ᠰᠢᠨ᠎ᠡ ᠳᠡᠯᠭᠡᠭᠦᠷ ᠪᠠᠯᠭᠠᠰᠤ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ  ᠲᠠᠢ ᠬᠠᠮᠲᠣᠷᠠᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/14
     8 ᠳ᠋ᠤᠭᠠᠷ ᠰᠠᠷ᠎ᠠ ᠶᠢᠨ 31 ᠤ ᠡᠳᠦᠷ᠂ ᠰᠢᠨ᠎ᠡ ᠳᠡᠯᠭᠡᠭᠦᠷ ᠪᠠᠯᠭᠠᠰᠤᠨ ᠤ ᠵᠠᠰᠠᠭ ᠤᠨ ᠣᠷᠳᠣᠨ ᠪᠣᠯᠤᠨ ᠬᠤᠷᠢᠨᠭᠡᠷ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠰᠢᠨ᠎ᠡ ᠳᠡᠯᠭᠡᠭᠦᠷ ᠪᠠᠯᠭᠠᠰᠤᠨ ᠤ ᠠᠭᠤᠳᠠᠮ ᠲᠠᠯᠠᠪᠠᠶ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠥᠩᠭᠡᠷᠡᠬᠦ ᠵᠠᠮ ᠤᠨ ᠬᠥᠮᠦᠰ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠭᠠᠵᠠᠷ ᠤᠨ ᠠᠷᠠᠳ ᠣᠯᠠᠨ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠭᠤᠯᠪᠠ᠃ ᠤᠬᠠᠭᠤᠯᠤᠭᠴᠢᠳ ᠤᠬᠠᠭᠤᠯᠬᠤ ᠬᠡᠪᠴᠢᠶ᠎ᠡ ᠪᠠᠨ ᠥᠷᠭᠡᠳᠬᠡᠬᠦ ᠶᠢᠨ ᠲᠥᠯᠥᠭᠡ᠂ ᠵᠡᠭᠡᠯᠢ ᠭᠤᠳᠤᠮᠵᠢ ᠪᠠᠷ ᠶᠠᠪᠤᠵᠤ᠂ ᠠᠷᠠᠳ ᠣᠯᠠᠨ ᠤ ᠳᠤᠮᠳᠠ ᠭᠦᠨᠵᠡᠭᠡᠶᠢᠷᠡᠵᠦ᠂ ᠲᠣᠰᠬᠤᠨ ᠤ ᠠᠷᠠᠳ ᠲᠤ ᠠᠮᠢᠲᠠᠨ ᠤ ᠬᠢᠵᠢᠭ ᠡᠪᠡᠳᠴᠢᠨ ᠤ ᠲᠤᠬᠠᠶ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠡᠯ᠎ᠡ ᠲᠥᠷᠥᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠡᠷᠬᠢᠨ ᠮᠠᠭᠠᠳᠯᠠᠨ ᠲᠣᠭᠲᠠᠭᠠᠬᠤ ᠲᠤᠬᠠᠶ ᠨᠠᠷᠢᠨ ᠲᠠᠶᠢᠯᠪᠤᠷᠢᠯᠠᠪᠠ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠤᠬᠠᠭᠤᠯᠤᠭᠴᠢ ᠲᠤᠬᠠᠶ ᠶᠢᠨ ᠲᠠᠯᠠᠪᠠᠶ ᠶᠢᠨ ᠲᠣᠰᠬᠤᠨ ᠤ ᠠᠷᠠᠳ ᠲᠤ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠲᠣᠰᠬᠤᠨ ᠤ ᠠᠷᠠᠳ ᠲᠤ ᠡᠯ᠎ᠡ ᠲᠥᠷᠥᠯ ᠤᠨ ᠭᠡᠨᠡᠳᠲᠡ ᠡᠭᠦᠰᠬᠦ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠠᠷᠭ᠎ᠠ ᠬᠡᠮᠵᠢᠶ᠎ᠡ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠵᠢᠭᠠᠵᠤ ᠥᠭᠴᠡᠶ᠃      ᠲᠤᠬᠠᠶ ᠶᠢᠨ ᠭᠠᠵᠠᠷ ᠲᠤᠨᠢ ᠤᠬᠠᠭᠤᠯᠵᠤ᠂ ᠲᠣᠰᠬᠤᠨ ᠤ ᠠᠷᠠᠳ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠮᠡᠳᠡᠯᠭᠡ ᠵᠡᠷᠭᠡ ᠶᠢᠨ ᠲᠤᠬᠠᠶ ᠣᠶᠢᠯᠠᠭᠠᠯᠲᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠪᠡᠶ᠎ᠡ ᠪᠠᠨ ᠳᠠᠭᠠᠭᠠᠵᠤ ᠰᠡᠷᠭᠡᠶᠢᠯᠡᠬᠦ ᠤᠬᠠᠮᠰᠠᠷ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠷᠭᠡᠵᠢᠯ ᠵᠢᠴᠢ ᠠᠮᠤᠷ ᠲᠦᠪᠰᠢᠨ ᠢ ᠠᠷᠭᠠᠴᠠᠭᠠᠬᠤ ᠬᠢᠷᠢ ᠲᠦᠪᠰᠢᠨ ᠢ ᠨᠡᠮᠡᠭᠳᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠢᠳᠡᠪᠬᠢᠲᠡᠢ ᠪᠤᠢ ᠪᠣᠯᠭᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号