ᠵᠠᠩ ᠶᠦᠩ ᠸᠧᠨ᠄ ᠪᠦᠬᠦ ᠬᠦᠴᠦᠨ ᠢᠶᠠᠷ ᠢᠶᠠᠨ ᠰᠢᠢᠳᠪᠦᠷᠢᠲᠦ ᠪᠠᠶᠢᠯᠳᠤᠭᠠᠨ ᠬᠢᠬᠦ ᠰᠦᠷ ᠬᠦᠴᠦᠨ ᠢᠶᠠᠷ ᠡᠴᠦᠰ ᠤᠨ ᠰᠢᠪᠲᠤᠯᠤᠯᠲᠠ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠵᠠᠪᠠᠯ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2020-07-28
     7 ᠳ᠋ᠤᠭᠠᠷ ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠣᠭᠤᠮᠲᠠ ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠲᠠᠬᠢᠨ ᠲᠠᠶᠢᠴᠢᠯᠠᠯᠳᠡ ᠬᠢᠵᠦ ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠠᠮᠤᠭ ᠤᠨ ᠶᠡᠭᠡ ᠤᠯᠤᠰ ᠲᠦᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠢᠭᠡ ᠨᠢᠭᠡ ᠪᠠᠷ ᠪᠠᠷᠢᠮᠵᠢᠶᠠᠯᠠᠨ᠂ ᠬᠠᠳᠬᠤᠮᠠᠯ ᠬᠠᠳᠬᠤᠬᠤ ᠡᠷᠳᠡᠮ ᠭᠠᠷᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠰᠢᠢᠳᠪᠦᠷᠢᠲᠦ ᠪᠠᠶᠢᠯᠳᠤᠭᠠᠨ ᠬᠢᠬᠦ ᠪᠠᠶᠢᠳᠠᠯ ᠢᠶᠠᠷ ᠡᠴᠦᠰ ᠤᠨ ᠰᠢᠪᠲᠤᠯᠤᠯᠲᠠ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠡᠢ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯ ᠵᠠᠪᠠᠯ ᠢᠯᠠᠯᠲᠠ ᠤᠯᠬᠤ ᠬᠠᠲᠠᠭᠤ ᠳᠠᠶᠢᠯᠠᠯᠳᠤᠭᠠᠨ ᠪᠣᠯᠣᠨ᠎ᠠ᠂ ᠤᠯᠠᠮ ᠬᠤᠶᠢᠰᠢ ᠪᠠᠨ ᠡᠭᠦᠷᠭᠡ ᠤᠯᠠᠮ ᠬᠠᠲᠠᠭᠤ ᠪᠡᠷᠬᠡ ᠪᠤᠯᠵᠤ᠂ ᠪᠠᠶᠢᠭᠤᠯᠤᠯ ᠲᠣᠭᠲᠠᠴᠠ ᠶᠢ ᠴᠦ ᠤᠯᠠᠮ ᠴᠢᠩᠭᠠᠳᠬᠠᠬᠤ ᠴᠢᠬᠤᠯᠠᠲᠠᠢ ᠪᠠᠶᠢᠵᠤ᠂ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠴᠦ ᠤᠯᠠᠮ ᠪᠣᠳᠠᠲᠠᠶᠢᠵᠢᠭᠤᠯᠬᠤ ᠬᠡᠷᠡᠭᠲᠡᠢ᠃ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠣᠷᠢᠵᠢᠭᠤᠯᠣᠨ᠂ ︽ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠠᠵᠢᠯ ᠢ ᠠᠳᠬᠤᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠪᠣᠯᠤᠨ ᠰᠢᠶᠠᠨ ᠤ ᠱᠠᠲᠤᠨ ᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠲᠠᠢ ᠬᠠᠷᠢᠯᠴᠠᠬᠤ ᠪᠠ ᠰᠢᠶᠠᠩ ᠪᠠᠯᠭᠠᠰᠤ᠂ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠲᠦᠷᠦᠭᠦᠯᠡᠨ ᠰᠠᠶᠢᠲᠤᠷ ᠠᠳᠬᠤᠬᠤ ᠬᠡᠷᠡᠭᠲᠡᠶ︔ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ ᠭᠠᠷ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠥᠪᠡᠷ ᠤᠨ ᠪᠡᠶ᠎ᠡ ᠪᠠᠷ ᠢᠶᠠᠨ ᠠᠷᠭ᠎ᠠ ᠰᠦᠪᠡᠭᠴᠢᠯᠡᠵᠦ᠂ ᠠᠵᠢᠯ ᠢ ᠨᠢᠭᠡ ᠨᠢᠭᠡ ᠪᠠᠷ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡ ᠨᠢᠭᠡ ᠪᠠᠷ ᠰᠢᠢᠳᠪᠦᠷᠢᠯᠡᠬᠦ ᠬᠡᠷᠡᠭᠲᠡᠢ︔ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠬᠠᠶᠢᠷ᠎ᠠ ᠰᠡᠳᠬᠢᠯᠭᠡ ᠲᠠᠢ ᠪᠠᠷ᠂ ᠬᠠᠷᠢᠭᠤᠴᠠᠯᠭ᠎ᠠ ᠲᠠᠢ ᠪᠠᠷ ᠲᠣᠰᠬᠤᠨ ᠳᠤ ᠰᠠᠭᠤᠭ᠎ᠠ ᠡᠷᠦᠬᠡ ᠶᠢ ᠳᠠᠭᠠᠭᠠᠴᠢᠯᠠᠨ ᠶᠠᠳᠠᠭᠤ ᠶᠢ ᠲᠡᠳᠬᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠶᠡᠷᠦᠩᠬᠡᠢ ᠳᠠᠭᠠᠷᠢᠯᠲᠠ ᠶᠢ ᠨᠢᠭᠡᠨᠲᠡ ᠡᠬᠢᠯᠡᠭᠦᠯᠪᠡ᠂ ᠤᠨᠢᠨ ᠳᠡᠭᠡᠷ᠎ᠡ ᠨᠢ ᠬᠤᠸᠠᠷ ᠬᠠᠳᠬᠤᠬᠤ ᠳᠤ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠂ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠣᠨᠢᠯᠠᠵᠤ ᠲᠥᠪᠯᠡᠷᠡᠭᠦᠯᠦᠨ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠣᠷᠢᠵᠢᠭᠤᠯᠬᠤ ᠬᠡᠷᠡᠭᠲᠡᠢ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ  ᠤᠨ ᠠᠰᠠᠭᠤᠳᠠᠯ ᠢ ᠪᠠᠶᠢᠴᠠᠭᠠᠨ ᠦᠵᠡᠬᠦ ᠵᠡᠷᠭᠡ ᠶᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠬᠢᠵᠢᠭ ᠤᠨ ᠪᠠᠶᠢᠳᠠᠯ ᠤᠨ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠬᠥᠳᠡᠯᠮᠦᠷᠢ ᠬᠦᠴᠦᠨ ᠤ ᠭᠠᠳᠠᠭᠰᠢ ᠭᠠᠷᠴᠤ ᠠᠵᠢᠯ ᠬᠢᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠵᠢᠴᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠶ᠃ ᠠᠵᠤ ᠦᠢᠯᠡᠰ᠂ ᠠᠵᠢᠯ ᠣᠯᠭᠤᠯᠲᠠ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠳᠠᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︔ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ︔ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠠᠯᠠ ᠮᠥᠩᠭᠦ ᠶᠢᠨ ᠵᠠᠷᠤᠯᠭ᠎ᠠ ᠶᠢ ᠲᠦᠷᠭᠡᠳᠬᠡᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠯᠢ ᠲᠦᠷᠭᠡᠨ ᠢᠶᠠᠷ ᠠᠵᠢᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号