ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠬᠤᠷᠢᠨᠭᠡᠷ ᠰᠢᠶᠠᠨ ᠳᠤ ᠬᠦᠷᠴᠦ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-07-30
     7 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠠᠵᠠᠷ ᠤᠨ ᠳᠠᠷᠤᠭ᠎ᠠ ᠸᠠᠩ ᠶᠢᠨ ᠪᠥᠸᠧ ᠳᠤᠭᠤᠶᠢᠯᠠᠩ ᠳᠠᠭᠠᠭᠤᠯᠤᠨ ᠮᠠᠨ ᠤ ᠰᠢᠶᠠᠨ ᠳᠤ ᠬᠦᠷᠴᠦ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠯᠢ ᠮᠢᠩ᠂ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ᠭᠠᠵᠠᠷ ᠬᠥᠳᠡᠯᠦᠯᠲᠡ ᠶᠢᠨ ᠲᠣᠪᠴᠢᠶ᠎ᠠ︶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠯᠲᠠ ᠬᠢᠪᠡ᠃      ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠭᠠᠵᠠᠷ ᠬᠥᠳᠡᠯᠦᠯᠲᠡ ᠶᠢᠨ ᠲᠣᠪᠴᠢᠶᠠᠨ ᠤ ᠭᠠᠵᠠᠷ ᠬᠦᠳᠡᠯᠦᠯᠲᠡ ᠶᠢ ᠬᠡᠮᠵᠢᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠱᠧᠩ ᠯᠧ ᠠᠭᠤᠳᠠᠮ ᠲᠠᠯᠠᠪᠠᠶ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠭᠠᠵᠠᠷ ᠵᠢᠴᠢ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠣᠷᠳᠣᠨ ᠢ ᠪᠠᠶᠢᠴᠠᠭᠠᠨ ᠦᠵᠡᠵᠦ᠂ ᠰᠢᠨ᠎ᠡ ᠪᠠᠷ ᠪᠠᠶᠢᠭᠤᠯᠣᠭᠰᠠᠨ ᠱᠧᠩ ᠯᠢ ᠶᠢᠩ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠣᠯᠪᠠᠰᠣᠷᠠᠭᠤᠯᠣᠯ ᠤᠨ ᠰᠠᠭᠤᠷᠢᠨ ᠭᠠᠵᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ᠎ᠡ ᠬᠠᠶ᠋ᠢᠭ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠯᠲᠠ ᠬᠢᠵᠡᠶ᠃      ᠰᠠᠭᠤᠳᠠᠯ ᠤᠨ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠬᠠᠷᠢᠭᠤᠴᠠᠯᠭ᠎ᠠ ᠶᠢ ᠬᠤᠪᠢᠶᠠᠷᠢᠯᠠᠬᠤ ᠲᠤᠬᠠᠶ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ᠂ ᠵᠢᠯᠣᠭᠤᠳᠤᠨ ᠵᠣᠬᠢᠴᠠᠭᠤᠯᠬᠤ ᠴᠢᠳᠠᠪᠤᠷᠢ᠂ ᠭᠠᠵᠠᠷ ᠬᠥᠳᠡᠯᠦᠯᠲᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠂ ᠭᠠᠮᠰᠢᠭ ᠢ ᠰᠡᠷᠭᠡᠶᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号