ᠬᠤᠷᠢᠨᠭᠡᠷ ᠰᠢᠶᠠᠨ ᠤ ᠬᠥᠳᠡᠯᠮᠦᠷᠢ ᠬᠦᠴᠦᠨ ᠤ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ 5 ᠳ᠋ᠤᠭᠠᠷ ᠰᠠᠷ᠎ᠠ ᠶᠢᠨ 30 ᠤ ᠡᠳᠦᠷ ᠵᠢᠩᠬᠢᠨᠢ ᠪᠠᠷ ᠡᠬᠢᠯᠡᠵᠦ ᠬᠡᠷᠡᠭᠯᠡᠯᠲᠡ ᠳᠤ ᠣᠷᠣᠪᠠ
ᠨᠡᠶᠢᠲᠡᠯᠡᠭᠰᠡᠨ ᠴᠠᠭ᠄
2020-06-04
     5 ᠳ᠋ᠤᠭᠠᠷ ᠰᠠᠷ᠎ᠠ ᠶᠢᠨ 30 ᠤ ᠡᠳᠦᠷ᠂ ᠬᠤᠷᠢᠨᠭᠡᠷ ᠰᠢᠶᠠᠨ ᠤ ᠬᠥᠳᠡᠯᠮᠦᠷᠢ ᠬᠦᠴᠦᠨ ᠤ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ ᠠᠯᠪᠠᠨ ᠶᠣᠰᠣᠭᠠᠷ ᠡᠬᠢᠯᠡᠵᠦ ᠬᠡᠷᠡᠭᠯᠡᠭᠳᠡᠵᠦ᠂ ᠵᠠᠬ᠎ᠠ ᠳᠡᠯᠭᠡᠭᠦᠷ ᠢ ᠡᠬᠢᠯᠡᠨ ᠬᠡᠷᠡᠭᠯᠡᠬᠦ ᠨᠢ ᠮᠠᠨ ᠤ ᠰᠢᠶᠠᠨ ᠤ ᠬᠥᠳᠡᠯᠮᠦᠷᠢ ᠬᠦᠴᠦᠨ ᠬᠡᠷᠡᠭᠯᠡᠬᠦ ᠵᠠᠬ᠎ᠠ ᠳᠡᠯᠭᠡᠭᠦᠷ ᠤᠨ ᠬᠤᠭᠤᠰᠣᠨ ᠢ ᠨᠦᠬᠦᠪᠦᠷᠢᠯᠡᠵᠦ᠂ ᠥᠷᠭᠡᠨ ᠣᠯᠠᠨ ᠠᠵᠢᠯᠴᠢᠨ ᠨᠦᠬᠦᠳ ᠤᠨ ᠲᠠᠷᠠᠬᠠᠶ ᠪᠤᠲᠠᠷᠬᠠᠶ᠂ ᠲᠣᠭᠲᠠᠭᠰᠠᠨ ᠣᠷᠣᠨ ᠰᠠᠭᠤᠴᠠ ᠦᠭᠡᠢ᠂ ᠠᠵᠢᠯ ᠦᠭᠡᠢ᠂ ᠠᠮᠢᠳᠤᠷᠠᠯ ᠳᠥᠭᠦᠮ ᠦᠭᠡᠢ᠂ ᠡᠷᠬᠡ ᠠᠰᠢᠭ ᠢ ᠦᠯᠦ ᠪᠠᠲᠤᠯᠠᠬᠤ ᠵᠡᠷᠭᠡ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠮᠥᠨ ᠴᠦ ᠮᠠᠨ ᠤ ᠰᠢᠶᠠᠨ ᠤ ᠬᠤᠲᠠ ᠣᠷᠣᠵᠤ ᠠᠵᠢᠯ ᠬᠢᠭᠰᠡᠳ ᠤᠨ ︽ᠠᠵᠢᠯ ᠡᠷᠢᠬᠦ ᠦᠷᠳᠡᠭᠡ︾᠂ ︽ᠪᠣᠯᠪᠠᠰᠤᠨ ᠭᠡᠷ︾ ᠪᠣᠯᠤᠭᠰᠠᠨ ᠪᠠᠶᠢᠨ᠎ᠠ᠃      ᠣᠶᠢᠷ᠎ᠠ ᠶᠢᠨ ᠬᠡᠳᠦᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠳᠡᠯᠮᠦᠷᠢ ᠬᠦᠴᠦᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠯᠮᠦᠷᠢ ᠬᠦᠴᠦᠨ ᠬᠡᠷᠡᠭᠯᠡᠬᠦ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠪᠦᠬᠦ ᠰᠢᠶᠠᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠪᠣᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠲᠣᠰ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠦᠴᠦᠲᠡᠢ ᠠᠳᠬᠤᠪᠠ᠃ ᠬᠥᠳᠡᠯᠮᠦᠷᠢ ᠬᠦᠴᠦᠨ ᠤ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠶᠡᠷᠦᠩᠬᠡᠶ ᠲᠠᠯᠠᠪᠠᠢ ᠨᠢ 230 ᠲᠡᠭᠰᠢ ᠳᠥᠷᠪᠡᠯᠵᠢᠨ ᠮᠧᠲᠷ᠂ ᠳᠣᠲᠣᠭᠠᠳᠤ ᠳᠠᠭᠠᠨ ᠬᠥᠳᠡᠯᠮᠦᠷᠢ ᠬᠦᠴᠦᠨ ᠤ ᠦᠢᠯᠡᠴᠢᠯᠡᠭᠡᠨ ᠤ ᠶᠡᠭᠡ ᠲᠢᠩᠬᠢᠮ᠂ ᠵᠥᠪᠳᠡᠯᠴᠡᠭᠡᠨ ᠤ ᠲᠠᠰᠤᠭ ᠭᠠᠷᠭᠠᠵᠤ᠂ ᠨᠢᠭᠡ ᠤᠳᠠᠭ᠎ᠠ ᠳᠤ 70 ᠭᠠᠷᠤᠶ ᠬᠥᠮᠦᠨ ᠢ ᠪᠠᠭᠲᠠᠭᠠᠭᠰᠠᠨ ᠵᠥᠪᠳᠡᠯᠴᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠪᠡ᠃ ᠠᠵᠢᠯ ᠬᠥᠳᠡᠯᠮᠦᠷᠢ ᠬᠢᠭᠰᠡᠳ ᠲᠤ ᠦᠨ᠎ᠡ ᠲᠥᠯᠥᠪᠦᠷᠢ ᠦᠭᠡᠢ ᠪᠠᠷ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ ᠪᠣᠯᠤᠨ᠎ᠠ︔ ᠠᠵᠢᠯ ᠡᠷᠢᠬᠦ ᠬᠦᠰᠡᠯ ᠲᠠᠢ ᠠᠵᠢᠯ ᠬᠥᠳᠡᠯᠮᠦᠷᠢ ᠬᠢᠭᠰᠡᠳ ᠲᠤ ᠠᠵᠢᠯ ᠡᠷᠢᠬᠦ ᠳᠠᠩᠰᠠᠯᠠᠯ ᠬᠢᠵᠦ᠂ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠵᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠪᠡ︔ ᠠᠵᠢᠯ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠪᠠ ᠠᠵᠢᠯ ᠲᠠᠨᠢᠯᠴᠠᠭᠤᠯᠬᠤ ᠠᠵᠢᠯ ᠢ ᠥᠷᠨᠢᠭᠦᠯᠵᠦ᠂ ᠠᠵᠢᠯ ᠬᠥᠳᠡᠯᠮᠦᠷᠢ ᠬᠢᠭᠰᠡᠳ ᠤᠨ ᠠᠵᠢᠯ ᠣᠯᠬᠤ᠂ ᠲᠠᠬᠢᠨ ᠠᠵᠢᠯ ᠤᠯᠬᠤ ᠶᠢ ᠠᠬᠢᠭᠤᠯᠪᠠ︔ ᠪᠣᠯᠪᠠᠰᠤᠷᠠᠭᠤᠯᠤᠯ ᠤᠨ ᠰᠠᠨᠠᠮᠵᠢ ᠲᠠᠢ ᠠᠵᠢᠯ ᠬᠥᠳᠡᠯᠮᠦᠷᠢ ᠬᠢᠭᠰᠡᠳ ᠲᠤ ᠪᠣᠯᠪᠠᠰᠤᠷᠠᠭᠤᠯᠤᠯ ᠤᠨ ᠬᠦᠰᠡᠯ ᠰᠠᠨᠠᠭᠠᠨ ᠤ ᠳᠠᠩᠰᠠᠯᠠᠯ ᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠪᠠᠲᠤᠯᠠᠨ ᠲᠠᠨᠢᠯᠴᠠᠭᠤᠯᠵᠤ᠂ ᠵᠣᠬᠢᠶᠠᠨ ᠪᠠᠶᠢᠭᠤᠯᠤᠨ ᠣᠷᠣᠯᠴᠠᠭᠤᠯᠪᠠ᠃      ᠬᠥᠳᠡᠯᠮᠦᠷᠢ ᠬᠦᠴᠦᠨ ᠤ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ ᠢ ᠡᠬᠢᠯᠡᠭᠦᠯᠦᠭᠰᠡᠨ ᠤ ᠳᠠᠷᠠᠭ᠎ᠠ᠂ ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠵᠢᠴᠢ ᠠᠵᠢᠯ ᠡᠷᠢᠬᠦ᠂ ᠠᠵᠢᠯ ᠬᠢᠬᠦ ᠣᠷᠴᠢᠨ ᠲᠣᠭᠤᠷᠢᠨ ᠢ ᠵᠢᠷᠤᠮᠵᠢᠭᠤᠯᠬᠤ ᠶᠢᠨ ᠲᠥᠯᠥᠭᠡ᠂ ᠠᠵᠢᠯ ᠡᠷᠢᠬᠦ᠂ ᠠᠵᠢᠯᠴᠢᠨ ᠬᠡᠷᠡᠭᠯᠡᠬᠦ ᠵᠢᠷᠤᠮᠵᠢᠭᠤᠨ ᠪᠤᠰᠤ ᠠᠵᠢᠯᠯᠠᠭ᠎ᠠ ᠶᠢ ᠵᠠᠯᠠᠷᠠᠭᠤᠯᠤᠨ᠎ᠠ᠃ 5 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ᠂ ᠤᠤᠯ ᠤᠨ ᠠᠯᠲᠠᠨ ᠭᠤᠷᠪᠠᠯᠵᠢᠨ ᠬᠤᠶᠢᠭ ᠪᠣᠯᠤᠨ ᠰᠣᠶᠣᠯ ᠤᠨ ᠲᠣᠮᠣ ᠠᠰᠠᠷ ᠤᠨ ᠠᠵᠢᠯ ᠣᠯᠬᠤ ᠭᠠᠵᠠᠷ ᠢ ᠬᠦᠴᠦᠨ ᠦᠭᠡᠶ ᠪᠣᠯᠭᠠᠵᠤ᠂ ᠪᠦᠬᠦ ᠰᠢᠶᠠᠨ ᠤ ︽ᠵᠠᠰᠠᠮᠠᠯ ᠵᠠᠮ ᠤᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ︾ ᠢ ᠵᠢᠷᠤᠮᠵᠢᠭᠰᠠᠨ ᠬᠠᠮᠢᠶᠠᠷᠤᠯᠲᠠ ᠳᠤ ᠣᠷᠣᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠠᠵᠢᠯ ᠡᠷᠢᠬᠦ ᠬᠥᠮᠦᠰ ᠤᠨ ᠠᠵᠢᠯ ᠡᠷᠢᠬᠦ ᠶᠠᠪᠤᠳᠠᠯ ᠢ ᠨᠢᠭᠡᠨ ᠵᠢᠷᠤᠮᠵᠢᠭᠤᠨ᠂ ᠪᠦᠷᠢᠨ ᠪᠦᠲᠦᠨ᠂ ᠰᠢᠰᠲ᠋ᠧᠮ ᠲᠠᠢ ᠵᠠᠬ᠎ᠠ ᠳᠡᠯᠭᠡᠭᠦᠷ ᠲᠠᠢ ᠪᠣᠯᠭᠠᠨ᠎ᠠ᠃ ᠡᠭᠦᠨ ᠤ ᠬᠠᠮᠲᠤ ᠥᠷᠭᠡᠨ ᠣᠯᠠᠨ ᠠᠵᠢᠯ ᠬᠢᠭᠰᠡᠳ ᠪᠣᠯᠤᠨ ᠠᠵᠢᠯᠴᠢᠨ ᠬᠡᠷᠡᠭᠯᠡᠬᠦ ᠨᠢᠭᠡᠴᠡ ᠨᠢ ᠬᠥᠳᠡᠯᠮᠦᠷᠢ ᠶᠢᠨ ᠰᠠᠯᠠᠭ᠎ᠠ ᠮᠥᠴᠢᠷ ᠪᠣᠯᠤᠨ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠢᠶᠠᠷᠤᠯᠲᠠ ᠶᠢ ᠳᠠᠭᠠᠵᠤ᠂ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠤᠬᠠᠮᠰᠠᠷ ᠠᠴᠠ ᠪᠠᠨ ᠣᠴᠢᠵᠤ ᠠᠵᠢᠯ ᠡᠷᠢᠬᠦ᠂ ᠣᠷᠢᠬᠤ ᠠᠵᠢᠯᠯᠠᠭ᠎ᠠ ᠳᠤ ᠣᠷᠣᠯᠴᠠᠬᠤ ᠶᠢ ᠬᠦᠰᠡᠵᠦ ᠪᠣᠢ᠃      ᠣᠯᠠᠩᠬᠢ ᠠᠵᠢᠯ ᠡᠷᠢᠭᠰᠡᠳ ᠢᠯᠡᠷᠬᠡᠶᠢᠯᠡᠭᠰᠡᠨ ᠨᠢ᠂ ᠤᠤᠯ ᠤᠨ ᠵᠡᠭᠡᠯᠢ ᠭᠤᠳᠤᠮᠵᠢ ᠪᠠᠷ ᠠᠵᠢᠯ ᠲᠠᠲᠠᠵᠤ᠂ ᠲᠣᠭᠲᠠᠭᠰᠠᠨ ᠭᠠᠵᠠᠷ ᠪᠠᠶᠢᠬᠤ ᠦᠭᠡᠢ᠂ ᠵᠥᠪᠬᠡᠨ ᠵᠠᠮ ᠤᠨ ᠬᠠᠵᠠᠭᠤ ᠳᠤ ᠵᠣᠭᠰᠣᠵᠤ᠂ ᠲᠦᠭᠵᠢᠷᠡᠯ ᠪᠣᠯᠬᠤ ᠶᠢ ᠬᠡᠯᠡᠬᠦ ᠦᠭᠡᠢ᠂ ᠪᠠᠰᠠ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠳᠠᠭ᠃ ᠤᠳᠤ ᠵᠠᠰᠠᠭ ᠤᠨ ᠣᠷᠳᠣᠨ ᠳᠦᠷᠢᠮᠵᠢᠭᠰᠡᠨ ᠬᠥᠳᠡᠯᠮᠦᠷᠢ ᠬᠦᠴᠦᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠪᠠᠶᠢᠭᠤᠯᠵᠤ᠂ ᠳᠡᠳᠡᠨ ᠳᠤ ᠲᠦᠬᠦᠮ ᠦᠵᠡᠭᠦᠯᠪᠡ ᠭᠡᠰᠡᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠬᠥᠳᠡᠯᠮᠦᠷᠢ ᠬᠦᠴᠦᠨ ᠤ ᠶᠡᠷᠦᠩᠬᠡᠢ ᠦᠢᠯᠡᠴᠢᠯᠡᠭᠡᠨ ᠤ ᠵᠠᠬ᠎ᠠ ᠳᠡᠯᠭᠡᠭᠦᠷ ᠢ ᠡᠬᠢᠯᠡᠨ ᠬᠡᠷᠡᠭᠯᠡᠬᠦ ᠶᠢ ᠵᠠᠷᠯᠠᠪᠠ᠃ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠬᠥᠭᠵᠢᠭᠦᠯᠦᠯᠲᠡ ᠶᠢᠨ ᠲᠣᠪᠴᠢᠶ᠎ᠠ᠂ ᠴᠧᠩ ᠹᠠ ᠺᠣᠮᠫᠠᠨᠢ᠂ ᠶᠦᠨ ᠬᠥ᠋ ᠠᠮᠤᠷ ᠢ ᠬᠠᠮᠠᠭᠠᠯᠠᠬᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号