ᠵᠠᠩ ᠯᠢᠨ ᠯᠢᠨ ᠪᠦᠬᠦ ᠰᠢᠶᠠᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-23
   
     7 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠬᠡᠷ ᠲᠤ ᠪᠥᠬᠦ ᠰᠢᠶᠠᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠭᠤᠴᠠᠯᠭᠠᠲᠠᠨ 2020 ᠣᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠮᠡᠳᠡᠭᠦᠯᠦᠭᠰᠡᠨ ᠪᠠᠶᠢᠳᠠᠯ ᠪᠠ 2020 ᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠮᠡᠳᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠲᠥᠷᠥᠯ ᠵᠦᠢᠯ ᠤᠨ ᠲᠦᠷᠦᠭᠦᠯᠡᠨ ᠬᠠᠷᠢᠭᠤᠴᠠᠬᠤ ᠨᠢᠭᠡᠴᠡ ᠶᠢᠨ ᠬᠠᠷᠢᠭᠤᠴᠠᠯᠭᠠᠲᠠᠨ ᠠᠴᠠ ᠡᠨᠡ ᠵᠢᠯ ᠤᠨ ᠲᠥᠯᠦᠪᠯᠡᠭᠡ ᠶᠢᠨ ᠰᠢᠨ᠎ᠡ ᠠᠵᠢᠯ ᠡᠬᠢᠯᠡᠭᠦᠯᠬᠦ ᠲᠥᠷᠥᠯ ᠵᠦᠢᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠵᠡᠷᠭᠡ ᠪᠠᠶᠢᠳᠠᠯ ᠢ ᠬᠠᠷᠢᠭᠤ ᠮᠡᠳᠡᠭᠦᠯᠵᠦ᠂ ᠴᠢᠬᠤᠯᠠ ᠡᠯᠧᠮᠧᠨ᠋ᠲ ᠢ ᠪᠠᠲᠤᠯᠠᠬᠤ ᠰᠠᠯᠠᠭ᠎ᠠ ᠮᠥᠴᠢᠷ ᠪᠣᠯᠤᠨ ᠠᠰᠠᠭᠤᠳᠠᠯ ᠤᠨ ᠬᠠᠷᠢᠭᠤᠴᠠᠯᠭᠠᠲᠤ ᠨᠢᠭᠡᠴᠡ ᠬᠠᠷᠢᠴᠠᠭᠤᠯᠬᠤ ᠵᠦᠢᠯᠡᠰ ᠲᠠᠢ ᠬᠠᠷᠭᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤ ᠲᠤᠰᠬᠠᠯ ᠪᠠ ᠬᠠᠷᠢᠭᠤᠯᠲᠠ ᠥᠭᠴᠡᠢ᠃      ᠵᠠᠩ ᠯᠢᠨ ᠯᠢᠨ ᠪᠦᠬᠦ ᠰᠢᠶᠠᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠠᠶᠢᠳᠠᠯ ᠤᠨ ᠲᠤᠬᠠᠶ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢ ᠪᠦᠬᠦᠨ ᠢ ᠣᠷᠣᠨ ᠨᠤᠲᠤᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠢᠵᠢᠭ ᠢ ᠡᠰᠡᠷᠭᠦᠴᠡᠬᠦ ᠬᠠᠮᠢᠶ᠎ᠠ ᠪᠦᠬᠦᠢ ᠵᠠᠷᠤᠯᠭ᠎ᠠ ᠶᠢ ᠳᠡᠮᠵᠢᠬᠦ ᠳᠤ ᠬᠡᠷᠡᠭᠯᠡᠵᠦ᠂ ᠤᠯᠤᠰ ᠤᠨ ᠣᠨᠴᠠᠭᠠᠢ ᠵᠢᠭᠡᠯᠡᠯᠭᠡ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠪᠣᠯ ᠴᠥᠮ ᠰᠢᠭᠤᠳ ᠬᠦᠷᠬᠦ ᠪᠡᠯᠡ ᠮᠥᠩᠭᠦ ᠪᠣᠯᠤᠨ᠎ᠠ᠂ ᠰᠢᠭᠤᠳ ᠬᠦᠷᠭᠡᠬᠦ ᠪᠡᠯᠡ ᠮᠥᠩᠭᠦ ᠶᠢᠨ ᠱᠠᠭᠠᠷᠳᠠᠯᠭ᠎ᠠ ᠶᠣᠰᠣᠭᠠᠷ ᠰᠠᠯᠭᠠᠨ ᠥᠭᠬᠦ᠂ ᠬᠡᠷᠡᠭᠯᠡᠬᠦ᠂ ᠬᠠᠮᠢᠶᠠᠷᠬᠤ ᠶᠢᠨ ᠬᠠᠮᠲᠤ ᠵᠢᠯ ᠤᠨ ᠳᠣᠲᠣᠷ᠎ᠠ ᠪᠦᠬᠦ ᠵᠠᠷᠤᠯᠭ᠎ᠠ ᠶᠢ ᠬᠡᠷᠡᠭᠯᠡᠵᠦ᠂ ᠮᠠᠨ ᠤ ᠰᠢᠶᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠲᠥᠷᠥᠯ ᠵᠦᠢᠯ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠬᠡᠨ ᠨᠥᠬᠦᠪᠥᠷᠢᠯᠡᠵᠦ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠭᠡᠯᠡᠯᠭᠡ ᠶᠢᠨ ᠲᠡᠮᠳᠡᠭᠲᠦ ᠶᠢᠨ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠡᠭᠦᠷᠭᠡ ᠪᠣᠯᠤᠨ ᠬᠠᠷᠢᠭᠤᠴᠠᠯᠭ᠎ᠠ ᠪᠠᠨ ᠴᠢᠩᠭᠠᠳᠬᠠᠵᠣ᠂ ᠥᠪᠡᠷ ᠤᠨ ᠪᠡᠶ᠎ᠡ ᠪᠠᠷ ᠢᠶᠠᠨ ᠬᠢᠵᠦ᠂ ᠰᠢᠭᠤᠳ ᠪᠠᠶᠢᠷᠢᠯᠠᠭᠤᠯᠤᠨ᠂ ᠰᠢᠭᠤᠳ ᠣᠷᠣᠯᠴᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠵᠣᠷᠢᠭᠲᠠᠶ ᠠᠳᠬᠤᠵᠤ ᠵᠣᠷᠢᠭᠲᠠᠶ ᠬᠠᠮᠢᠶᠠᠷᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠬᠠᠳᠬᠠᠵᠤ᠂ ᠪᠠᠶᠢᠩᠭᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠬᠡᠷᠡᠭᠯᠡᠵᠦ ᠪᠠᠶᠢᠭ᠎ᠠ ᠪᠠᠶᠢᠳᠠᠯ ᠢ ᠨᠢᠭᠲᠠ ᠮᠥᠷᠳᠡᠵᠦ ᠂ ᠪᠡᠯᠡ ᠮᠥᠩᠭᠦ ᠬᠡᠷᠡᠭᠯᠡᠵᠦ ᠪᠠᠶᠢᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠢ ᠬᠠᠮᠵᠢᠯᠴᠠᠵᠤ᠂ ᠡᠯ᠎ᠡ ᠨᠢᠭᠡᠴᠡ ᠨᠦᠭᠦᠳ ᠲᠠᠪᠤᠨ ᠵᠢᠯ ᠤᠨ ᠲᠥᠷᠥᠯ ᠵᠦᠢᠯ ᠤᠨ ᠲᠥᠯᠥᠪᠯᠡᠭᠡ ᠶᠢ ᠦᠨᠳᠦᠰᠦᠯᠡᠨ᠂ ᠢᠷᠡᠬᠦ ᠵᠢᠯ ᠤᠨ ᠲᠦᠷᠥᠯ ᠵᠦᠢᠯ ᠢ ᠤᠷᠢᠳᠴᠢᠯᠠᠨ ᠲᠥᠯᠥᠪᠯᠡᠬᠦ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠣᠪᠴᠢᠶ᠎ᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠪᠡᠯᠡ ᠮᠥᠩᠭᠦ ᠰᠠᠯᠭᠠᠨ ᠥᠭᠬᠦ ᠨᠢ ᠲᠦᠷᠭᠡᠨ᠂ ᠬᠡᠷᠡᠭᠯᠡᠬᠦ ᠨᠢ ᠲᠣᠭᠲᠠᠭᠠᠯ ᠳᠤ ᠨᠡᠶᠢᠴᠡᠬᠦ ᠪᠥᠭᠡᠳ ᠪᠦᠲᠦᠮᠵᠢᠲᠡᠶ ᠨᠢᠭᠡᠴᠡ ᠶᠢ ᠰᠠᠶᠢᠰᠢᠶᠠᠵᠤ᠂ ᠪᠡᠯᠡ ᠮᠥᠩᠭᠦ ᠰᠠᠯᠭᠠᠨ ᠥᠭᠬᠦ ᠠᠬᠢᠴᠠ ᠨᠢ ᠤᠳᠠᠭᠠᠨ᠂ ᠲᠣᠬᠢᠷᠠᠭᠤᠯᠤᠨ ᠬᠡᠷᠡᠭᠯᠡᠬᠦ ᠨᠢ ᠲᠣᠭᠲᠠᠭᠠᠯ ᠳᠤ ᠨᠡᠶᠢᠴᠡᠬᠦ ᠦᠭᠡᠶ ᠨᠢᠭᠡᠴᠡ ᠶᠢ ᠵᠠᠷᠯᠠᠨ ᠮᠡᠳᠡᠭᠳᠡᠨ᠎ᠡ᠃ ᠲᠥᠷᠥᠯ ᠵᠦᠢᠯ ᠤᠨ ᠲᠣᠭᠲᠠᠭᠰᠠᠨ ᠴᠠᠭ ᠲᠠᠭᠠᠨ ᠪᠡᠶᠡᠯᠡᠭᠳᠡᠬᠦ ᠶᠢ ᠪᠠᠲᠤᠯᠠᠵᠤ᠂ ᠲᠥᠷᠥᠯ ᠵᠦᠢᠯ ᠤᠨ ᠨᠢᠭᠡᠴᠡ ᠶᠢ ᠰᠢᠮᠳᠠᠭᠤᠯᠵᠤ ᠪᠠᠶᠢᠭᠠᠳ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠯᠭᠠᠨ ᠥᠭᠴᠦ ᠬᠡᠷᠡᠭᠯᠡᠬᠦ ᠶᠢ ᠲᠦᠷᠭᠡᠳᠬᠡᠵᠦ᠂ ᠴᠢᠬᠤᠯᠠ ᠶᠡᠭᠡ ᠲᠥᠷᠥᠯ ᠵᠦᠢᠯ ᠪᠣᠯᠤᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠦᠢᠯᠡᠳᠦᠯ ᠢ ᠪᠠᠳᠠᠷᠠᠭᠤᠯᠵᠤ᠂ ᠪᠦᠬᠦ ᠰᠢᠶᠠᠨ ᠤ ᠠᠵᠤ ᠠᠬᠤᠶ ᠶᠢ ᠪᠦᠲᠦᠮᠵᠢᠲᠡᠶ ᠳᠠᠶᠢᠴᠢᠯᠠᠬᠤ ᠶᠢ ᠲᠦᠷᠭᠡᠬᠡᠨ ᠪᠣᠶ ᠪᠣᠯᠭᠠᠬᠤ ᠬᠡᠷᠡᠭᠲᠡᠢ ᠭᠡᠪᠡ᠃      ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号