ᠬᠤᠷᠢᠨᠭᠡᠷ ᠰᠢᠶᠠᠨ 2020 ᠣᠨ ᠤ ᠦᠢᠯᠡᠳᠪᠦᠷᠢᠯᠡᠯ ᠤᠨ ᠠᠶᠣᠯᠭᠦᠢ ᠶᠢᠨ ᠠᠳᠡᠯ ᠢ ᠰᠡᠷᠡᠮᠵᠢᠯᠡᠭᠦᠯᠬᠦ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-29
     7 ᠳ᠋ᠤᠭᠠᠷ ᠰᠠᠷ᠎ᠠ ᠶᠢᠨ 24 ᠤ ᠡᠳᠦᠷ᠂ ᠬᠤᠷᠢᠨᠭᠡᠷ ᠰᠢᠶᠠᠨ ᠤ 2020 ᠣᠨ ᠤ ᠦᠢᠯᠡᠳᠪᠦᠷᠢᠯᠡᠯ ᠤᠨ ᠠᠶᠣᠯᠭᠦᠢ ᠶᠢᠨ ᠠᠳᠡᠯ ᠢ ᠰᠡᠷᠡᠮᠵᠢᠯᠡᠭᠦᠯᠬᠦ ᠶᠡᠭᠡ ᠬᠤᠷᠠᠯ ᠢ ᠰᠢᠨ᠎ᠡ ᠶᠢ ᠡᠭᠦᠳᠦᠭᠴᠢ ᠶᠢᠨ ᠲᠥᠪ ᠬᠤᠷᠠᠯ ᠤᠨ ᠬᠡᠷ ᠲᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ᠂ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠯᠢᠨ ᠯᠢᠨ ᠬᠤᠷᠠᠯ ᠳᠤ ᠣᠷᠣᠯᠴᠠᠵᠣ ᠶᠠᠷᠢᠶ᠎ᠠ ᠲᠠᠯᠪᠢᠵᠠᠢ᠃ ᠬᠤᠷᠢᠨᠭᠡᠷ ᠰᠢᠨ᠎ᠡ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠪᠦᠬᠦ ᠰᠢᠶᠠᠨ ᠤ ᠭᠤᠣᠯᠳᠠᠯᠭ᠎ᠠ ᠲᠠᠢ ᠪᠠᠷᠢᠯᠭ᠎ᠠ ᠪᠠᠷᠢᠬᠤ ᠠᠵᠤ ᠠᠬᠤᠶᠢᠯᠠᠯ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠨᠡ ᠵᠢᠯ ᠤᠨ ᠬᠤᠶᠠᠷ ᠠᠳᠡᠯ ᠭᠠᠷᠣᠭᠰᠠᠨ ᠨᠢᠭᠡᠴᠡ ᠦᠢᠯᠡᠳᠪᠦᠷᠢᠯᠡᠯ ᠤᠨ ᠠᠶᠣᠯᠭᠦᠢ ᠶᠢᠨ ᠠᠳᠡᠯ ᠤᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠷᠢᠭᠤᠴᠠᠯᠭᠠᠲᠠᠨ ᠲᠤᠰ ᠲᠤᠰ ᠶᠠᠷᠢᠶ᠎ᠠ ᠲᠠᠯᠪᠢᠵᠠᠶ᠃ ᠰᠢᠶᠠᠨ ᠤ ᠵᠠᠰᠠᠭ ᠤᠨ ᠣᠷᠳᠣᠨ ᠤ ᠠᠳᠡᠯ ᠢ ᠪᠠᠶᠢᠴᠠᠭᠠᠬᠤ ᠳᠤᠭᠤᠶᠢᠯᠠᠩ ᠠᠴᠠ ᠠᠳᠡᠯ ᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠤᠢᠢᠷ᠎ᠠ ᠶᠢᠨ ᠭᠤᠷᠪᠠᠨ ᠵᠢᠯ ᠤᠨ ᠲᠤᠷᠰᠢᠬᠢ ᠪᠦᠬᠦ ᠰᠢᠶᠠᠨ ᠤ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠤᠨ ᠪᠠᠶᠢᠳᠠᠯ ᠢ ᠮᠡᠳᠡᠭᠦᠯᠪᠡ᠃      ᠵᠠᠩ ᠯᠢᠨ ᠯᠢᠨ ᠴᠢᠬᠤᠯᠠᠴᠢᠯᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢᠶᠠᠨ ᠴᠢᠩᠬᠠᠳᠬᠠᠵᠤ᠂ ᠮᠠᠨ ᠤ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠤᠷᠲᠤ ᠤᠳᠠᠭᠠᠨ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠪᠣᠳᠣᠯᠢᠶᠠᠨᠲᠤ ᠴᠢᠨᠠᠷ ᠂ ᠳᠠᠬᠢᠨ ᠳᠠᠪᠲᠠᠬᠤ ᠴᠢᠨᠠᠷ ᠢ ᠭᠦᠨᠵᠡᠭᠡᠶ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠦᠵᠡᠯ ᠰᠠᠨᠠᠭ᠎ᠠ ᠶᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠣᠭᠤᠰᠢᠯᠠᠭᠤᠯᠤᠨ ᠨᠠᠶᠢᠳᠠᠪᠤᠷᠢᠵᠢᠭᠤᠯᠬᠤ        ᠬᠡᠷᠡᠭᠲᠡᠶ᠃ ᠵᠠᠩᠭᠢᠯᠠᠭ᠎ᠠ ᠶᠢ ᠡᠵᠡᠮᠳᠡᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠲᠥᠷᠥᠯ ᠤᠨ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠭᠦᠢᠴᠡᠳᠬᠡᠨ᠂ ᠦᠨᠡᠨᠬᠦ ᠠᠳᠬᠤᠵᠤ ᠪᠣᠳᠠᠲᠠᠶ ᠠᠵᠢᠯᠯᠠᠨ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠲᠡᠢ᠃ ᠴᠥᠬᠦᠷᠡᠰᠢ ᠦᠭᠡᠢ ᠪᠠᠷᠢᠮᠲᠠᠯᠠᠵᠤ᠂ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠡᠳᠡᠭᠡᠯᠡᠬᠦ᠂ ᠪᠣᠯᠵᠣᠨ ᠶᠠᠷᠢᠯᠴᠠᠬᠤ᠂ ᠰᠡᠷᠡᠮᠵᠢᠯᠡᠭᠦᠯᠬᠦ᠂ ᠢᠯᠡᠴᠢᠯᠡᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠠᠶᠣᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠩ ᠴᠢᠩᠭ᠎ᠠ᠂ ᠨᠠᠩ ᠪᠣᠳᠠᠲᠠᠶ᠂ ᠨᠠᠩ ᠨᠠᠷᠢᠯᠢᠭ ᠠᠳᠬᠤᠨ᠂ ᠪᠦᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠤ ᠣᠷᠣᠯᠴᠠᠭᠰᠠᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃      ᠬᠤᠷᠠᠯ ᠤᠨ ᠳᠠᠷᠠᠭ᠎ᠠ᠂ ᠵᠠᠩ ᠯᠢᠨ ᠯᠢᠨ ᠾᠧᠩ ᠳ᠋ᠡ ᠮᠥᠩᠭᠦᠨ ᠭᠦᠢᠯᠭᠡᠭᠡᠨ ᠤ ᠨᠢᠭᠡᠳᠦᠭᠡᠷ ᠬᠤᠭᠤᠴᠠᠭ᠎ᠠ᠂ ᠶᠠᠨ ᠵᠢᠩ ᠫᠢᠸᠤ᠋ ︵ᠬᠥᠬᠡᠬᠤᠲᠠ︶ ᠬᠢᠵᠠᠭᠠᠷᠲᠤ ᠺᠣᠮᠫᠠᠨᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠳᠡᠨ ᠢ ᠡᠯ᠎ᠡ ᠵᠦᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠬᠤ ᠶᠢ ᠱᠠᠭᠠᠷᠳᠠᠵᠤ᠂ ᠦᠢᠯᠡᠳᠪᠦᠷᠢᠯᠡᠯ ᠤᠨ ᠪᠠᠷᠢᠯᠭ᠎ᠠ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠣᠯᠠᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号