢᠲᠠᠶ ᠠᠮᠢᠳᠤᠷᠠᠯ ᠢ ᠴᠣᠭᠴᠠᠯᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠤᠷᠭᠠᠭᠤᠯᠢ ᠶᠢᠨ | ᠪᠠᠶᠢᠷᠢᠯᠠᠭᠤᠯᠤᠯᠲᠠ ᠶᠢ ᠲᠦᠷᠭᠡᠳᠬᠡᠨ ᠲᠣᠬᠢᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠭᠤᠷᠪᠠᠳᠤᠭᠠᠷ ᠬᠡᠤᠬᠡᠳ ᠤᠨ ᠴᠡᠴᠡᠷᠯᠢᠭ ᠪᠣᠯᠤᠨ | ᠬᠦᠷᠢᠶᠡᠯᠡᠩ ᠲᠣᠭᠤᠷᠢᠭ᠂ ᠳ᠋ᠦᠩ ᠵᠢᠶᠠ ᠶᠢᠩ᠂ ᠰᠢᠨ᠎ᠡ ᠠᠶᠢᠯ᠂ ᠲᠣᠭᠤᠰᠬ᠎ᠠ ᠵᠡᠷᠭᠡ ᠬᠡᠤᠬᠡᠳ ᠤᠨ ᠴᠡᠴᠡᠷᠯᠢᠭ ᠢ | ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ | ᠴᠡᠴᠡᠷᠯᠢᠭ ᠲᠤ ᠪᠠᠶᠢᠭ᠎ᠠ ᠬᠥᠮᠦᠨ ᠤ ᠲᠤᠭ᠎ᠠ ᠶᠢᠨ ᠡᠵᠡᠯᠡᠬᠦ ᠬᠠᠷᠢᠴᠠᠯ ᠢ 65% ᠠᠴᠠ ᠳᠡᠭᠡᠭᠰᠢ ᠳᠤ ᠬᠦᠷᠦᠭᠦᠯᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠭᠦᠭᠰᠡᠨ ᠴᠡᠴᠡᠷᠯᠢᠭ ᠲᠤ ᠣᠷᠣᠬᠤ ᠨᠣᠷᠮ᠎ᠠ | ᠶᠢ 85% ᠠᠴᠠ ᠳᠡᠭᠡᠭᠰᠢ ᠳᠤ ᠬᠦᠷᠦᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠵᠡᠷᠭᠡ ᠡᠯ᠎ᠡ ᠲᠦᠷᠦᠯ ᠤᠨ ᠰᠤᠷᠭᠠᠨ | ᠬᠥᠮᠦᠵᠢᠯ ᠢ ᠵᠣᠬᠢᠴᠠᠩᠭᠤᠶ ᠪᠠᠷ ᠬᠥᠭᠵᠢᠭᠦᠯᠦᠨ᠎ᠡ᠃ ᠶᠣᠰᠣ ᠮᠣᠷᠠᠯ ᠲᠠᠢ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠤᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ | ᠬᠦᠷᠢᠶᠡᠨ ᠤ ᠳᠣᠷᠣᠮᠵᠢᠯᠠᠯ ᠪᠠ ᠪᠦᠯᠦᠭᠯᠡᠯ ᠤᠨ ᠴᠢᠨᠠᠷᠲᠠᠢ ᠠᠮᠤᠷ ᠲᠦᠪᠰᠢᠨ ᠤ ᠬᠡᠷᠡᠭ ᠭᠠᠷᠬᠤ ᠶᠢ ᠡᠷᠡᠰ | ᠰᠡᠷᠭᠡᠶᠢᠯᠡᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠪᠠᠭᠰᠢ ᠶᠢᠨ ᠪᠣᠯᠪᠠᠰᠤᠷᠠᠭᠤᠯᠣᠯ ᠢ ᠴᠢᠩᠭᠠᠳᠬᠠᠵᠤ᠂ ᠪᠠᠭᠰᠢ ᠶᠡᠬᠡᠪᠡᠷ ᠳᠣᠲᠠᠭᠳᠠᠵᠣ ᠪᠠᠶᠢᠭ᠎ᠠ ᠰᠢᠨᠵᠢᠯᠡᠭᠡᠨ ᠤ | ᠪᠠᠭᠰᠢ ᠶᠢ ᠨᠥᠬᠦᠪᠥᠷᠢᠯᠡᠬᠦ ᠶᠢ ᠲᠦᠷᠭᠡᠳᠬᠡᠵᠦ᠂ ᠪᠦᠬᠦ ᠰᠢᠶᠠᠨ ᠤ ᠰᠤᠷᠭᠠᠨ ᠬᠦᠮᠦᠵᠢᠯ ᠤᠨ ᠲᠡᠩᠴᠡᠭᠦᠷᠢᠲᠡᠶ | ᠬᠥᠭᠵᠢᠯᠲᠡ ᠶᠢ ᠠᠬᠢᠭᠤᠯᠤᠨ᠎ᠠ᠃ | ᠡᠷᠡᠭᠦᠯ ᠡᠩᠬᠡ ᠬᠤᠷᠢᠨᠭᠡᠷ ᠢ ᠪᠦᠲᠦᠭᠡᠨ ᠪᠠᠶᠢᠭᠤᠯᠤᠨ᠎ᠠ᠃ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠴᠢᠯᠡᠬᠦ | ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠮᠦᠩᠭᠦ ᠥᠭᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠵᠠᠷᠤᠳᠠᠯ ᠤᠨ ᠵᠦᠶ ᠵᠤᠬᠢᠰ ᠦᠭᠡᠢ | ᠨᠡᠮᠡᠭᠳᠡᠯ ᠢ ᠪᠦᠲᠦᠮᠵᠢᠲᠡᠶ ᠬᠢᠵᠠᠭᠠᠷᠯᠠᠵᠤ᠂ ᠤᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ | ᠠᠯᠬᠤᠮ ᠠᠯᠬᠤᠮ ᠢᠶᠠᠷ ᠬᠥᠩᠭᠡᠷᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠶᠢᠨ ᠳᠣᠣᠷ᠎ᠠ ᠢᠯᠡᠷᠡᠭᠰᠡᠨ ᠪᠠᠭᠤᠷᠠᠶ ᠲᠠᠯ᠎ᠠ ᠪᠠ ᠳᠤᠲᠠᠭᠤᠳᠠᠯ ᠳᠤ ᠴᠢᠭᠯᠡᠭᠦᠯᠦᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠦᠨᠳᠦ ᠶᠡᠭᠡ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ ᠡᠵᠡᠮᠳᠡᠬᠦ ᠬᠠᠮᠵᠢᠯᠴᠠᠬᠤ ᠲᠣᠭᠲᠠᠴᠠ ᠪᠣᠯᠤᠨ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ᠂ ᠡᠳ᠋ ᠪᠠᠷᠠᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠬᠦ ᠬᠡᠷᠡᠭ ᠢ | ᠠᠷᠭᠠᠴᠠᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠪᠦᠬᠦ ᠲᠠᠯ᠎ᠠ ᠪᠠᠷ ᠥᠷᠨᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠪᠠ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠤᠯᠤᠭᠠᠨ᠎ᠠ ᠶᠢᠨ | ᠬᠢᠵᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ | ︽ᠣᠶᠣᠨᠲᠣ ᠡᠷᠡᠭᠦᠯ ᠮᠡᠨᠳᠤ︾ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠷᠡᠭᠦᠯ ᠬᠠᠮᠠᠭᠠᠯᠠᠯ ᠤᠨ ᠦᠢᠯᠡᠴᠢᠯᠡᠭᠡ | ᠪᠠ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢᠴᠢᠯᠠᠯᠲᠠ ᠶᠢᠨ ᠣᠶᠣᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠵᠢᠯ ᠤᠨ ᠳᠣᠲᠣᠷ᠎ᠠ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ | ᠡᠪᠡᠳᠴᠢᠨ ᠤ ᠬᠡᠰᠡᠭ᠂ ᠪᠦᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠪᠠ ᠾᠸᠢ ᠯᠣᠤ ᠶᠣᠣ | ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠣᠨ᠎ᠠ᠃ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ | ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ | ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠠᠩ ᠣᠯᠠᠨ ᠥᠷᠨᠢᠭᠦᠯᠦᠨ᠎ᠡ᠃ ᠬᠤᠶᠠᠷ | ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠭᠦᠨᠵᠡᠭᠡᠶ ᠨᠠᠶᠢᠳᠠᠪᠣᠷᠢᠵᠢᠭᠤᠯᠣᠨ᠎ᠠ᠃ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ | ᠬᠢᠨ᠎ᠡ᠃ | ᠪᠣᠯᠪᠠᠰᠤᠨ ᠬᠤᠷᠢᠨᠭᠡᠷ ᠢ ᠪᠦᠲᠦᠭᠡᠨ ᠪᠠᠶᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ | ᠦᠵᠡᠯᠲᠡ ᠶᠢ ᠶᠡᠬᠡᠪᠡᠷ ᠪᠠᠳᠠᠷᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ | ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠣᠨ᠎ᠠ᠃ ᠰᠣᠶᠣᠯ ᠤᠨ | ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠪᠢᠰᠬᠠᠯᠲᠤ | ᠰᠣᠶᠣᠯ ᠢ ᠤᠯᠠᠮᠵᠢᠯᠠᠨ ᠵᠠᠯᠭᠠᠮᠵᠢᠯᠠᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ ᠤᠨ ᠠᠵᠢᠯ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠶᠢ ᠵᠣᠷᠢᠭᠵᠢᠭᠤᠯᠵᠤ᠂ ᠨᠡᠩ ᠤᠯᠠᠨ ᠰᠣᠳᠣᠨ ᠪᠦᠲᠦᠭᠡᠯ ᠭᠠᠷᠭᠠᠨ᠎ᠠ᠃ ᠪᠦᠬᠦ | ᠠᠷᠠᠳ ᠢᠶᠠᠷ ᠢᠶᠠᠨ ᠨᠣᠮ ᠤᠩᠰᠢᠬᠤ ᠶᠢ ᠥᠷᠭᠡᠨ ᠳᠡᠯᠭᠡᠷ ᠥᠷᠨᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ᠂ | ︽ᠬᠤᠨ ᠭᠠᠯᠠᠭᠤ ᠣᠩᠰᠢᠯᠭ᠎ᠠ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠣᠷ | ᠬᠡᠷᠡᠭᠵᠢᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ᠃ | ᠰᠣᠶᠣᠯ ᠤᠨ ᠬᠡᠷᠡᠭᠯᠡᠭᠡᠨ ᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠳᠤ ᠴᠢᠨᠠᠷ ᠰᠠᠶᠢᠲᠠᠶ | ᠰᠣᠶᠣᠯ ᠤᠨ ᠠᠮᠢᠳᠤᠷᠠᠯ ᠢ ᠡᠳ᠋ᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠵᠤ᠂ ᠨᠠᠨᠱᠠᠨ ᠴᠡᠴᠡᠷᠯᠢᠭ᠂ ᠣᠣ ᠸᠧᠢ ᠮᠧᠩ ᠶᠤᠸᠠᠨ ᠠᠳᠤᠭᠤᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠦᠵᠡᠮᠵᠢ ᠶᠢᠨ ᠭᠠᠵᠠᠷ ᠤᠨ ᠪᠡᠯᠡᠳᠬᠡᠮᠵᠢ ᠶᠢ ᠲᠠᠰᠤᠷᠠᠯᠲᠠ | ᠤᠢᠭᠡᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠦᠭᠵᠢᠭᠦᠯᠦᠨ᠂ ᠵᠢᠭᠤᠯᠴᠢᠯᠠᠯ ᠤᠨ | ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠨᠡᠷᠡᠲᠦ ᠳᠡᠮᠲᠡᠭᠲᠦ ᠶᠢ ᠪᠦᠲᠦᠭᠡᠬᠦ ᠪᠠ | ᠭᠠᠳᠠᠭᠠᠳᠤ ᠤᠬᠠᠭᠤᠯᠭ᠎ᠠ ᠶᠢ ᠴᠢᠩᠭᠠᠳᠬᠠᠵᠤ᠂ ᠷᠢᠳᠢ ᠰᠢᠳᠢ ᠲᠠᠢ ᠬᠤᠷᠢᠨᠭᠡᠷ ᠤᠨ ᠰᠢᠨ᠎ᠡ ᠳᠦᠷᠢ ᠲᠥᠷᠬᠦ ᠶᠢ | ᠭᠦᠢᠴᠡᠳ ᠢᠯᠡᠷᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠦᠬᠦ | ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ ᠰᠢᠷᠢᠰ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠳᠠ | ᠬᠥᠳᠡᠭᠡ ᠶᠢᠨ ᠠᠵᠢᠯ ᠤᠯᠬᠤ ᠳᠤ ᠬᠦᠴᠢᠷᠲᠡᠶ ᠬᠥᠮᠦᠰ᠂ ᠬᠦᠴᠦ ᠶᠠᠪᠣᠭᠴᠢ ᠮᠠᠯᠴᠢᠨ ᠲᠠᠷᠢᠶᠠᠴᠢᠨ᠂ ᠴᠡᠷᠢᠭ ᠤᠨ | ᠠᠯᠪᠠᠨ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠵᠢᠯ ᠢ | ᠨᠢᠭᠡᠲᠦᠯᠲᠡᠢ ᠲᠥᠯᠥᠪᠯᠡᠨ ᠰᠠᠶᠢᠲᠤᠷ ᠬᠢᠨ᠎ᠠ᠃ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ | ᠬᠢᠬᠦ︾ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠪᠤᠷᠠᠨ | ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ | ᠪᠠᠲᠤᠯᠠᠭᠠᠲᠤ ᠡᠷᠦᠬᠡ᠂ ᠥᠨᠥᠴᠢᠨ ᠵᠡᠮᠳᠡᠭ ᠵᠡᠷᠭᠡ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠨ᠎ᠠ᠃ ᠨᠡᠶᠢᠭᠡᠮ ᠤᠨ ᠠᠰᠠᠷᠠᠮᠵᠢ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠬᠦᠴᠦ ᠶᠠᠪᠣᠭᠴᠢ ᠮᠠᠯᠴᠢᠨ | ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ ᠨᠠᠶᠢᠳᠠᠪᠣᠷᠢᠵᠢᠭᠤᠯᠵᠤ᠂ ᠬᠠᠤᠯᠢ ᠪᠠᠷ | ᠵᠠᠰᠠᠬᠤ ᠠᠷᠭ᠎ᠠ ᠪᠠᠷᠢᠯ ᠢᠶᠠᠷ ᠴᠠᠯᠢᠩ ᠥᠷᠢᠲᠦᠬᠦ ᠠᠷᠬᠠᠭ ᠭᠡᠮ ᠢ ᠵᠠᠰᠠᠨ᠎ᠠ᠃ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠵᠤ᠂ | ᠠᠵᠢᠯᠲᠠᠨ ᠠᠵᠢᠯᠴᠢᠨ ᠤ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ | ᠴᠢᠩᠭᠠᠷᠠᠭᠤᠯᠤᠨ᠎ᠠ᠃ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠴᠢᠷᠮᠠᠶᠢᠨ ᠬᠠᠮᠠᠭᠠᠯᠠᠨ᠎ᠠ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠲᠥᠪ ᠤᠨ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠰᠢᠮᠳᠠᠭᠤᠯᠤᠨ ᠵᠢᠯᠣᠭᠤᠳᠬᠤ ᠳᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠡᠶᠡᠯᠡᠭᠦᠯᠦᠨ᠎ᠡ᠃ ᠠᠮᠤᠷ ᠠᠮᠤᠭᠤᠯᠠᠩ ᠬᠤᠷᠢᠨᠭᠡᠷ ᠤᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠱᠠᠯᠢᠭ ᠵᠠᠪᠬᠠᠢ ᠵᠣᠭᠤᠰ ᠮᠥᠷᠦ᠋ᠢᠴᠡᠬᠦ᠂ ᠬᠤᠣᠷ | ᠰᠠᠷᠢᠭᠠᠯᠠᠬᠤ᠂ ᠴᠠᠬᠢᠯᠭᠠᠨ ᠬᠤᠯᠪᠣᠭ᠎ᠠ ᠰᠦᠯᠵᠢᠶᠡᠨ ᠳᠡᠭᠡᠷ᠎ᠡ ᠮᠡᠬᠡᠯᠡᠬᠦ ᠵᠡᠷᠭᠡ ᠬᠠᠥᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠡᠶᠢᠭᠡᠮ ᠲᠣᠭᠤᠷᠢᠭ ᠤᠨ ᠲᠣᠣᠷᠵᠢᠭᠤᠯᠣᠭᠴᠢ ᠪᠠ | ᠬᠤᠷᠢᠶᠠᠯᠠᠯ ᠤᠨ ᠠᠰᠠᠷ ᠤᠨ ᠳᠠᠷᠤᠭ᠎ᠠ᠂ ᠣᠷᠣᠨ ᠰᠠᠭᠤᠴᠠ ᠶᠢᠨ ᠠᠰᠠᠷ ᠤᠨ ᠣᠷᠤᠴᠠ ᠶᠢᠨ ᠳᠠᠷᠤᠭ᠎ᠠ ᠶᠢ ᠪᠦᠷᠢᠨ | ᠲᠣᠬᠢᠷᠠᠭᠤᠯᠵᠤ᠂ ᠦᠨᠳᠦᠰᠦᠨ ᠱᠠᠲᠤᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠳᠤᠲᠠᠭᠤᠳᠠᠯ ᠢ | ᠨᠥᠬᠦᠪᠥᠷᠢᠯᠡᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ | ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠶᠣᠯᠭᠦᠢ ᠦᠢᠯᠡᠳᠪᠦᠷᠢᠯᠡᠯ | ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ | ᠠᠶᠣᠯᠭᠦᠢ ᠶᠢᠨ ᠠᠳᠡᠯ ᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠠᠮᠤᠷ ᠲᠦᠪᠰᠢᠨ ᠤ ︽ᠳᠥᠷᠪᠡᠨ | ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ | ᠤᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠨ᠎ᠡ᠃ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠳᠣᠯᠣᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠢᠯᠡ ᠨᠡᠶᠢᠲᠡᠯᠡᠬᠦ︾ ᠪᠠ ᠬᠠᠮᠲᠤᠷᠠᠨ ᠱᠠᠩᠨᠠᠵᠤ ᠲᠣᠷᠭᠠᠬᠤ | ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ | ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠤᠯᠲᠠ ᠶᠢ | ᠴᠢᠩᠭᠠᠳᠬᠠᠨ᠂ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ | ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠤᠯᠠᠭᠠᠨ ᠵᠠᠭᠠᠯᠮᠠᠶᠢᠲᠠᠨ ᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠦᠯᠡᠰᠦᠩᠭᠦᠶ ᠶᠢᠨ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠭᠤᠷᠪᠠ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ | ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ | ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ | ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠣᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠳᠦᠷᠢᠮ ᠢ ᠪᠠᠶᠢᠭᠤᠯᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ | ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠣᠶᠢᠯᠠᠭᠠᠭᠤᠯᠣᠨᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠢᠮᠠᠭᠲᠠ ᠪᠠᠶᠢᠴᠠᠭᠠᠨ ᠰᠤᠳᠤᠯᠤᠯᠲᠠ ᠬᠢᠬᠦ ᠶᠢ | ᠠᠵᠢᠯ ᠤᠨ ᠦᠨᠳᠦᠰᠦᠨ ᠠᠷᠭ᠎ᠠ ᠪᠣᠯᠭᠠᠵᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ | ᠨᠡᠶᠢᠲᠡ ᠶᠢᠨ ᠲᠥᠷᠥ ᠶᠢᠨ ᠪᠣᠳᠣᠯᠭ᠎ᠠ ᠪᠠ ᠴᠢᠬᠤᠯᠠ ᠲᠥᠰᠦᠯ ᠢ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ | ᠭᠦᠢᠴᠡᠳ ᠰᠣᠨᠣᠰᠴᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃ ᠡᠷᠬᠡ ᠶᠢᠨ ᠨᠠᠷᠢᠨ | ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ | ᠪᠠ ᠵᠢᠷᠤᠮ ᠢ ᠴᠢᠩᠭ᠎ᠠ ᠵᠢᠷᠤᠮᠯᠠᠨ ᠠᠵᠢᠯᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠭᠦᠨᠵᠡᠭᠡᠶ ᠨᠠᠶᠢᠳᠠᠪᠣᠷᠢᠵᠢᠭᠤᠯᠵᠤ᠂ ᠬᠠᠤᠯᠢ ᠶᠢ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ | ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠲᠠᠰᠤᠷᠠᠯᠲᠠ ᠦᠭᠡᠢ | ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠡᠷᠬᠡ ᠶᠢ ᠢᠯᠡ ᠪᠠᠷ | ᠬᠡᠷᠡᠭᠵᠢᠭᠦᠯᠦᠨ᠎ᠡ᠃ | ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠨ᠎ᠠ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠲᠦᠷᠦ ᠪᠠᠷᠢᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠢᠶᠠᠷᠪᠠᠯ | ᠵᠣᠬᠢᠬᠤ ᠤᠴᠢᠷ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠬᠢᠪᠡᠰᠦ ᠵᠣᠬᠢᠬᠤ ᠠᠵᠢᠯ ᠢᠶᠠᠨ ᠪᠣᠳᠠᠲᠠᠢ ᠬᠢᠬᠦ ᠬᠡᠷᠡᠭᠲᠡᠢ᠃ | ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠥᠭᠡᠷᠡᠴᠢᠯᠡᠭᠴᠢ ᠶᠢ ᠰᠡᠳᠬᠢᠯ ᠤᠨ ᠳᠠᠷᠣᠭᠠᠰᠣ | ᠦᠭᠡᠢ ᠪᠠᠷ ᠠᠵᠢᠯᠯᠠᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠴᠣᠯᠭᠤᠷᠠᠭᠤᠯᠤᠨ ᠭᠠᠷᠭᠠᠵᠤ᠂ ᠪᠣᠳᠠᠲᠠᠶ | ᠠᠵᠢᠯᠯᠠᠭᠰᠠᠳ ᠤᠨ ᠡᠷᠳᠡᠮ ᠴᠢᠳᠠᠪᠤᠷᠢ ᠶᠢ ᠨᠢ ᠬᠠᠷᠠᠭᠤᠯᠬᠤ ᠬᠡᠷᠡᠭᠲᠡᠢ᠃ ︽ᠭᠠᠷ ᠳᠠᠮᠵᠢᠪᠠᠯ ᠬᠠᠷᠢᠭᠤᠴᠠᠯᠭ᠎ᠠ ᠮᠥᠨ︾ | ᠭᠡᠬᠦ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠤᠯᠠᠨ ᠲᠦᠮᠡᠨ ᠤ ᠳᠡᠷᠭᠡᠳᠡᠬᠢ ᠵᠤᠪᠠᠵᠤ ᠪᠠᠶᠢᠭ᠎ᠠ ᠶᠠᠪᠤᠳᠠᠯ᠂ | ᠲᠦᠪᠡᠭ ᠲᠠᠢ ᠶᠠᠪᠤᠳᠠᠯ᠂ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠤᠨ | ᠰᠤᠷᠲᠠᠯ ᠢᠶᠠᠨ ᠶᠡᠬᠡᠪᠡᠷ ᠬᠤᠪᠢᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ᠪᠢᠲᠡᠭᠦᠤ | ᠴᠠᠭᠠᠷᠢᠭᠲᠤ ᠠᠵᠢᠯ ᠤᠨ ᠠᠷᠭ᠎ᠠ︾ ᠶᠢ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ | ᠠᠷᠢᠯᠭᠠᠨ᠎ᠠ᠃ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠣᠬᠤᠷ ᠬᠤᠷᠠᠯ ᠬᠢᠵᠦ᠂ ᠣᠬᠤᠷ | ᠪᠢᠴᠢᠭ ᠮᠠᠲ᠋ᠧᠷᠢᠶᠠᠯ ᠭᠠᠷᠭᠠᠵᠤ᠂ ᠡᠯ᠎ᠡ ᠵᠦᠢᠯ ᠤᠨ ᠪᠠᠶᠢᠴᠠᠭᠠᠯᠲᠠ ᠰᠢᠮᠳᠠᠭᠤᠯᠣᠨ ᠪᠠᠶᠢᠴᠠᠭᠠᠯᠲᠠ ᠶᠢ ᠴᠢᠩᠭ᠎ᠠ | ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷ ᠢ ᠨᠡᠩ ᠤᠯᠠᠨ ᠴᠠᠭ ᠪᠠ ᠤᠶᠤᠨ ᠴᠢᠳᠠᠯ ᠢᠶᠠᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠣᠯᠭᠠᠨ᠎ᠠ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠤᠷ ᠨᠥᠯᠥᠭᠡ ᠶᠢ ᠡᠷᠡᠰ | ᠴᠡᠪᠡᠷᠯᠡᠨ ᠠᠷᠢᠯᠭᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠡᠷᠡᠰ ᠪᠡᠶᠡᠯᠡᠭᠦᠯᠦᠨ᠎ᠡ᠃ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠠ ᠥᠪᠡᠷᠲᠡᠭᠡᠨ ᠵᠠᠰᠠᠬᠤ ᠣᠷᠣᠨ ᠤ ᠢᠵᠢ | ᠪᠦᠷᠢᠳᠦᠭᠦᠯᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠎ᠠ᠃ ᠠᠷᠠᠳ ᠢᠷᠭᠡᠳ ᠤᠨ ︽ᠰᠠᠶᠢᠨ ᠰᠠᠶᠢᠬᠠᠨ | ᠠᠮᠢᠳᠤᠷᠠᠬᠤ︾ ᠶᠢᠨ ᠲᠥᠯᠥᠭᠡ᠂ ᠵᠠᠰᠠᠭ ᠤᠨ ᠣᠷᠳᠣᠨ ᠲᠦᠷᠦᠭᠦᠯᠡᠨ ︽ᠭᠠᠮᠨᠠᠵᠤ ᠠᠮᠢᠳᠤᠷᠠᠬᠤ︾ ᠬᠡᠷᠡᠭᠲᠡᠢ᠃ | ᠵᠠᠰᠠᠭ ᠤᠨ ᠣᠷᠳᠣᠨ ᠤ ᠠᠵᠢᠯᠲᠠᠳ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ︽ᠰᠡᠷᠡᠮᠵᠢ ᠶᠢᠨ ᠬᠤᠩᠬᠤ︾ ᠶᠢ ᠳᠤᠤᠭᠠᠷᠭᠠᠵᠤ᠂ ᠡᠷᠬᠡ ᠶᠢᠨ ᠠᠵᠢᠯᠯᠠᠭᠠᠨ ᠤ ︽ | ᠬᠤᠷᠢᠭ᠎ᠠ ᠴᠡᠭᠡᠷ︾ ᠢ ᠰᠠᠶᠢᠲᠤᠷ ᠠᠩᠬᠠᠷᠴᠣ᠂ ᠢᠯᠵᠠᠷᠠᠯ ᠢ ᠡᠰᠡᠷᠭᠦᠴᠡᠬᠦ ︽ᠰᠡᠷᠭᠡᠶᠢᠯᠡᠬᠦ ᠬᠡᠷᠡᠮ︾ ᠢ ᠪᠠᠲᠤ ᠪᠠᠬᠢ | ᠪᠠᠶᠢᠭᠤᠯᠵᠤ᠂ ᠠᠷᠢᠭᠤᠨ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠵᠤ᠂ ᠠᠷᠢᠭᠤᠨ ᠴᠢᠬᠡᠴᠢ᠂ ᠴᠢᠬᠡᠴᠢ | ᠰᠢᠳᠤᠷᠭᠤ᠂ ᠴᠢᠭᠡᠴᠢ ᠲᠣᠳᠣᠷᠬᠠᠢ ᠶᠢ ᠵᠠᠰᠠᠭ ᠤᠨ ᠣᠷᠳᠣᠨ ᠤ ᠢᠯᠡ ᠲᠣᠳᠣ ᠳᠡᠪᠢᠰᠬᠡᠷ ᠦᠡᠭᠭᠡ ᠪᠣᠯᠭᠠᠨ᠎ᠠ᠃ | ᠲᠥᠯᠥᠭᠡᠯᠡᠭᠴᠢᠳ ᠡ︕ ᠳᠡᠭᠡᠷ᠎ᠡ ᠳᠣᠣᠷ᠎ᠠ ᠨᠢ ᠬᠦᠰᠡᠯ ᠨᠢᠭᠡᠲᠡᠢ ᠪᠣᠯ ᠢᠯᠠᠵᠤ᠂ ᠰᠠᠯᠬᠢ ᠪᠣᠷᠣᠭᠠᠨ ᠢ | ᠬᠠᠮᠲᠤ ᠪᠠᠷ ᠲᠣᠭᠤᠯᠪᠠᠯ ᠬᠥᠭᠵᠢᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠡᠷᠡᠰ ᠰᠢᠭᠤᠷᠬᠠᠶ ᠪᠠᠷ ᠤᠷᠤᠭᠰᠢᠯᠠᠨ | ᠳᠠᠪᠰᠢᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ | ᠬᠥᠰᠡᠷᠳᠡᠭᠦᠯᠬᠦ ᠦᠭᠡᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠶᠢ ᠲᠡᠮᠡᠴᠡᠨ | ᠣᠯᠵᠤ᠂ ᠰᠢᠨ᠎ᠡ ᠴᠠᠭ ᠦᠶ᠎ᠡ ᠶᠢᠨ ᠬᠤᠷᠢᠨᠭᠡᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠶ᠎ᠡ︕ |