ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠡᠶ᠎ᠡ ᠶᠢᠨ ᠪᠠᠶᠢᠴᠠᠭᠠᠯᠲᠠ ᠶᠢᠨ ᠲᠡᠷᠭᠡ ︽ᠡᠷᠡᠭᠦᠯ ᠮᠡᠨᠳᠦ ᠨᠡᠷᠡᠮᠵᠢᠲᠦ︾ ᠶᠢ ᠶᠠᠳᠠᠭᠤ ᠬᠦᠴᠢᠷᠳᠡᠯᠲᠡᠢ ᠭᠠᠵᠠᠷ ᠲᠤ ᠵᠢᠯᠣᠭᠤᠳᠣᠨ ᠬᠦᠷᠪᠡ
ᠨᠡᠶᠢᠲᠡᠯᠡᠭᠰᠡᠨ ᠴᠠᠭ᠄
2020-07-20
     ᠣᠶᠢᠷ᠎ᠠ ᠳᠤ᠂ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠭᠤᠷᠪᠠ ᠶᠢ ᠬᠠᠪᠰᠤᠷᠴᠤ ᠭᠤᠷᠪᠠ ᠶᠢ ᠲᠤᠰᠠᠯᠠᠨ ᠭᠤᠷᠪᠠ ᠶᠢ ᠰᠤᠷᠪᠤᠯᠵᠢᠯᠠᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠪᠡᠶ᠎ᠡ ᠶᠢᠨ ᠪᠠᠶᠢᠴᠠᠭᠠᠯᠲᠠ ᠶᠢᠨ ᠲᠡᠷᠭᠡ ︽ᠡᠷᠡᠭᠦᠯ ᠮᠡᠨᠳᠦ ᠨᠡᠷᠡᠮᠵᠢᠲᠦ︾ ᠶᠢ ᠬᠦᠳᠡᠯᠭᠡᠨ ᠶᠠᠩ ᠴᠢᠶᠦ᠋ᠨ ᠭᠸᠦ ᠰᠢᠶᠠᠩ ᠳᠤ ᠬᠦᠷᠴᠦ᠂ ᠶᠠᠪᠣᠵᠣ ᠰᠠᠭᠤᠬᠤ ᠳᠤ ᠬᠦᠴᠢᠷ 65 ᠨᠠᠰᠤᠨ ᠠᠴᠠ ᠳᠡᠭᠡᠭᠰᠢᠬᠢ ᠶᠠᠳᠠᠭᠤ ᠬᠦᠴᠢᠷᠳᠡᠯᠲᠡᠶ ᠨᠠᠰᠤᠲᠠᠶᠢᠴᠤᠳ ᠲᠤ ᠬᠡᠷ ᠲᠤᠨᠢ ᠬᠦᠷᠴᠦ ᠪᠡᠶ᠎ᠡ ᠶᠢᠨ ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠬᠤ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠪᠡᠶ᠎ᠡ ᠶᠢᠨ ᠪᠠᠶᠢᠴᠠᠭᠠᠯᠲᠠ ᠶᠢᠨ ᠵᠦᠢᠯ ᠳᠤ ᠴᠢᠰᠤᠨ ᠳᠠᠷᠤᠯᠲᠠ᠂ ᠴᠢᠰᠤᠨ ᠰᠢᠬᠢᠷ᠂ ᠠᠮᠢᠳᠤ ᠪᠣᠳᠠᠰ ᠤᠨ ᠬᠢᠮᠢ᠂ ᠵᠢᠷᠦᠬᠡᠨ ᠯᠤᠭᠰᠢᠯᠲᠠ ᠶᠢᠨ ᠵᠢᠷᠤᠭ᠂ B ᠬᠡᠳᠦ ᠳᠣᠯᠭᠢᠶᠠᠨ ᠤ ᠪᠠᠶᠢᠴᠠᠭᠠᠯᠲᠠ ᠪᠠᠭᠲᠠᠵᠤ᠂ ᠨᠡᠶᠢᠲᠡ 123 ᠶᠠᠳᠠᠭᠤ ᠬᠦᠴᠢᠷᠳᠡᠯᠲᠡᠶ ᠨᠠᠰᠤᠲᠠᠶᠢᠴᠤᠳ ᠲᠤ ᠪᠡᠶ᠎ᠡ ᠶᠢᠨ ᠪᠠᠶᠢᠴᠠᠭᠠᠯᠲᠠ ᠬᠢᠵᠦ ᠥᠭᠭᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号