ᠬᠤᠷᠢᠨᠭᠡᠷ ᠰᠢᠶᠠᠨ ︽ᠴᠠᠭᠳᠠᠭ᠎ᠠ ᠳᠠᠭᠠᠳᠬᠠᠯ ᠬᠤᠯᠪᠣᠭᠠᠯᠠᠨ ᠬᠥᠳᠡᠯᠦᠯᠴᠡᠵᠦ᠂ ᠨᠢᠭᠡ ᠮᠣᠲ᠋ᠣᠷ ᠤᠨ ᠮᠠᠯᠠᠭᠠᠢ ᠨᠢᠭᠡ ᠠᠮᠤᠷ ᠲᠦᠪᠰᠢᠨ ᠤ ᠪᠦᠰᠡ︾ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-20
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ︽ᠨᠢᠭᠡ ᠮᠣᠲ᠋ᠣᠷ ᠤᠨ ᠮᠠᠯᠠᠭᠠᠢ ᠨᠢᠭᠡ ᠠᠮᠤᠷ ᠲᠦᠪᠰᠢᠨ ᠤ ᠪᠦᠰᠡ︾ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠪᠠ᠃ ᠣᠶᠢᠷ᠎ᠠ ᠳᠤ᠂ ᠬᠤᠷᠢᠨᠭᠡᠷ ᠰᠢᠶᠠᠨ ᠤ ᠵᠠᠮ ᠬᠠᠷᠢᠯᠴᠠᠭᠠᠨ ᠤ ᠴᠠᠭᠳᠠᠭᠠᠨ ᠤ ᠠᠩᠭᠢ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠷᠢᠨᠭᠡᠷ ᠤᠨ ᠰᠠᠯᠪᠤᠷᠢ ᠺᠤᠮᠫᠠᠨᠢ ᠲᠠᠢ ᠬᠤᠯᠪᠣᠭᠠᠯᠠᠨ᠂ ᠬᠥᠮᠦᠨ ᠬᠠᠷ᠎ᠠ ᠨᠢᠭᠲᠠᠷᠠᠭᠰᠠᠨ ᠮᠥᠷᠲᠡᠭᠡᠨ ᠰᠢᠯᠵᠢᠮᠡᠯ ᠴᠢᠨᠠᠷ ᠢᠶᠠᠷ ᠨᠡᠯᠢᠶᠡᠳ ᠶᠡᠭᠡ ᠯᠢ ᠶᠤᠸᠠᠨ ᠬᠤᠳᠠᠯᠳᠤᠭ᠎ᠠ ᠶᠢᠨ ᠡᠭᠦᠳᠡᠨ ᠳᠡᠭᠡᠷ᠎ᠡ ︽ᠳᠠᠭᠠᠳᠬᠠᠯ ᠬᠤᠳᠠᠯᠳᠤᠨ ᠠᠪᠣᠪᠠᠯ ᠮᠣᠲ᠋ᠣᠷ ᠤᠨ ᠮᠠᠯᠠᠭᠠᠢ ᠬᠦᠷᠭᠡᠵᠦ ᠠᠮᠤᠷ ᠲᠦᠪᠰᠢᠨ ᠢ ᠡᠳ᠋ᠯᠡᠨ᠂ ᠪᠣᠯᠪᠠᠰᠤᠨ ᠢᠶᠠᠷ ᠴᠠᠬᠢᠯᠭᠠᠨ ᠬᠦᠳᠡᠯᠭᠡᠭᠦᠷᠲᠦ ᠳᠤᠭᠤᠢ ᠤᠨᠤᠬᠤ ᠰᠢᠨ᠎ᠡ ᠬᠡᠪ ᠰᠤᠷᠲᠠᠯ ᠢ ᠰᠠᠨᠠᠭᠠᠴᠢᠯᠠᠬᠤ︾ ᠠᠵᠢᠯᠯᠠᠭ᠎ᠠ ᠶᠢ ᠥᠷᠨᠢᠭᠦᠯᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号