ᠬᠤᠷᠢᠨᠭᠡᠷ ᠰᠢᠶᠠᠨ ᠶᠠᠳᠠᠭᠤ ᠶᠢ ᠲᠡᠳᠬᠦᠬᠦ ᠲᠥᠷᠥᠯ ᠵᠦᠢᠯ ᠢ ᠠᠬᠢᠭᠤᠯᠬᠤ ᠵᠢᠴᠢ ᠶᠠᠳᠠᠭᠤ ᠶᠢ ᠲᠡᠳᠬᠦᠬᠦ ᠪᠠᠯᠠ ᠮᠦᠩᠭᠦ ᠶᠢᠨ ᠵᠠᠷᠤᠯᠭ᠎ᠠ ᠶᠢᠨ ᠪᠠᠶᠢᠳᠠᠯ ᠢ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-08
     6 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠠᠬᠢᠭᠤᠯᠬᠤ ᠵᠢᠴᠢ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠵᠠᠷᠤᠯᠭ᠎ᠠ ᠶᠢᠨ ᠪᠠᠶᠢᠳᠠᠯ ᠢ ᠲᠣᠬᠢᠷᠠᠭᠤᠯᠬᠤ ᠬᠤᠷᠠᠯ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 2019 ᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2020 ᠣᠨ ᠤ ᠶᠠᠳᠠᠭᠤ ᠶᠢ ᠲᠡᠳᠬᠦᠬᠦ ᠲᠦᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠶᠠᠳᠠᠭᠤ ᠶᠢ ᠲᠡᠳᠬᠦᠬᠦ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠣᠭᠤᠷᠢᠨ ᠳᠤ ᠲᠣᠳᠣᠷᠬᠠᠶᠢᠯᠠᠯᠲᠠ ᠬᠢᠵᠦ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠠᠳᠠᠭᠤ ᠶᠢ ᠳᠡᠳᠬᠦᠬᠦ ᠪᠠᠯᠠ ᠮᠥᠩᠭᠦ ᠶᠢᠨ ᠵᠠᠷᠤᠯᠭ᠎ᠠ ᠶᠢᠨ ᠪᠠᠶᠢᠳᠠᠯ ᠢ ᠮᠡᠳᠡᠭᠳᠡᠪᠡ᠃      ᠵᠠᠩ ᠯᠢᠨ ᠯᠢᠨ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠳᠡᠭᠡᠭᠰᠢᠯᠡᠭᠦᠯᠵᠦ᠂ ᠶᠠᠳᠠᠭᠤ ᠶᠢ ᠳᠡᠳᠬᠦᠬᠦ ᠲᠥᠷᠥᠯ ᠵᠦᠢᠯ ᠵᠢᠴᠢ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠵᠢᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠨᠢᠭᠡᠴᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠵᠦ᠂ ᠪᠡᠯᠡ ᠮᠥᠩᠭᠦ ᠶᠢᠨ ᠬᠤᠪᠢᠶᠠᠷᠢᠯᠠᠯᠲᠠ ᠶᠢ ᠪᠣᠳᠠᠲᠠᠢ ᠲᠦᠷᠦᠯ ᠵᠦᠢᠯ ᠳᠤ ᠦᠨᠡᠨᠬᠦ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ︔ ᠡᠯ᠎ᠡ ᠰᠢᠶᠠᠩ ᠪᠠᠯᠭᠠᠰᠤ ᠪᠣᠯᠤᠨ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠢᠭᠤᠴᠠᠵᠤ ᠪᠠᠶᠢᠭ᠎ᠠ ᠶᠠᠳᠠᠭᠤ ᠶᠢ ᠲᠡᠳᠬᠦᠬᠦ ᠲᠥᠷᠥᠯ ᠵᠦᠢᠯ ᠢ ᠲᠣᠳᠣᠷᠬᠠᠶ ᠡᠵᠡᠮᠰᠢᠵᠦ᠂ ᠠᠵᠢᠯ ᠤᠨ ᠲᠠᠯ᠎ᠠ ᠪᠠᠷ ᠬᠢ ᠨᠡᠪᠲᠡᠷᠡᠯᠴᠡᠭᠡ ᠪᠠ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ︔ ᠴᠠᠭ ᠤᠨ ᠵᠠᠩᠭᠢᠯᠠᠭ᠎ᠠ ᠶᠢ ᠡᠵᠡᠮᠰᠢᠵᠦ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠠᠵᠢᠯ ᠤᠨ ᠠᠬᠢᠴᠠ ᠪᠠ ᠪᠠᠯᠠ ᠮᠥᠩᠭᠦ ᠶᠢᠨ ᠵᠠᠷᠤᠯᠭ᠎ᠠ ᠶᠢᠨ ᠡᠭᠦᠷᠭᠡ ᠶᠢ ᠪᠡᠶᠡᠯᠡᠭᠦᠯᠵᠦ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠵᠢᠴᠢ ᠪᠠᠯᠠ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠶ︔ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠳ᠋ ᠤᠨ ᠵᠠᠰᠠᠭ ᠤᠨ ᠲᠣᠪᠴᠢᠶ᠎ᠠ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠵᠣᠯᠭᠠᠯᠴᠠᠭ᠎ᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠦᠨᠡᠨᠬᠦ ᠪᠠᠲᠣᠯᠠᠬᠤ ᠬᠡᠷᠡᠭᠲᠡᠢ ᠭᠡᠪᠡ᠃      ᠭᠦᠸᠧ ᠸᠧᠨ ᠵᠢᠶᠦ᠋ᠨ ᠶᠠᠳᠠᠭᠤ ᠶᠢ ᠲᠡᠳᠬᠦᠬᠦ ᠲᠥᠷᠥᠯ ᠵᠦᠢᠯ ᠢ ᠠᠬᠢᠭᠤᠯᠬᠤ ᠵᠢᠴᠢ ᠶᠠᠳᠠᠭᠤ ᠶᠢ ᠲᠡᠳᠬᠦᠬᠦ ᠪᠠᠯᠠ ᠮᠦᠩᠭᠦ ᠶᠢᠨ ᠵᠠᠷᠤᠯᠭ᠎ᠠ ᠶᠢᠨ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号