ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠤᠪᠴᠢᠶᠠᠨ ᠳᠠᠷᠤᠭ᠎ᠠ ᠯᠢ ᠳ᠋ᠦᠩ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠰᠠᠯᠠᠭᠠᠨ ᠳᠠᠷᠤᠭ᠎ᠠ ᠵᠠᠩ ᠸᠧᠶ ᠳ᠋ᠦᠩ᠂ ᠠᠯᠪᠠᠨ ᠬᠡᠷ ᠤᠨ ᠳᠡᠳ᠋ | ᠡᠷᠬᠢᠯᠡᠭᠴᠢ ᠵᠣᠣ ᠶᠠ ᠷᠦ᠋ | 1.ᠬᠠᠮᠢᠶᠠᠷᠤᠭᠴᠢ᠄ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ | ᠵᠣᠴᠢᠳ ᠲᠠᠢ ᠵᠤᠭᠤᠭᠳᠠᠵᠤ ᠪᠤᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | 2. ᠬᠦᠳᠦᠯᠦᠭᠴᠢ | ᠠᠷᠠᠳ ᠲᠦᠮᠡᠨ ᠢ ᠳᠠᠭᠠᠭᠤᠯᠤᠨ ᠤᠳᠠᠭᠠᠨ ᠣᠨ ᠤ ᠶᠠᠳᠠᠭᠤ ᠬᠦᠴᠢᠷᠳᠡᠯ ᠠᠴᠠ ᠠᠩᠭᠢᠵᠢᠷᠠᠵᠤ᠂ ᠪᠦᠬᠦ | ᠲᠠᠯ᠎ᠠ ᠪᠠᠷ ᠴᠢᠨᠡᠭᠡᠯᠢᠭᠵᠢᠬᠦ ᠵᠣᠯ ᠵᠢᠷᠭᠠᠯᠲᠤ ᠠᠮᠢᠳᠤᠷᠠᠯ ᠤᠨ ᠬᠠᠷᠠᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ | ᠡᠪ ᠬᠠᠮᠲᠤ ᠨᠠᠮ ᠤᠨ ᠠᠷᠠᠳ ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠮᠥᠨ᠃ 2020 ᠣᠨ ᠳᠤ | ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠲᠤᠤᠷᠠᠬᠢ ᠬᠥᠳᠡᠭᠡ ᠲᠤᠰᠬᠤᠨ ᠤ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠳᠠᠢ ᠪᠦᠬᠦᠯᠢ ᠴᠣᠭᠴᠠ ᠶᠢᠨ ᠶᠠᠳᠠᠭᠤ | ᠬᠦᠴᠢᠷᠳᠡᠯ ᠢ ᠰᠢᠢᠳᠪᠦᠷᠢᠯᠡᠬᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠠᠭᠠᠳᠤ ᠵᠠᠬ᠎ᠠ ᠶᠢᠨ | ᠡᠭᠦᠷᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ ᠲᠡᠷᠢᠭᠦᠨ ᠴᠢᠬᠤᠯᠠ | ᠶᠠᠪᠤᠳᠠᠯ ᠮᠥᠨ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ | ᠨᠢᠭᠡᠨᠲᠡ ᠪᠠᠬᠢᠯᠡᠯᠲᠡ ᠳᠠᠭᠠᠷᠢᠬᠤ᠂ ᠡᠴᠦᠰ ᠤᠨ ᠢᠯᠠᠯᠲᠠ ᠶᠢ ᠣᠯᠬᠤ ᠵᠠᠩᠭᠢᠯᠠᠭ᠎ᠠ ᠶᠢᠨ ᠴᠠᠭ ᠲᠠᠭᠠᠨ ᠤᠷᠤᠭᠠᠳ | ᠪᠤᠢ᠂ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ | ᠦᠢᠯᠡᠳᠦᠯ ᠢᠶᠠᠨ ᠬᠡᠷᠬᠢᠨ ᠪᠠᠳᠠᠷᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ | ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠳᠤ ᠬᠦᠴᠦᠨ ᠨᠡᠮᠡᠷᠢᠯᠡᠭᠰᠡᠨ ᠪᠤᠢ︖ | 3. ᠬᠦᠳᠦᠯᠦᠭᠴᠢ | ᠡᠨᠡ ᠵᠢᠯ ᠥᠪᠥᠷ ᠮᠣᠩᠭᠤᠯ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠨᠢᠬᠡᠨᠲᠡ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ ᠭᠡᠵᠦ ᠨᠡᠶᠢᠳᠡᠯᠡᠯ᠎ᠡ᠃ ᠲᠡᠭᠡᠪᠡᠯ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠮᠠᠨ ᠤ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠢᠳᠪᠦᠷᠢᠳᠦ ᠳᠠᠶᠢᠯᠠᠯᠳᠤᠭᠠᠨ ᠤ | ᠰᠢᠢᠳᠪᠦᠷᠢᠲᠦ ᠢᠯᠠᠯᠲᠠ ᠶᠢ ᠤᠯᠬᠤ ᠶᠢ ᠠᠬᠢᠭᠤᠯᠬᠤ ᠶᠠᠪᠤᠴᠠ ᠳᠤ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ ᠪᠣᠶ | ︖ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ 2019 ᠣᠨ ᠤ ᠪᠥᠬᠦ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ | ᠭᠤᠷᠪᠠᠳᠤᠭᠠᠷ ᠲᠤ ᠵᠢᠭᠰᠠᠭᠠᠭᠳᠠᠵᠤ᠂ ᠪᠥᠬᠦ ᠬᠤᠲᠠ ᠶᠢᠨ 17 ᠠᠬᠢᠭᠤᠯᠬᠤ ᠳᠤᠭᠤᠶᠢᠯᠠᠩ ᠤᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠨᠢᠭᠡᠳᠦᠭᠡᠷ ᠲᠤ | ᠵᠢᠭᠰᠠᠭᠠᠭᠳᠠᠭᠰᠠᠨ ᠰᠠᠶᠢᠨ ᠬᠢᠷᠢ ᠪᠦᠲᠦᠮᠵᠢ ᠣᠯᠤᠭᠰᠠᠨ ᠪᠣᠢ︖ | 4.ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ | | | | | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ | ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠬᠤ ᠪᠣᠯ ᠰᠢ ᠶᠢᠨ ᠫᠢᠩ ᠨᠥᠬᠦᠷ ᠢᠶᠠᠷ ᠭᠤᠣᠯ | ᠪᠤᠯᠭᠠᠭᠰᠠᠨ ᠨᠠᠮ ᠤᠨ ᠲᠥᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ ᠠᠮᠠᠯᠠᠭᠰᠠᠨᠲ᠋ᠥ᠋ᠪ ᠴᠢᠩᠭ᠎ᠠ | ᠠᠮᠠᠯᠠᠯᠲᠠ ᠮᠥᠨ᠂ ᠮᠦᠨ ᠴᠤ ᠮᠠᠨ ᠤ ᠣᠳᠣᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ | 2019 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ | ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠤᠨ | ᠡᠭᠦᠷᠭᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠳᠤ ᠰᠠᠭᠤᠷᠢᠯᠠᠵᠤ᠂ ᠡᠭᠦᠷᠭᠡ ᠶᠢ ᠠᠬᠢᠭᠤᠯᠬᠤ ᠶᠢ ᠴᠢᠩᠭ᠎ᠠ ᠠᠩᠬᠠᠷᠴᠤ᠂ ︽4 ᠲᠠᠯ᠎ᠠ︾ ᠶᠢ | ᠰᠠᠶᠢᠲᠤᠷ ᠠᠳᠬᠤᠵᠤ᠂ ᠰᠢᠢᠳᠪᠦᠷᠢᠲᠦ ᠢᠯᠠᠯᠲᠠ ᠶᠢ ᠣᠯᠬᠤ ᠪᠣᠭᠤᠮᠳᠠ ᠰᠢᠪᠳᠤᠯᠤᠯᠳᠠ ᠶᠢ ᠦᠨᠡᠨ ᠬᠦ ᠠᠳᠬᠤᠨ | ᠪᠣᠳᠠᠲᠠᠢ ᠠᠵᠢᠯᠯᠠᠪᠠ᠃ | ᠨᠢᠭᠡ ᠳᠤ ᠵᠤᠬᠢᠶᠠᠨ ᠪᠠᠶᠢᠭᠤᠯᠵᠤ ᠤᠳᠤᠷᠢᠳᠬᠤ ᠶᠢ ᠪᠣᠳᠠᠳᠠᠢ ᠠᠳᠬᠤᠪᠠ᠃ ᠪᠢᠳᠡ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ | ᠡᠭᠦᠷᠭᠡᠯᠡᠭᠰᠡᠨ ︽ᠶᠠᠳᠠᠭᠤ ᠶᠢ ᠲᠡᠳᠬᠦᠬᠦ ᠪᠡᠯᠡ ᠮᠥᠩᠭᠦ ᠬᠤᠷᠠᠮᠳᠤᠭᠤᠯᠬᠤ ᠶᠢ ᠪᠠᠲᠤᠯᠠᠬᠤ᠂ ᠴᠠᠭ ᠲᠤᠬᠠᠢ ᠳᠤᠨᠢ | ᠳᠣᠷᠣᠭᠰᠢ ᠪᠠᠭᠤᠯᠭᠠᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ︾ ᠬᠡᠳᠦᠨ ᠵᠦᠢᠯ ᠤᠨ ᠭᠤᠣᠯᠳᠠᠯᠭ᠎ᠠ ᠲᠠᠢ ᠡᠭᠦᠷᠭᠡ | ᠪᠠ ᠠᠵᠢᠯ ᠤᠨ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠲᠣᠪᠴᠢᠶᠠᠨ ᠤ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠤᠳᠤᠷᠢᠳᠬᠤ ᠲᠤᠭᠤᠶᠢᠯᠠᠩ᠂ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠰᠠᠭᠤᠳᠠᠯ ᠢ ᠵᠢᠭᠰᠠᠭᠠᠨ | ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ ᠶᠢ ᠳᠠᠬᠢᠨ ᠡᠮᠬᠢᠯᠡᠵᠦ᠂ ᠳᠠᠬᠢᠨ | ᠨᠠᠷᠢᠯᠢᠭᠵᠢᠭᠤᠯᠵᠤ᠂ ︽ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠰ ᠲᠤᠰ ᠤᠨ ᠬᠠᠷᠢᠭᠤᠴᠠᠯᠭ᠎ᠠ ᠪᠠᠨ | ᠬᠦᠢᠴᠡᠳᠭᠡᠬᠦ᠂ ᠵᠣᠬᠢᠴᠠᠭᠤᠯᠤᠨ ᠠᠬᠢᠭᠤᠯᠬᠤ︾ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ | ᠪᠦᠷᠢᠯᠳᠦᠭᠦᠯᠬᠦ ᠶᠢᠨ ᠬᠠᠮᠲᠤ ᠪᠦᠬᠦ ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠰᠡᠳᠦᠪᠲᠦ ᠬᠤᠷᠠᠯ ᠢ ᠤᠯᠠᠨᠲᠠ ᠬᠤᠷᠠᠯᠳᠤᠭᠤᠯᠵᠤ᠂ ᠡᠯ᠎ᠡ | ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ᠂ ᠠᠮᠵᠢᠯᠲᠠ ᠪᠦᠲᠦᠮᠵᠢ ᠶᠢ ᠦᠨᠡᠯᠡᠬᠦ᠂ ᠠᠯᠪᠠᠨ ᠵᠠᠷ | ᠨᠡᠶᠢᠲᠡᠯᠡᠬᠦ ᠶᠢ ᠰᠠᠶᠢᠲᠤᠷ ᠬᠢᠬᠦ ᠭᠤᠷᠪᠠᠨ ᠲᠠᠯ᠎ᠠ ᠪᠠᠷ ᠶᠠᠳᠠᠭᠤ ᠶᠢ ᠲᠡᠳᠬᠦᠬᠦ ᠪᠠᠯᠠ ᠮᠦᠩᠭᠦ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ | ᠪᠠᠯᠠ ᠮᠥᠩᠭᠦ ᠶᠢᠨ ᠣᠷᠳᠣ ᠬᠤᠭᠤᠴᠠᠭᠠᠨ ᠤ ᠬᠠᠮᠢᠶᠠᠷᠤᠯᠲᠠ ᠶᠢ ᠪᠠᠶᠢᠩᠭᠤ ᠠᠳᠬᠤᠵᠤ᠂ ᠣᠷᠳᠣ ᠬᠤᠭᠤᠴᠠᠭᠠᠨ ᠤ | ᠪᠦᠲᠦᠮᠵᠢᠲᠡᠶ ᠬᠢᠨᠠᠯᠲᠠ ᠲᠠᠯᠪᠢᠬᠤ ᠶᠢ ᠠᠬᠢᠭᠤᠯᠪᠠ᠃ | ᠬᠤᠶᠠᠷ ᠲᠤ ᠤᠨᠤᠯ ᠤᠨ ᠰᠤᠷᠤᠯᠴᠠᠯᠭ᠎ᠠ ᠶᠢ ᠠᠳᠬᠤᠪᠠ᠃ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ | ᠴᠢᠬᠤᠯᠠ ᠥᠭᠦᠯᠡᠯᠲᠡ᠂ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠤᠯᠤᠰ ᠲᠥᠷᠥ ᠶᠢᠨ ᠦᠨᠳᠦᠷᠴᠡ ᠳᠤ ᠲᠠᠯᠪᠢᠵᠤ᠂ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠲᠠᠢ | ᠤᠶᠠᠯᠳᠤᠭᠤᠯᠤᠨ᠂ ᠤᠷᠢᠳ ᠬᠤᠵᠢᠳ 12 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠤᠨᠤᠯ ᠤᠨ ᠰᠤᠷᠤᠯᠴᠠᠯᠭ᠎ᠠ᠂ ᠲᠥᠷᠥ ᠶᠢᠨ ᠪᠤᠳᠤᠯᠭ᠎ᠠ ᠶᠢ ᠤᠯᠠᠮᠵᠢᠯᠠᠬᠤ᠂ ᠠᠵᠢᠯ ᠢ ᠠᠬᠢᠭᠤᠯᠬᠤ ᠪᠠᠷ | ᠭᠤᠣᠯ ᠠᠭᠤᠯᠭ᠎ᠠ ᠪᠣᠯᠭᠠᠭᠰᠠᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ 5 ᠵᠢᠯ ᠤᠨ 6 ᠤᠳᠠᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ | ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠨᠠᠮ ᠤᠨ ᠤᠳᠤᠷᠢᠳᠬᠤ ᠳᠤᠭᠤᠶᠢᠯᠠᠩ | ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ᠂ ᠲᠤᠬᠠᠶᠢᠯᠠᠭᠰᠠᠨ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ | ᠵᠡᠷᠭᠡᠪᠡᠷ ᠨᠠᠶᠢᠳᠠᠪᠤᠷᠢᠵᠢᠭᠤᠯᠪᠠ᠃ | ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠶᠢ ᠠᠳᠬᠤᠪᠠ᠃ ᠲᠥᠷᠥᠯ ᠵᠦᠢᠯ ᠤᠨ ᠲᠥᠰᠦᠪ ᠤᠨ ᠪᠡᠯᠡ | ᠮᠥᠩᠭᠦ ᠶᠢ ᠪᠦᠬᠦ ᠬᠦᠴᠦᠨ ᠢᠶᠠᠷ ᠪᠠᠲᠤᠯᠠᠵᠤ᠂ 2019 ᠣᠨ ᠳᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ | ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 3.13 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ | ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 1.57 ᠳ᠋ᠦᠩᠰᠢᠭᠤᠷ | ᠲᠥᠭᠦᠷᠢᠭ ᠴᠢᠷᠮᠠᠶᠢᠨ ᠣᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ | ᠮᠥᠩᠭᠦ ᠶᠢ ᠴᠠᠭ ᠲᠤᠬᠠᠶ ᠳᠤᠨᠢ 4.5 ᠳ᠋ᠦᠩᠰᠢᠭᠤᠷ ᠲᠥᠭᠦᠷᠢᠭ ᠪᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠳᠠ ᠰᠢᠪᠳᠤᠯᠬᠤ ᠡᠭᠦᠷᠭᠡ ᠶᠢᠨ ᠬᠡᠷᠡᠭᠴᠡᠭᠡ ᠶᠢ ᠪᠠᠲᠤᠯᠠᠪᠠ᠃ | ᠳᠥᠷᠪᠡ ᠳᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠠᠳᠬᠤᠪᠠ᠃ ᠶᠠᠳᠠᠭᠤ ᠶᠢ ᠲᠡᠳᠬᠦᠬᠦ ᠪᠡᠯᠡ | ᠮᠥᠩᠭᠦ ᠶᠢ ᠳᠦᠷᠢᠮᠵᠢᠭᠦᠨ ᠥᠨᠳᠥᠷ ᠪᠦᠲᠦᠮᠵᠢᠲᠡᠶ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ᠂ ᠲᠥᠷᠦ ᠶᠢᠨ | ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠰᠢᠮᠳᠠᠭᠤᠯᠤᠨ ᠪᠠᠶᠢᠴᠠᠭᠠᠯᠲᠠ ᠵᠢᠴᠢ ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠯᠲᠠ᠂ ᠬᠢᠨᠠᠨ | ᠰᠢᠯᠭᠠᠯᠲᠠ ᠶᠢ ᠤᠭᠳᠤᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠱᠠᠳᠤ ᠲᠠᠪᠬᠤᠷᠭ᠎ᠠ ᠶᠢᠨ ᠲᠣᠭᠤᠷᠢᠨ | ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠬᠠᠷᠢᠭᠤ ᠳᠤᠰᠬᠠᠭᠰᠠᠨ ᠠᠰᠠᠭᠤᠳᠠᠯ ᠢ | ᠦᠨᠳᠦᠰᠦᠯᠡᠨ ︽ᠴᠢᠩᠭ᠎ᠠ ᠠᠩᠬᠠᠷᠴᠤ ᠪᠣᠳᠠᠲᠠᠢ ᠰᠠᠶᠢᠵᠢᠷᠠᠭᠤᠯᠤᠨ︾ ᠂ ᠪᠡᠯᠡ ᠮᠥᠩᠭᠦ ᠶᠢ ᠪᠠᠶᠢᠴᠠᠭᠠᠬᠤ ᠪᠠ | ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠯᠪᠠᠨ ᠶᠣᠰᠣᠨ ᠤ ᠪᠢᠴᠢᠭ | ᠮᠠᠲ᠋ᠧᠷᠢᠶᠠᠯ ᠢᠶᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠲᠠ ᠶᠢᠨ ᠨᠠᠮ ᠤᠨ | ᠬᠤᠷᠢᠶ᠎ᠠ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ | ᠤᠳᠤᠷᠢᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠯᠪᠠᠨ ᠭᠡᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠡᠷᠭᠡ ᠣᠯᠠᠨ ᠰᠠᠯᠠᠭ᠎ᠠ | ᠮᠥᠴᠢᠷ ᠲᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠪᠠᠨ 50 ᠭᠠᠷᠤᠶ ᠤᠳᠠᠭ᠎ᠠ ᠬᠠᠷᠢᠭᠤ ᠮᠡᠳᠡᠭᠦᠯᠵᠦ᠂ | ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ | ᠪᠠᠶᠢᠳᠠᠯ ᠢ ᠬᠢᠨᠠᠨ ᠡᠵᠡᠮᠳᠡᠬᠦ ᠲᠠᠪᠴᠠᠩ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠠᠭᠯᠠᠨ ᠮᠡᠳᠡᠭᠦᠯᠦᠭᠰᠡᠨ | ᠨᠣᠷᠮ᠎ᠠ ᠪᠠ ᠬᠢᠨᠠᠨ ᠬᠠᠷᠭᠤᠭᠤᠯᠤᠭᠰᠠᠨ ᠨᠣᠷᠮ᠎ᠠ ᠨᠢ ᠴᠦᠮ ᠵᠠᠭᠤ ᠶᠢ ᠳᠠᠪᠠᠵᠤ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠡᠳᠦᠷ ᠤᠨ ᠵᠠᠷᠤᠯᠭ᠎ᠠ ᠶᠢᠨ ᠠᠬᠢᠴᠠ 92% ᠠᠴᠠ ᠳᠡᠭᠡᠭᠰᠢ ᠳᠤ ᠬᠦᠷᠴᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠪᠣᠯᠤᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ | ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠡᠭᠡᠳᠦ ᠱᠠᠲᠤᠨ ᠤ ᠡᠳ᠋ ᠤᠨ ᠵᠠᠰᠠᠭ | ᠤᠨ ᠰᠠᠯᠠᠭ᠎ᠠ ᠮᠥᠴᠢᠷ ᠪᠣᠯᠤᠨ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠶᠢ | ᠬᠢᠨᠠᠨ ᠰᠢᠯᠭᠠᠬᠤ ᠳᠤᠭᠤᠶᠢᠯᠠᠩ ᠤᠨ ᠲᠠᠭᠠᠰᠢᠶᠠᠯ ᠢ ᠣᠯᠪᠠ᠃ | 5. ᠬᠥᠲᠥᠯᠥᠭᠴᠢ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ | ᠡᠴᠦᠰ ᠤᠨ ᠵᠢᠯ ᠪᠣᠯᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠲᠦᠭ ᠲᠦᠮᠡᠨ ᠠᠷᠠᠳ ᠲᠦᠮᠡᠨ ᠢ | ᠳᠠᠭᠠᠭᠤᠯᠤᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠣᠯ ᠵᠢᠷᠭᠠᠯ ᠵᠦᠭ ᠲᠡᠮᠡᠤᠯᠬᠦ ᠵᠢᠯ ᠮᠥᠨ᠃ ᠡᠨᠡ ᠬᠦ | ᠵᠠᠩᠭᠢᠯᠠᠭ᠎ᠠ ᠶᠢᠨ ᠴᠠᠭ ᠮᠥᠴᠡ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠨᠡ ᠵᠢᠯ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠡᠷᠬᠢᠨ ᠠᠬᠢᠭᠤᠯᠤᠭᠰᠠᠨ ᠪᠤᠢ︖ | 6. ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠳᠠᠷᠤᠭ᠎ᠠ ᠵᠠᠩ ᠸᠧᠶ ᠳ᠋ᠦᠩ | | | | | | ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠤᠶᠠᠷ ᠲᠤ ᠵᠣᠪᠠᠭ᠋ᠤ ᠦᠭᠡᠢ︾ ︽ᠭᠤᠷᠪᠠ ᠶᠢ | ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ | ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ | ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠦᠴᠢᠷ ᠤᠨ | ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠠᠵᠢᠯ ᠢ ᠠᠬᠢᠭᠤᠯᠬᠤ | ᠳᠤᠭᠤᠶᠢᠯᠠᠩ ᠳᠤ ᠡᠭᠦᠷᠭᠡᠯᠡᠬᠦ ᠠᠵᠢᠯ ᠤᠨ ᠡᠭᠦᠷᠭᠡ ᠪᠠᠨ ᠢᠳᠡᠪᠬᠢᠲᠡᠢ ᠪᠡᠶᠡᠯᠡᠭᠦᠯᠵᠦ᠂ ᠮᠠᠨ ᠤ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠪᠠ᠃ | ᠨᠢᠭᠡ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ | ᠬᠢᠪᠡ᠃ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠰᠤᠯᠠᠷᠠᠭᠤᠯᠬᠤ ᠦᠭᠡᠶ ᠪᠠᠶᠢᠬᠤ ᠪᠠ ᠶᠠᠳᠠᠭᠤ ᠠᠴᠠ ᠠᠩᠭᠢᠵᠢᠷᠠᠭᠤᠯᠬᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠱᠠᠲᠤᠨ ᠤ ᠶᠠᠳᠠᠭᠤ ᠶᠢ | ᠲᠡᠳᠬᠦᠬᠦ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ ᠶᠢ 3.3 ᠳ᠋ᠦᠩᠰᠢᠭᠤᠷ ᠲᠦᠭᠦᠷᠢᠭ ᠲᠣᠬᠢᠷᠠᠭᠤᠯᠵᠤ᠂ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠵᠠᠷᠤᠳᠠᠯ ᠢ 609 ᠲᠦᠮᠡᠨ ᠲᠥᠭᠦᠷᠢᠭ | ᠲᠣᠬᠢᠷᠠᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠨᠥᠬᠦᠪᠥᠷᠢ ᠵᠠᠷᠤᠳᠠᠯ ᠢ 86.8 ᠲᠦᠮᠡᠨ | ᠲᠥᠭᠦᠷᠢᠭ ᠲᠣᠬᠢᠷᠠᠭᠤᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ | ᠮᠥᠩᠭᠦ ᠶᠢ 2.4 ᠳ᠋ᠦᠩᠰᠢᠭᠤᠷ ᠲᠦᠭᠦᠷᠢᠭ ᠣᠯᠬᠤ ᠪᠠᠷ ᠴᠢᠷᠮᠠᠶᠢᠵᠤ᠂ ᠮᠠᠨ ᠤ ᠬᠤᠲᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠬᠤ ᠡᠯ᠎ᠡ ᠲᠥᠷᠥᠯ ᠤᠨ ᠡᠭᠦᠷᠭᠡ ᠶᠢᠨ ᠪᠡᠯᠡ ᠮᠥᠩᠭᠦ ᠶᠢᠨ ᠬᠡᠷᠡᠭᠴᠡᠭᠡ ᠶᠢ | ᠪᠦᠬᠦ ᠬᠦᠴᠦᠨ ᠢᠶᠠᠷ ᠪᠠᠳᠤᠯᠠᠪᠠ᠃ ᠡᠭᠦᠨ ᠤ ᠬᠠᠮᠲᠤ᠂ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠢᠶᠠᠷ ᠪᠡᠯᠡ | ᠮᠥᠩᠭᠦ ᠶᠢᠨ ᠪᠠᠲᠤᠯᠠᠭ᠎ᠠ ᠬᠠᠩᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠥᠷᠭᠡᠳᠭᠡᠬᠦ ᠬᠦᠰᠢᠬᠦ ᠦᠢᠯᠡᠳᠦᠯ ᠢ | ᠬᠦᠢᠴᠡᠳ ᠪᠠᠳᠠᠷᠠᠭᠤᠯᠬᠤ ᠲᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠢ ᠣᠷᠣᠯᠠᠨ ︽ᠡᠳ᠋ ᠤᠨ ᠵᠠᠰᠠᠭ᠂ | ᠮᠥᠩᠭᠦᠨ ᠬᠦᠢᠯᠭᠡᠭᠡ ᠪᠠ ᠨᠡᠶᠢᠭᠡᠮ ᠤᠨ ᠬᠥᠷᠥᠩᠭᠡ ᠬᠠᠮᠲᠤᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠬᠤ ᠳᠤ ᠬᠦᠴᠦᠨ ᠨᠡᠮᠡᠷᠢᠯᠡᠬᠦ ᠶᠢ ᠬᠡᠷᠡᠭᠵᠢᠬᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠲᠤᠭᠤᠷᠪᠢᠵᠤ᠂ | ᠮᠥᠩᠭᠦᠨ ᠭᠦᠢᠯᠭᠡᠭᠡ ᠪᠠ ᠨᠡᠶᠢᠭᠡᠮ ᠤᠨ ᠪᠡᠯᠡ ᠮᠥᠩᠭᠦ ᠶᠢ ᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠤᠷᠤᠯᠴᠠᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ ᠂ ᠡᠳ᠋ ᠤᠨ ᠵᠠᠰᠠᠭ ᠤᠨ ᠪᠠᠯᠠ | ᠮᠥᠩᠭᠦ ᠲᠠᠢ ᠨᠢᠭᠡ ᠴᠢᠭᠯᠡᠯ ᠢᠶᠠᠷ ᠨᠢᠭᠡᠳᠦᠯᠲᠡᠶ ᠲᠥᠯᠥᠪᠯᠡᠵᠦ᠂ ᠨᠢᠭᠡ ᠠᠶᠢᠵᠠᠮ ᠢᠶᠠᠷ ᠠᠵᠢᠯ ᠥᠷᠨᠢᠬᠦᠯᠵᠦ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠪᠠ᠃ | ᠬᠤᠶᠠᠷ ᠲᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠠᠯᠭᠠᠨ ᠥᠭᠬᠦ ᠠᠬᠢᠴᠠ ᠶᠢ | ᠲᠥᠷᠭᠡᠳᠭᠡᠵᠦ᠂ ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠰᠢᠯᠵᠢᠭᠦᠯᠦᠨ | ᠥᠭᠬᠦ ᠠᠵᠢᠯ ᠢ ᠰᠠᠶᠢᠲᠤᠷ ᠬᠢᠪᠡ᠃ ᠡᠳ᠋ ᠤᠨ ᠵᠠᠰᠠᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ | ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ | ᠪᠡᠯᠡ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠨᠢ ᠪᠣᠳᠠᠲᠠᠶᠢᠵᠢᠭᠤᠯᠬᠤ ᠶᠢ ᠪᠠᠲᠤᠯᠠᠵᠤ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ︽ ᠲᠥᠰᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ | ᠪᠣᠯᠤᠨ ︽ᠥᠪᠡᠷᠲᠡᠭᠡᠨ ᠵᠠᠰᠠᠬᠤ ᠣᠷᠣᠨ ᠤ ᠲᠤᠰᠬᠠᠶ ᠲᠦᠷᠦᠯ ᠢᠶᠠᠷ ᠲᠤᠷᠤᠭᠰᠢ ᠮᠦᠩᠭᠦ ᠰᠢᠯᠵᠢᠭᠦᠯᠦᠨ ᠥᠭᠬᠦ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠶ ᠬᠡᠷᠡᠭᠵᠢᠬᠦᠯᠵᠦ᠂ ᠳᠡᠭᠡᠳᠦ | ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠭᠦᠢᠴᠡᠳᠬᠡᠯ ᠲᠣᠭᠠᠨ ᠤ ᠪᠢᠴᠢᠭ ᠮᠠᠲ᠋ᠧᠷᠢᠶᠠᠯ ᠢ | ᠣᠯᠤᠭᠰᠠᠨ ᠤ ᠳᠠᠷᠠᠭ᠎ᠠ᠂ ᠬᠠᠮᠤᠭ ᠲᠡᠷᠢᠭᠦᠨ ᠳᠤ ᠪᠢᠴᠢᠭ ᠮᠠᠲ᠋ᠧᠷᠢᠶᠠᠯ ᠢ ᠹᠠᠺᠰ ᠪᠤᠶᠤ ᠰᠢᠦᠳᠠᠨ ᠤ ᠬᠠᠶᠢᠷᠴᠠᠭ ᠢᠶᠠᠷ | ᠳᠠᠮᠵᠢᠭᠤᠯᠤᠨ ᠶᠠᠳᠠᠭᠤ ᠶᠢ ᠲᠡᠳᠬᠦᠬᠦ ᠵᠦᠢᠯᠡᠰ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠬᠦ ᠶᠢᠨ | ᠬᠠᠮᠲᠤ ᠵᠠᠬᠢᠳᠠᠯ ᠢᠶᠠᠷ ᠮᠡᠳᠡᠭᠳᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢ | ᠬᠤᠷᠢᠶᠠᠬᠤ ᠶᠢᠨ ᠵᠡᠷᠭᠡᠪᠡᠷ ᠡᠳ᠋ ᠤᠨ ᠵᠠᠰᠠᠭ ᠤᠨ ᠰᠠᠯᠭᠠᠨ ᠥᠭᠬᠦ ᠲᠠᠪᠴᠠᠩ ᠳᠡᠭᠡᠷ᠎ᠡ ᠰᠠᠯᠭᠠᠨ ᠥᠭᠪᠡ᠃ ᠳᠡᠭᠡᠳᠦ | ᠱᠠᠲᠤᠨ ᠤ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 5 ᠠᠵᠢᠯ ᠤᠨ ᠡᠳᠦᠷ ᠤᠨ ᠲᠤᠳᠤᠷ᠎ᠠ ᠬᠤᠰᠢᠭᠤ | ᠰᠢᠶᠠᠨ ︵ᠲᠣᠭᠤᠷᠢᠭ︶ ᠲᠤ ᠪᠠᠭᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ 7 ᠳ᠋ᠤᠭᠠᠷ ᠰᠠᠷ᠎ᠠ ᠶᠢᠨ | 20 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠴᠠᠭ ᠲᠤᠬᠠᠶ ᠳᠤᠨᠢ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2.4 | ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠲᠤᠰᠬᠠᠶ ᠪᠠᠯᠠ ᠮᠥᠩᠭᠦ ᠶᠢ 2.8 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠪᠡᠯᠡ | ᠮᠥᠩᠭᠦ ᠶᠢ ᠪᠦᠬᠦᠨ ᠢ ᠲᠤᠰᠬᠠᠢ ᠲᠦᠷᠦᠯ ᠢᠶᠠᠷ ᠡᠳ᠋ ᠤᠨ ᠵᠠᠰᠠᠭ ᠤᠨ ᠬᠦᠮᠦᠷᠭᠡ ᠠᠴᠠ ᠰᠢᠯᠵᠢᠭᠦᠯᠦᠨ ᠥᠭᠴᠦ᠂ | ᠪᠦᠬᠦ ᠬᠤᠲᠠ ᠳᠤ ᠬᠤᠰᠢᠭᠤ ᠰᠢᠶᠠᠨ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ | ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ | ᠭᠤᠷᠪᠠ ᠳᠤ ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ | ᠴᠡᠭᠴᠡᠯᠡᠬᠦ ᠵᠠᠷᠴᠢᠮ ᠶᠤᠰᠤᠭᠠᠷ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ | ᠡᠮᠬᠢᠯᠡᠨ ᠨᠡᠶᠢᠳᠭᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠥᠩᠭᠦ ᠶᠢᠨ | ᠬᠠᠩᠭᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠠᠳᠠᠭᠤ | ᠬᠦᠴᠢᠷᠳᠡᠯᠲᠡᠢ ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ | ᠨᠡᠶᠢᠳᠭᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠶᠠᠳᠠᠭᠤ ᠶᠢ ᠲᠡᠳᠬᠦᠬᠦ ᠠᠯᠪᠠᠨ ᠭᠡᠷ ᠤᠨ ︽2020 ᠣᠨ ᠤ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠦᠩᠭᠦ ᠶᠢ ᠡᠮᠬᠢᠯᠡᠨ ᠨᠡᠶᠢᠳᠭᠡᠬᠦ | ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ | ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ᠂ | ᠵᠢᠷᠤᠮᠵᠢᠭᠤᠯᠤᠨ ᠡᠮᠬᠢᠯᠡᠨ ᠨᠡᠶᠢᠯᠡᠭᠦᠯᠬᠦ︾ ᠵᠠᠷᠴᠢᠮ ᠶᠣᠰᠣᠭᠠᠷ᠂ ᠦᠴᠤᠸᠠᠨ ᠰᠢᠶᠠᠨ ᠪᠣᠯᠤᠨ ᠴᠢᠩ ᠱᠦᠶ ᠾᠧ | ᠰᠢᠶᠠᠨ ᠢ ᠴᠠᠭ ᠲᠤᠬᠠᠶ ᠳᠤᠨᠢ ᠵᠢᠯᠣᠭᠤᠳᠴᠤ ᠪᠠᠶᠢᠭᠠᠳ ᠨᠢᠭᠡᠳᠦᠯᠲᠡᠶ ᠲᠥᠯᠦᠪᠯᠡᠨ ᠡᠮᠬᠢᠯᠡᠨ ᠨᠡᠶᠢᠳᠭᠡᠬᠦ ᠠᠵᠢᠯ ᠢ | ᠰᠠᠶᠢᠲᠤᠷ ᠬᠢᠯᠭᠡᠪᠡ᠃ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠢᠷᠭᠤᠭᠠᠨ ᠰᠠᠯᠠᠭ᠎ᠠ ᠮᠥᠴᠢᠷ ᠲᠠᠢ | ᠬᠠᠮᠲᠤᠷᠠᠨ ᠬᠢᠨᠠᠭᠰᠠᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ | ᠤᠨ ᠲᠢᠩᠬᠢᠮ ᠢᠶᠠᠷ ᠵᠦᠪᠰᠢᠶᠡᠷᠡᠭᠦᠯᠦᠭᠡᠳ᠂ 2020 ᠣᠨ ᠳᠤ᠂ ᠮᠠᠨ ᠤ ᠬᠤᠲᠠ ᠶᠢᠨ ᠶᠠᠳᠠᠭᠤ ᠬᠦᠴᠢᠷᠳᠡᠯᠲᠡᠶ | ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ 1.68 ᠳ᠋ᠦᠩᠰᠢᠭᠤᠷ ᠲᠥᠭᠦᠷᠢᠭ ᠡᠮᠬᠢᠯᠡᠨᠨᠡᠶᠢᠳᠭᠡᠬᠦ | ᠪᠠᠷ ᠲᠦᠯᠦᠪᠯᠡᠵᠦ᠂ 7 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠮᠠᠨ ᠤ ᠬᠤᠲᠠ ᠨᠢᠭᠡᠨᠲᠡ ᠲᠥᠯᠥᠪᠯᠡᠭᠡ | ᠶᠣᠰᠣᠭᠠᠷ ᠡᠮᠬᠢᠯᠡᠨ ᠨᠡᠶᠢᠯᠡᠭᠦᠯᠦᠭᠰᠡᠨ ᠪᠦᠭᠡᠳ 4297.71 ᠲᠦᠮᠡᠨ ᠲᠥᠭᠦᠷᠢᠭ ᠤᠨ ᠵᠠᠷᠤᠯᠭ᠎ᠠ ᠶᠢ ᠪᠡᠶᠡᠯᠡᠭᠦᠯᠵᠦ᠂ | ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ | ᠠᠬᠢᠭᠤᠯᠬᠤ ᠳᠤ ᠯᠠᠪᠳᠠᠭᠤᠨ ᠪᠠᠲᠤᠲᠠᠢ ᠪᠡᠯᠡ ᠮᠥᠩᠭᠦ ᠶᠢᠨ ᠰᠠᠭᠤᠷᠢ ᠲᠠᠯᠪᠢᠪᠠ᠃ | ᠲᠦᠷᠪᠡ ᠳᠤ ᠲᠣᠭᠤᠷᠢᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ | ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠬᠦᠯᠪᠡ᠃ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ | ᠮᠥᠩᠭᠦ ᠶᠢᠨ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠬᠢᠨᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ | ᠪᠡᠯᠡ ᠮᠥᠩᠭᠦ ᠶᠢᠨ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠬᠦ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠢ | ᠣᠷᠣᠯᠠᠨ ︽ᠬᠥᠬᠡᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠲᠠᠯᠪᠢᠬᠤ | ᠪᠠ ᠠᠵᠢᠯ ᠤᠨ ᠪᠦᠳᠦᠮᠵᠢ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ | ᠲᠤᠭᠤᠷᠪᠢᠭᠰᠠᠨ ᠤ ᠬᠠᠮᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠣᠯᠤᠨ ᠠᠮᠵᠢᠯᠲᠠ ᠪᠦᠳᠦᠮᠵᠢ ᠶᠢ ᠦᠨᠡᠯᠡᠬᠦ | ᠬᠤᠶᠠᠷ ᠲᠠᠯ ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠪᠠ᠃ ᠨᠢᠭᠡ ᠲᠠᠯ᠎ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠡᠯ᠎ᠡ ᠱᠠᠲᠤ ᠲᠡᠰ ᠤᠨ ᠲᠣᠭᠤᠷᠢᠨ ᠪᠠᠶᠢᠴᠠᠭᠠᠭᠰᠠᠨ᠂ | ᠰᠢᠮᠳᠠᠭᠤᠯᠤᠨ ᠪᠠᠶᠢᠴᠠᠭᠠᠭᠰᠠᠨ᠂ ᠭᠢᠨᠠᠨ ᠰᠢᠯᠭᠠᠵᠤᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ | ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠤᠷ ᠲᠠᠲᠠᠬᠤ | ᠮᠠᠶ᠋ᠢᠭ ᠤᠨ᠂ ᠪᠦᠬᠦ ᠰᠦᠯᠵᠢᠶ᠎ᠡ ᠶᠢᠨ ᠮᠠᠶ᠋ᠢᠭ ᠤᠨ᠂ ᠪᠦᠬᠦᠨ ᠢ ᠬᠠᠮᠤᠷᠤᠭᠰᠠᠨ ︽ᠢᠯᠡᠷᠡᠭᠦᠯᠬᠦ᠂ ᠳᠠᠬᠢᠨ | ᠬᠠᠷᠭᠤᠭᠤᠯᠤᠨ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠣᠷᠠᠨ ᠲᠠᠷᠬᠠᠨ︾ ᠤ ᠵᠣᠷᠢᠭ | ᠰᠠᠨᠠᠭ᠎ᠠ᠂ ︽ᠬᠤᠸᠠᠷ ᠬᠠᠳᠬᠤᠬᠤ︾ ᠡᠷᠳᠡᠮ ᠢᠶᠠᠷ ᠲᠤᠬᠠᠶ ᠶᠢᠨ ᠭᠠᠵᠠᠷ ᠲᠤᠨᠢ ᠰᠢᠮᠳᠠᠭᠤᠯᠤᠨ ᠰᠢᠢᠳᠪᠦᠷᠢᠯᠡᠭᠦᠯᠵᠦ᠂ | ︽ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠭᠤᠮᠲᠠ︾ ᠶᠢ ᠡᠷᠡᠰ ᠰᠠᠶᠢᠲᠤᠷ ᠲᠠᠪᠠᠵᠤ᠂ ᠴᠡᠭᠴᠡᠯᠡᠨ | ᠰᠠᠶᠢᠵᠢᠷᠠᠭᠤᠯᠤᠭᠰᠠᠨ ᠰᠢᠯᠢᠳᠡᠭ ᠦᠷ᠎ᠡ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠶᠡᠷᠦᠩᠬᠡᠢ ᠰᠢᠯᠭᠠᠨ ᠬᠤᠷᠢᠶᠠᠯᠲᠠ ᠶᠢ ᠤᠭᠲᠤᠬᠤ ᠶᠢ ᠦᠨᠡᠨᠬᠦ ᠪᠠᠳᠤᠯᠠᠪᠠ᠃ ᠪᠢᠳᠡ ᠤᠷᠢᠳ ᠬᠤᠵᠢᠳ 3 ᠤᠳᠠᠭ᠎ᠠ | ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠳᠡᠰ ᠳᠠᠪᠬᠤᠷᠭ᠎ᠠ ᠬᠤᠪᠢᠶᠠᠨ᠂ ᠭᠤᠣᠯᠳᠠᠯᠭ᠎ᠠ | ᠬᠤᠪᠢᠶᠠᠨ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠵᠢᠴᠢ ᠨᠡᠭᠡᠭᠡᠯᠲᠡ ᠶᠢᠨ ᠲᠣᠭᠤᠷᠢᠭ ᠢ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠦᠩᠭᠡᠷᠡᠭᠰᠡᠨ ᠵᠢᠯ ᠡᠮᠦᠨᠡᠬᠢ | ᠤᠳᠠᠭ᠎ᠠ ᠨᠤᠭᠤᠳ ᠤᠨ ᠡᠯ᠎ᠡ ᠳᠡᠰ ᠳᠠᠪᠬᠤᠷᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠵᠡᠷᠭᠡ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠡᠷᠬᠢᠨ ᠬᠠᠷᠠᠬᠤ︾ | ᠠᠵᠢᠯ ᠢ ᠭᠤᠣᠯᠳᠠᠯᠭ᠎ᠠ ᠲᠠᠢ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠳᠦᠷᠢᠮᠵᠢᠭᠦᠯᠦᠨ ᠥᠨᠳᠥᠷ | ᠪᠦᠲᠦᠮᠵᠢᠲᠡᠶ ᠬᠡᠷᠡᠭᠯᠡᠬᠦ ᠲᠣᠭᠤᠷᠢᠨ ᠳᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ | ᠰᠠᠯᠭᠠᠨ ᠥᠭᠬᠦ ᠴᠠᠭ᠂ ᠵᠠᠷᠤᠯᠭ᠎ᠠ ᠶᠢᠨ ᠠᠬᠢᠴᠠ᠂ ᠵᠢᠷᠤᠮᠵᠢᠭᠤᠯᠤᠨ ᠬᠡᠷᠡᠭᠯᠡᠬᠦ᠂ ᠵᠠᠷᠯᠠᠨ ᠨᠡᠶᠢᠲᠡᠯᠡᠬᠦ ᠵᠡᠷᠭᠡ ᠳᠤ | ᠬᠢᠨᠠᠯᠲᠠ ᠲᠠᠯᠪᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ | ᠰᠠᠶᠢᠵᠢᠷᠠᠭᠤᠯᠬᠤ ᠶᠢ ᠰᠢᠮᠳᠠᠭᠤᠯᠪᠠ᠃ | ᠨᠦᠬᠦᠭᠡ ᠲᠠᠯ᠎ᠠ ᠪᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠪᠣᠯᠤᠨ ᠪᠦᠷᠢᠨ | ᠪᠦᠲᠦᠨ ᠢ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠡᠶ᠃ ᠬᠤᠰᠢᠭᠤ ᠰᠢᠶᠠᠨ ᠥᠪᠡᠷ ᠢ ᠪᠠᠨ ᠦᠨᠡᠯᠡᠬᠦ ᠪᠠ | ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠪᠠᠷ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠪᠦᠬᠦ ᠬᠤᠲᠠ ᠶᠢᠨ 9 ᠬᠤᠰᠢᠭᠤ | ᠰᠢᠶᠠᠨ ᠲᠣᠭᠤᠷᠢᠭ ᠵᠢᠴᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ 2019 ᠣᠨ ᠤ | ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠠᠮᠵᠢᠯᠲᠠ | ᠪᠦᠲᠦᠮᠵᠢ ᠶᠢᠨ ᠦᠨᠡᠯᠡᠯᠲᠡ ᠬᠢᠬᠦ ᠶᠢᠨ ᠬᠠᠮᠳᠤ ︽ᠬᠥᠬᠡᠬᠤᠲᠠ ᠶᠢᠨ 2019 ᠣᠨ ᠤ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠮᠵᠢᠯᠲᠠ ᠪᠦᠳᠦᠮᠵᠢ ᠶᠢ ᠦᠨᠡᠯᠡᠭᠰᠡᠨ ᠮᠡᠳᠡᠭᠦᠯᠦᠯᠲᠡ︾ | ᠭᠠᠷᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠠᠵᠢᠯ ᠤᠨ ᠪᠦᠳᠦᠮᠵᠢ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠢ ᠬᠦᠢᠴᠡᠳ ᠠᠰᠢᠭᠯᠠᠵᠤ᠂ ᠡᠯ᠎ᠡ ᠬᠤᠰᠢᠭᠤ ᠰᠢᠶᠠᠨ | ᠲᠣᠭᠤᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠡᠳᠦᠷ ᠲᠤᠲᠤᠮ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ 6 | ᠤᠳᠠᠭ᠎ᠠ ᠰᠢᠮᠳᠠᠭᠤᠯᠤᠨ ᠪᠠᠶᠢᠴᠠᠭᠠᠭᠰᠠᠨ ᠵᠠᠷᠯᠠᠯ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠨ ᠲᠣᠭᠤᠷᠢᠭ ᠤᠨ ᠬᠢᠨ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠢᠶᠠᠷ ᠪᠡᠯᠡ | ᠮᠥᠩᠭᠦ ᠶᠢᠨ ᠳᠠᠩᠰᠠ ᠲᠡᠮᠳᠡᠭᠯᠡᠬᠦ ᠪᠠ ᠬᠤᠪᠢᠶᠠᠷᠢᠯᠠᠬᠤ ᠪᠠᠨ ᠲᠦᠷᠢᠮᠵᠢᠭᠦᠯᠬᠦ ᠶᠢ ᠰᠢᠮᠳᠠᠭᠤᠯᠵᠤ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠠᠭᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠶᠢ ᠲᠡᠭᠦᠯᠳᠡᠷᠵᠢᠭᠦᠯᠵᠦ᠂ ᠬᠤᠰᠢᠭᠤ | ᠰᠢᠶᠠᠨ ᠲᠣᠭᠤᠷᠢᠭ ᠤᠨ ᠬᠢᠨ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ | ᠂ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠡᠵᠡᠮᠳᠡᠬᠦ ᠬᠢᠷᠢ ᠬᠡᠮᠵᠢᠶ᠎ᠡ ᠪᠠᠨ ᠲᠡᠭᠡᠭᠰᠢᠯᠡᠭᠦᠯᠬᠦ ᠶᠢ ᠱᠠᠭᠠᠷᠳᠠᠵᠠᠢ᠃ | | ᠲᠠᠪᠤ ᠳᠤ ᠪᠠᠯᠠ ᠮᠥᠩᠭᠦ ᠶᠢ ᠵᠠᠷᠯᠠᠨ ᠨᠡᠶᠢᠲᠡᠯᠡᠬᠦ ᠶᠢ ᠴᠢᠩᠭᠠᠳᠬᠠᠵᠤ᠂ ᠪᠠᠯᠠ ᠮᠥᠩᠭᠦ ᠶᠢᠨ ᠬᠤᠪᠢᠶᠠᠷᠢᠯᠠᠯᠲᠠ | ᠶᠢᠨ ᠢᠯᠡ ᠲᠣᠳᠣ ᠪᠠᠶᠢᠬᠤ ᠶᠢ ᠦᠨᠡᠨᠬᠦ ᠪᠠᠳᠤᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠵᠠᠷᠯᠠᠨ ᠨᠡᠶᠢᠲᠡᠯᠡᠬᠦ ᠬᠡᠷᠡᠭᠵᠢᠭᠦᠯᠬᠦ ᠠᠷᠭ᠎ᠠ ︵ᠵᠠᠰᠠᠪᠤᠷᠢ | ᠤᠷᠤᠭᠤᠯᠤᠭᠰᠠᠨ︶︾ ᠶᠢᠨ ᠶᠠᠳᠠᠭᠤ ᠶᠢ ᠲᠡᠳᠬᠦᠬᠦ ᠪᠠᠯᠠ ᠮᠥᠩᠭᠦ ᠶᠢ ︽ᠬᠡᠨ ᠬᠤᠪᠢᠶᠠᠷᠢᠯᠠᠪᠠᠯ ᠬᠡᠨ ᠬᠡᠷᠡᠭᠯᠡᠵᠦ᠂ | ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠠᠯᠪᠠᠨ | ᠰᠦᠯᠵᠢᠶ᠎ᠡ ᠪᠠᠷ 2020 ᠣᠨ ᠳᠤ ᠪᠠᠭᠤᠯᠭᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠬᠤᠪᠢᠶᠠᠷᠢᠯᠠᠭᠰᠠᠨ ᠪᠠᠶᠢᠳᠠᠯ ᠢ | ᠪᠦᠬᠦ ᠲᠠᠯ᠎ᠠ ᠪᠠᠷ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠶᠠᠳᠠᠭᠤ ᠶᠢ ᠲᠡᠳᠬᠦᠬᠦ ᠪᠡᠯᠡ ᠮᠥᠩᠭᠦ ᠶᠢ ᠢᠯᠡ ᠪᠠᠷ ᠬᠡᠷᠡᠭᠯᠡᠬᠦ ᠶᠢ ᠦᠨᠡᠨᠬᠦ ᠪᠠᠳᠤᠯᠠᠪᠠ᠃ | 7. ᠬᠥᠲᠥᠯᠥᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ | ᠰᠠᠭᠤᠷᠢᠯᠠᠨ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠭᠤᠷᠢᠨ ᠳᠤ ᠶᠡᠭᠡ ᠬᠡᠮᠵᠢᠶᠡᠨ ᠤ ᠠᠵᠢᠯ ᠬᠢᠭᠰᠡᠨ ᠢ ᠪᠢᠳᠡ ᠣᠯᠵᠤ ᠬᠠᠷᠠᠯ᠎ᠠ᠃ ᠡᠭᠦᠨ ᠤ ᠵᠡᠷᠭᠡᠪᠡᠷ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠴᠤ ᠮᠠᠰᠢ | ᠰᠠᠶᠢᠨ ᠬᠢᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠡᠨᠡ | ᠵᠢᠯ ᠤᠨ 7 ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤᠰᠬᠠᠶᠢᠯᠠᠨ | ᠬᠤᠲᠠ ᠶᠢᠨ ᠡᠳ᠋ ᠤᠨ ᠵᠠᠰᠠᠭ ᠤᠨ ᠨᠢᠭᠡ ᠳᠤ ᠨᠢᠭᠡ ᠬᠠᠪᠰᠤᠷᠤᠨ ᠲᠡᠳᠬᠦᠬᠦ ᠠᠵᠢᠯ ᠢ ᠤᠬᠠᠭᠤᠯᠤᠨ ᠮᠡᠳᠡᠭᠡᠯᠡᠪᠡ᠃ | ᠣᠯᠠᠨ ᠳᠤ ᠲᠠᠨᠢᠯᠴᠠᠭᠤᠯᠤᠭᠠᠳ ᠦᠭᠭᠦᠨ᠎ᠡ ᠤᠤ᠃ | 8.ᠠᠯᠪᠠᠨ ᠭᠡᠷ ᠤᠨ ᠳᠡᠳ᠋ ᠡᠷᠬᠢᠯᠡᠭᠴᠢ ᠵᠤᠤ ᠶᠠ ᠷᠦ᠋ | ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ | ᠲᠦᠮᠡᠨ ᠢᠶᠠᠷ ᠭᠤᠣᠯ ᠪᠣᠯᠭᠠᠬᠤ︾ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠷᠠᠳ ᠲᠦᠮᠡᠨ ᠳᠤ ᠪᠤᠶᠠᠨ ᠦᠢᠯᠡᠳᠬᠦ ᠬᠠᠮᠤᠭ ᠤᠨ ᠶᠡᠭᠡ | ᠠᠷᠠᠳ ᠤᠨ ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠴᠠᠭ ᠢᠮᠠᠭᠲᠠ | ᠰᠡᠳᠬᠢᠯ ᠵᠢᠷᠦᠬᠡ ᠪᠠᠨ ᠬᠤᠯᠪᠣᠵᠤ᠂ ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ | | ᠨᠢᠭᠡ ᠳᠤ ᠠᠶᠢᠯ ᠡᠷᠦᠬᠡ ᠪᠠᠷ ᠤᠷᠤᠵᠤ ᠬᠠᠯᠠᠭᠤᠨ ᠲᠤᠯᠠᠭᠠᠨ ᠢ ᠳᠠᠮᠵᠢᠭᠤᠯᠵᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠢᠲᠡᠭᠡᠯ ᠵᠣᠷᠢᠭ ᠢ ᠨᠡᠮᠡᠭᠳᠡᠭᠦᠯᠪᠡ᠃ 2018 ᠣᠨ ᠳᠤ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ 106 ᠡᠳ᠋ ᠤᠨ ᠵᠠᠰᠠᠭ ᠤᠨ ᠺᠠᠳ᠋ᠷ ᠳᠡᠭᠡᠷ᠎ᠡ ᠲᠤᠬᠤᠢ ᠰᠢᠶᠠᠩ ᠤᠨ 7 ᠵᠠᠰᠠᠭ ᠵᠠᠬᠢᠷᠭᠠᠨ ᠤ | ᠲᠣᠰᠬᠤᠨ ᠤ 106 ᠶᠠᠳᠠᠭᠤ ᠬᠦᠴᠢᠷᠳᠡᠯᠲᠡᠶ ᠡᠷᠦᠬᠡ ᠲᠠᠢ ︽ᠨᠢᠭᠡ ᠳᠤ ᠨᠢᠭᠡ ︾ ᠬᠤᠣᠰᠯᠠᠭᠤᠯᠤᠨ ᠬᠠᠪᠰᠤᠷᠤᠨ | ᠲᠡᠳᠬᠦᠬᠦ ᠳᠤᠭᠤᠶᠢᠯᠠᠩ ᠪᠠᠶᠢᠭᠤᠯᠪᠠ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭ ᠤᠨ | ᠪᠦᠷᠢᠯᠳᠦᠬᠦᠨ ᠤᠷᠢᠳ ᠬᠤᠵᠢᠳ 4 ᠤᠳᠠᠭ᠎ᠠ ᠬᠤᠣᠰᠯᠠᠭᠤᠯᠤᠨ ᠬᠠᠪᠰᠤᠷᠤᠨ ᠲᠡᠳᠬᠦᠬᠦ ᠺᠠᠳ᠋ᠷ ᠢ 422 ᠬᠥᠮᠦᠨ | ᠤᠳᠠᠭ᠎ᠠ ᠳᠠᠭᠠᠭᠤᠯᠤᠨ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠢ ᠲᠣᠰᠬᠤᠨ ᠳᠤ ᠬᠦᠷᠴᠦ᠂ ︽ᠨᠢᠭᠡ ᠳᠤ | ᠨᠢᠭᠡ︾ ᠪᠠᠷ ᠡᠷᠦᠬᠡ ᠳᠤ ᠤᠷᠤᠵᠤ ᠰᠣᠷᠪᠤᠯᠵᠢᠯᠠᠨ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠣᠳᠣᠷᠬᠠᠶ | ᠺᠠᠷᠲ ᠢ ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠦᠨᠳᠦᠰᠦᠨ ᠮᠡᠳᠡᠭᠡ ᠵᠠᠩᠭᠢ ᠶᠢ | ᠬᠠᠷᠭᠤᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠳᠡᠬᠦ ᠡᠮᠦᠰᠬᠦ᠂ ᠤᠤᠭᠤᠬᠤ ᠤᠰᠤ᠂ ᠣᠷᠣᠨ | ᠰᠠᠭᠤᠴᠠ ᠶᠢᠨ ᠠᠮᠤᠷ ᠲᠦᠪᠰᠢᠨ᠂ ᠦᠷ᠎ᠡ ᠬᠡᠤᠬᠡᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ ᠶᠢᠨ ᠣᠷᠣᠯᠭ᠎ᠠ | ᠂ ᠡᠮᠴᠢᠯᠡᠭᠡᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠪᠠᠶᠢᠳᠠᠯ ᠵᠢᠴᠢ ᠰᠢᠨ᠎ᠡ | ᠬᠤᠪᠢᠷᠠᠯᠲᠠ ᠶᠢ ᠣᠶᠢᠯᠠᠭᠠᠪᠠ᠃ ᠡᠭᠦᠨ ᠤ ᠬᠠᠮᠲᠤ ᠶᠡᠷᠦᠩᠬᠡᠶ ᠱᠦᠵᠢ ᠶᠢᠨ 6 ᠵᠢᠯ ᠤᠨ 7 ᠤᠳᠠᠭ᠎ᠠ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠪᠠᠶᠢᠷᠢᠯᠠᠭᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠭᠤᠤᠯ | ᠤᠳᠤᠷᠢᠳᠤᠯᠭ᠎ᠠ ᠶᠢᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠣᠬᠤᠨᠢᠭᠤᠯᠤᠭᠰᠠᠨ᠂ ︽ᠡᠳ᠋ ᠤᠨ | ᠵᠠᠰᠠᠭ ᠤᠨ ᠪᠡᠯᠡ ᠮᠥᠩᠭᠦ ᠡᠷᠡᠭᠦᠯ ᠢᠶᠠᠷ ᠶᠠᠳᠠᠭᠤ ᠶᠢ ᠲᠡᠳᠬᠦᠬᠦ︾ ᠵᠡᠷᠭᠡ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠪᠣᠯᠤᠨ ᠲᠥᠪ ᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠭᠰᠡᠨ ᠦᠯᠢᠭᠡᠷ ᠵᠢᠴᠢ ᠦᠷ᠎ᠡ | ᠪᠦᠲᠦᠭᠡᠯ ᠢ ᠲᠠᠯᠪᠢᠭᠤᠷ ᠴᠠᠭ ᠤᠯᠠᠷᠢᠯ ᠤᠨ ᠪᠢᠴᠢᠭ ᠪᠣᠯᠭᠠᠨ ᠨᠠᠶᠢᠷᠠᠭᠤᠯᠤᠨ ᠦᠢᠯᠡᠳᠴᠦ᠂ ᠬᠠᠪᠰᠤᠷᠤᠨ | ᠲᠡᠳᠬᠦᠬᠦ ᠭᠠᠷ ᠳᠡᠪᠲᠡᠷ ᠤᠨ ᠪᠢᠴᠢᠯᠭᠡ ᠪᠣᠯᠭᠠᠨ ᠵᠣᠬᠢᠶᠠᠵᠤ᠂ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠲᠠᠢ | ᠬᠠᠮᠲᠤ ᠶᠠᠳᠠᠭᠤ ᠬᠦᠴᠢᠷᠳᠡᠯᠲᠡᠢ ᠡᠷᠦᠬᠡ ᠳᠤ ᠬᠦᠷᠭᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠠᠮ ᠪᠠ | ᠬᠠᠪᠰᠤᠷᠤᠨ ᠲᠡᠳᠬᠦᠬᠦ ᠺᠠᠳ᠋ᠷ ᠤᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠠᠯᠠᠭᠤᠨ ᠬᠠᠶᠢᠷ᠎ᠠ ᠬᠠᠯᠠᠮᠵᠢ ᠶᠢ | ᠭᠦᠨᠵᠡᠭᠡᠢ ᠮᠡᠳᠡᠷᠡᠭᠦᠯᠪᠡ᠃ | ᠬᠤᠶᠠᠷ ᠲᠤ ᠬᠠᠪᠰᠤᠷᠤᠨ ᠲᠡᠳᠬᠦᠬᠦ ᠺᠠᠳ᠋ᠷ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠠᠳᠠᠭᠤ | ᠬᠦᠴᠢᠷᠳᠡᠯᠲᠡᠢ ᠤᠯᠠᠨ ᠲᠦᠮᠡᠨ ᠳᠤ ᠬᠤᠪᠢᠷᠠᠯᠲᠠ ᠶᠢ ᠮᠡᠳᠡᠷᠡᠭᠦᠯᠪᠡ᠃ ᠲᠥᠪ ᠬᠤᠲᠠ ᠶᠢᠨ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ 50 ᠭᠠᠷᠤᠶ ᠡᠳ᠋ ᠤᠨ ᠵᠠᠰᠠᠭ ᠤᠨ ᠺᠠᠳ᠋ᠷ ᠢ ᠵᠣᠬᠢᠶᠠᠨ ᠪᠠᠶᠢᠭᠤᠯᠤᠨ ᠲᠣᠪᠴᠢᠶ᠎ᠠ ᠶᠢᠨ ᠨᠠᠷᠢᠯᠢᠭ | ᠣᠨᠣᠴᠠᠲᠠᠶ ᠪᠠᠷ ᠶᠠᠳᠠᠭᠤ ᠶᠢ ᠲᠡᠳᠬᠦᠬᠦ ᠪᠦᠯᠬᠦᠮ ᠤᠨ ᠬᠢᠨ ᠤ ᠬᠠᠪᠰᠤᠷᠤᠨ ᠲᠡᠳᠬᠦᠬᠦ ᠲᠤᠰᠬᠤᠨ ᠪᠣᠯᠬᠤ ᠰᠠᠶᠢᠬᠠᠨ | ᠲᠣᠭᠤᠷᠢᠭ ᠤᠨ ᠶᠢᠨ ᠾᠧ ᠪᠠᠯᠭᠠᠰᠤᠨ ᠤ ᠫᠤᠩᠰᠤᠭ ᠤᠨ ᠠᠶᠢᠯ ᠲᠣᠰᠬᠤᠨ ᠳᠤ ᠬᠦᠷᠴᠦ᠂ ᠤᠯᠤᠰ ᠠᠴᠠ | ᠬᠠᠶᠢᠷᠠᠯᠠᠬᠤ ᠡᠷᠡᠭᠦᠯ ᠬᠠᠮᠠᠭᠠᠯᠠᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠲᠠᠪᠠᠶᠢᠭᠤᠯᠬᠤ ᠂ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠡᠶ᠃ ᠶᠠᠳᠠᠭᠤ | ᠬᠦᠴᠢᠷᠳᠡᠯᠲᠡᠶ ᠲᠣᠰᠬᠤᠨ ᠤ ᠭᠤᠳᠤᠮᠵᠢ ᠶᠢᠨ ᠬᠤᠭ ᠨᠣᠪᠰᠢ ᠶᠢ ᠴᠡᠪᠡᠷᠯᠡᠵᠦ᠂ ᠬᠤᠭ ᠰᠢᠷᠤᠢ ᠶᠢ ᠠᠷᠢᠯᠭᠠᠵᠤ᠂ | ᠲᠠᠯᠳᠠ ᠭᠠᠵᠠᠷ ᠢ ᠴᠡᠪᠡᠷᠯᠡᠵᠦ᠂ ᠵᠡᠭᠡᠯᠢ ᠭᠤᠳᠤᠮᠵᠢ ᠶᠢᠨ ᠬᠤᠶᠠᠷ ᠬᠠᠵᠠᠭᠤ ᠶᠢᠨ ᠡᠷᠡᠭᠦᠯ ᠬᠠᠮᠠᠭᠠᠯᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠵᠤ᠂ ᠭᠡᠷ ᠲᠡᠭᠡᠨ ᠬᠥᠳᠡᠯᠮᠦᠷᠢ ᠬᠦᠴᠦ ᠦᠭᠡᠶ ᠶᠠᠳᠠᠭᠤ ᠬᠦᠴᠢᠷᠳᠡᠯᠲᠡᠶ ᠣᠯᠠᠨ | ᠲᠦᠮᠡᠨ ᠢ ᠬᠠᠪᠰᠤᠷᠤᠨ ᠬᠦᠷᠢᠶ᠎ᠡ ᠬᠠᠰᠢᠶ᠎ᠠ ᠶᠢ ᠨᠢ ᠲᠢᠭᠯᠢᠵᠦ᠂ ᠭᠠᠵᠠᠷ ᠰᠢᠷᠣᠶ ᠶᠢ ᠨᠢ ᠲᠡᠭᠰᠢᠯᠡᠵᠦ᠂ ᠢᠳᠡᠰᠢᠨ | ᠨᠣᠭᠤᠭ᠎ᠠ ᠲᠠᠷᠢᠵᠤ᠂ ᠨᠡᠩ ᠣᠯᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠭᠡᠷ ᠤᠨ ᠢᠶᠠᠨ ᠡᠭᠦᠳᠡᠨ ᠳᠠᠬᠢ | ᠴᠡᠪᠡᠷ ᠴᠡᠮᠴᠡᠭᠡᠷ᠂ ᠭᠤᠶᠤ ᠰᠠᠶᠢᠬᠠᠨ ᠭᠠᠵᠠᠷ ᠰᠢᠷᠣᠶ ᠶᠢ ᠬᠠᠶᠢᠷᠠᠯᠠᠬᠤ ᠪᠣᠯᠭᠠᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠲᠠᠢ ᠬᠠᠮᠲᠤᠪᠠᠷ ᠴᠡᠪᠡᠷ ᠰᠠᠶᠢᠬᠠᠨ ᠢᠶᠠᠷ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠣᠭᠳᠤᠬᠤ ᠶᠢ ᠬᠦᠰᠡᠵᠡᠢ᠃ | ᠭᠤᠷᠪᠠ ᠳᠤ ᠠᠵᠤ ᠦᠢᠯᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠢ | ᠤᠯᠠᠨ ᠲᠦᠮᠡᠨ ᠳᠤ ᠠᠰᠢᠭ ᠬᠥᠷᠲᠡᠭᠡᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠶᠢ ᠲᠡᠳᠬᠦᠬᠦ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ | ᠪᠣᠵᠠᠭᠠᠶᠢᠷᠠᠭᠤᠯᠬᠤ ᠶᠢᠨ ᠲᠦᠯᠦᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠦᠮᠡᠳ ᠵᠡᠭᠦᠨ | ᠬᠤᠰᠢᠭᠤᠨ ᠤ ᠲᠠᠯᠠᠢ ᠲᠣᠰᠬᠤᠨ ᠳᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥᠯ ᠵᠦᠢᠯ ᠤᠨ ᠪᠡᠯᠡ | ᠮᠥᠩᠭᠦ 400 ᠲᠦᠮᠡᠨ ᠲᠥᠭᠦᠷᠢᠭ ᠪᠠᠭᠤᠯᠭᠠᠵᠤ ᠲᠤᠬᠠᠢ ᠶᠢᠨ ᠭᠠᠵᠠᠷ ᠤᠨ ᠬᠤᠴᠠ ᠥᠰᠭᠡᠨ ᠡᠭᠦᠯᠳᠡᠷ | ᠰᠠᠶᠢᠵᠢᠷᠠᠭᠤᠯᠬᠤ ᠲᠥᠷᠥᠯ ᠵᠦᠢᠯ ᠢ ᠳᠡᠮᠵᠢᠪᠡ᠃ 2019 ᠣᠨ ᠳᠤ ᠳᠠᠯᠠᠢ ᠲᠣᠰᠬᠤᠨ ᠤ 63 ᠶᠠᠳᠠᠭᠤ | ᠬᠦᠴᠢᠷᠳᠡᠯᠲᠡᠶ ᠡᠷᠦᠬᠡ ᠲᠣᠰ ᠲᠣᠰ 1500 ᠲᠥᠭᠦᠷᠢᠭ ᠬᠤᠪᠢᠳᠠᠨ ᠣᠯᠵᠤ᠂ 131 ᠬᠥᠮᠦᠨ ᠳᠤ ᠠᠰᠢᠭ | ᠬᠦᠷᠲᠡᠭᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ︽ᠠᠯᠲᠠᠨ ᠲᠦᠯᠬᠢᠭᠦᠷ︾ ᠪᠣᠯᠭᠠᠪᠠ᠃ ᠡᠭᠦᠨ ᠤ | ᠬᠠᠮᠲᠤ ᠦᠴᠤᠸᠠᠨ ᠰᠢᠶᠠᠨ ᠤ ᠭᠤᠷᠪᠡᠨᠬᠡᠷ ᠲᠣᠰᠬᠤᠨ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠬᠡᠷᠡᠭᠯᠡᠭᠡᠨ ᠤ ᠰᠤᠳᠤᠯᠤᠨ ᠨᠡᠭᠡᠭᠡᠬᠦ ᠪᠡᠯᠡ ᠮᠥᠩᠭᠦ ᠶᠢ 20 ᠲᠦᠮᠡᠨ ᠲᠥᠭᠦᠷᠢᠭ ᠣᠯᠵᠤ ᠥᠭᠴᠡᠶ᠃ ᠬᠦᠢᠲᠡᠨ | ᠰᠡᠷᠢᠭᠦᠨ ᠭᠠᠵᠠᠷ ᠣᠷᠣᠨ ᠳᠤ ᠲᠠᠷᠪᠤᠰ ᠤᠨ ᠴᠢᠬᠢ ᠪᠤᠶᠢᠵᠢᠭᠤᠯᠬᠤ ᠰᠢᠯᠵᠢᠭᠦᠯᠦᠨ ᠵᠠᠶᠢᠯᠠᠬᠤ ᠮᠡᠷᠭᠡᠵᠢᠯ ᠢ | ᠲᠡᠯᠭᠡᠷᠡᠭᠦᠯᠬᠦ ᠲᠥᠷᠥᠯ ᠵᠦᠢᠯ ᠢ ᠬᠡᠷᠡᠭᠵᠢᠬᠦᠯᠪᠡ︔ ᠶᠠᠳᠠᠭᠤ ᠬᠦᠴᠢᠷᠳᠡᠯᠲᠡᠢ ᠡᠷᠦᠭᠡ ᠳᠤ ᠴᠤᠷᠪᠠᠭ᠎ᠠ ᠪᠠ ᠬᠤᠷᠠᠭ᠎ᠠ | ᠬᠦᠷᠭᠡᠭᠰᠡᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠳᠤ 2800 ᠭᠠᠷᠤᠶ ᠴᠣᠷᠪᠠᠭ᠎ᠠ ᠶᠢ ᠦᠨ᠎ᠡ ᠲᠦᠯᠦᠪᠦᠷᠢ | ᠦᠭᠡᠢ ᠪᠠᠷ ᠬᠤᠪᠢᠶᠠᠨ ᠥᠭᠴᠦ᠂ ᠦᠴᠤᠸᠠᠨ ᠰᠢᠶᠠᠨ ᠤ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ | ᠲᠣᠬᠢᠷᠠᠭᠤᠯᠵᠤ᠂ ᠲᠠᠷᠢᠶᠠᠯᠠᠩ ᠳᠤ ᠰᠢᠨ᠎ᠡ ᠵᠠᠮ ᠨᠡᠭᠡᠭᠡᠨ ᠦᠭᠴᠦ᠂ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ | ᠦᠭᠡᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠤᠯᠠᠮ ᠰᠠᠶᠢᠵᠢᠷᠠᠭᠤᠯᠪᠠ᠃ | ᠳᠥᠷᠪᠡ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠢ ᠰᠠᠶᠢᠲᠤᠷ ᠠᠳᠬᠤᠵᠤ | ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠪᠠ᠃ ᠣᠷᠣᠨ ᠤ ᠲᠥᠪ ᠤᠨ ᠡᠳ᠋ ᠤᠨ | ᠵᠠᠰᠠᠭ ᠤᠨ ᠬᠥᠮᠦᠰ ᠠᠷᠠᠳ ᠣᠯᠠᠨ ᠰᠡᠳᠬᠢᠯ ᠬᠠᠨᠤᠮᠵᠢᠲᠠᠶ ᠪᠠᠶᠢᠬᠤ ᠡᠰᠡᠬᠦ᠂ ᠪᠠᠶᠠᠷᠳᠠᠢ ᠪᠠᠶᠢᠬᠤ ᠡᠰᠡᠬᠦ ᠶᠢ | ᠶᠠᠳᠠᠭᠤ ᠶᠢ ᠲᠡᠳᠬᠦᠬᠦ ᠠᠵᠢᠯ ᠤᠨ ᠢᠶᠠᠨ ᠭᠠᠷᠤᠭ᠎ᠠ ᠪᠠ ᠦᠷ᠎ᠡ ᠳ᠋ᠦᠩ ᠪᠣᠯᠭᠠᠬᠤ ᠶᠢ ᠪᠠᠷᠢᠮᠳᠠᠯᠠᠵᠤ᠂ ᠦᠷᠭᠦᠯᠵᠢ | ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠤᠮᠳᠠ ᠬᠦᠷᠴᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ | ᠤᠶᠢᠷᠠᠳᠤᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠣᠶᠢᠯᠠᠭᠠᠵᠤ᠂ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠬᠦᠴᠢᠷᠳᠡᠯ ᠳᠤ ᠲᠤᠯᠭᠠᠷᠠᠭᠰᠠᠨ ᠢ | ᠨᠢ ᠲᠠᠷᠤᠶᠢᠬᠠᠨ ᠳᠡᠮᠵᠢᠪᠡ︔ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠳᠠᠯᠠᠢ ᠲᠣᠰᠬᠤᠨ ᠤ ᠶᠠᠳᠠᠭᠤ | ᠬᠦᠴᠢᠷᠳᠡᠯᠲᠡᠶ ᠰᠤᠷᠤᠭᠴᠢᠳ ᠲᠤ 2 ᠲᠦᠮᠡᠨ ᠲᠦᠭᠦᠷᠢᠭ ᠤᠨ ᠰᠤᠷᠤᠯᠭ᠎ᠠ ᠶᠢ ᠲᠡᠳᠬᠦᠬᠦ ᠬᠠᠶᠢᠷ᠎ᠠ ᠬᠠᠯᠠᠮᠵᠢ ᠶᠢᠨ | ᠮᠥᠩᠭᠦ ᠬᠠᠨᠳᠢᠪᠯᠠᠵᠤ᠂ ᠰᠤᠷᠤᠯᠭ᠎ᠠ ᠶᠢᠨ ᠰᠦᠢᠳᠭᠡᠯ ᠲᠤᠰᠢᠶᠠᠬᠤ ᠴᠢᠳᠠᠯ ᠥᠬᠡᠶ ᠶᠠᠳᠠᠭᠤ ᠬᠦᠴᠢᠷᠳᠡᠯᠲᠡᠶ ᠬᠡᠷ | ᠪᠦᠯᠢ ᠳᠤ ᠬᠦᠴᠢᠷ ᠢ ᠨᠢ ᠰᠢᠢᠳᠪᠦᠷᠢᠯᠡᠵᠦ ᠦᠭᠴᠡᠢ︔ ᠦᠴᠤᠸᠠᠨ ᠰᠢᠶᠠᠨ ᠤ ᠮᠠ ᠸᠠᠩ ᠮᠢᠶᠣᠣ ᠲᠣᠰᠬᠤᠨ ᠤ | 84 ᠨᠠᠰᠤᠲᠠᠶ ᠨᠠᠰᠤᠲᠠᠨ ᠤ ᠪᠡᠶ᠎ᠡ ᠶᠢ ᠤᠬᠢᠶᠠᠵᠤ ᠬᠤᠪᠴᠠᠰᠤ ᠶᠢ ᠨᠢ ᠰᠣᠯᠢᠵᠤ᠂ ᠬᠡᠷᠡᠮ ᠬᠠᠨ᠎ᠠ ᠶᠢ ᠨᠢ ᠰᠢᠷᠳᠡᠵᠦ᠂ | ᠭᠤᠯᠢᠷ ᠪᠤᠳᠠᠭ᠎ᠠ ᠠᠮᠤ ᠲᠣᠰᠣ ᠬᠤᠳᠠᠯᠳᠤᠨ ᠠᠪᠴᠤ ᠦᠭᠭᠦᠨ᠂ ᠣᠷᠣ ᠶᠢᠨ ᠪᠦᠲᠡᠭᠡᠯᠭᠡ ᠬᠥᠨᠵᠢᠯᠡ ᠳᠡᠪᠢᠰᠬᠡᠷ | ᠵᠡᠷᠭᠡ ᠠᠮᠢᠳᠤᠷᠠᠯ ᠤᠨ ᠬᠡᠷᠡᠭᠰᠡᠯ ᠢ ᠨᠢ ᠰᠣᠯᠢᠵᠤ ᠦᠭᠭᠦᠨ ᠴᠡᠪᠡᠷ ᠲᠠᠭᠠᠯᠠᠮᠵᠢᠲᠠᠶ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠵᠤ ᠥᠭᠪᠡ᠃ ᠡᠭᠦᠨ ᠤ ᠬᠠᠮᠲᠤ᠂ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ | ᠡᠳ᠋ ᠤᠨ ᠵᠠᠰᠠᠭ ᠠᠴᠠ ᠭᠤᠷᠪᠡᠨᠬᠡᠷ ᠲᠣᠰᠬᠤᠨ ᠳᠤ ᠵᠠᠮ ᠵᠠᠰᠠᠬᠤ ᠶᠢ ᠳᠡᠮᠵᠢᠬᠦ 323 ᠲᠦᠮᠡᠨ ᠲᠥᠭᠦᠷᠢᠭ ᠤᠨ ᠪᠡᠯᠡ | ᠮᠥᠩᠭᠦ ᠶᠢ ᠲᠤᠰᠬᠠᠶ ᠵᠦᠢᠯ ᠢᠶᠠᠷ ᠰᠠᠯᠭᠠᠨ ᠥᠭᠴᠦ᠂ ᠰᠢᠨ ᠾᠧ ᠲᠣᠰᠬᠤᠨ ᠠᠴᠠ ᠪᠠᠭ᠎ᠠ ᠲᠠᠪᠤᠨᠬᠡᠷ ᠲᠣᠰᠬᠤᠨ | ᠬᠦᠷᠳᠡᠯᠡᠬᠢ 5.5 ᠺᠢᠯᠣᠮᠧᠲᠷ ᠱᠦᠢᠨᠢ ᠵᠠᠮ ᠢ ᠳᠡᠪᠢᠰᠪᠡ᠃ | ᠲᠠᠪᠤ ᠳᠤ ᠪᠡᠶ᠎ᠡ ᠪᠠᠷ ᠢᠶᠠᠨ ᠲᠣᠰᠬᠤᠨ ᠳᠤ ᠰᠢᠭᠢᠳᠴᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ | ᠬᠦᠰᠡᠯ ᠡᠷᠡᠮᠡᠯᠵᠡᠯ ᠣᠯᠭᠤᠵᠠᠢ᠃ 2018 ᠣᠨ ᠳᠤ 4 ᠡᠳ᠋ ᠤᠨ ᠵᠠᠰᠠᠭ ᠤᠨ ᠺᠠᠳ᠋ᠷ ᠢ ᠰᠣᠩᠭᠤᠨ ᠲᠣᠮᠢᠯᠠᠵᠤ | ᠦᠴᠤᠸᠠᠨ ᠰᠢᠶᠠᠨ ᠤ ᠳᠡᠭᠡᠷ᠎ᠡ ᠲᠤᠬᠤᠢ ᠰᠢᠶᠠᠩ ᠳᠤ ᠣᠴᠢᠭᠤᠯᠵᠤ ᠲᠣᠰᠬᠤᠨ ᠳᠤ ᠰᠠᠭᠤᠭ᠎ᠠ ᠠᠵᠢᠯᠯᠠᠬᠤ | ᠠᠩᠭᠢ ᠶᠢᠨ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ | ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠪᠡ᠃ ᠨᠢᠭᠡ ᠳᠤ ᠲᠣᠰᠬᠤᠨ ᠳᠤ ᠰᠠᠭᠤᠬᠤ ᠡᠳᠦᠷ ᠲᠤᠲᠤᠮ ᠤᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠ ᠬᠦᠢᠴᠡᠳᠭᠡᠬᠦ ᠶᠢᠨ ᠬᠠᠮᠳᠤ ᠣᠯᠠᠨ ᠤᠳᠠᠭ᠎ᠠ | ᠡᠷᠦᠬᠡ ᠳᠤ ᠣᠷᠣᠵᠤ᠂ ᠨᠠᠷᠢᠨ ᠬᠢᠨᠠᠮᠠᠭᠠᠶ ᠤᠶᠢᠯᠠᠭᠠᠨ ᠵᠢᠭᠰᠠᠭᠠᠵᠤ᠂ ᠨᠠᠷᠢᠯᠢᠭ ᠤᠨᠤᠴᠠᠳᠠᠢ ᠢᠯᠭᠠᠨ ᠲᠠᠨᠢᠵᠤ᠂ | ᠶᠠᠳᠠᠭᠤ ᠬᠦᠴᠢᠷᠳᠡᠯᠲᠡᠶ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠤᠨ ᠰᠠᠭᠤᠷᠢ ᠶᠢ | ᠲᠠᠰᠤᠷᠠᠯᠲᠠ ᠥᠬᠡᠶ ᠪᠠᠬᠢᠵᠢᠭᠦᠯᠪᠡ᠃ ᠬᠤᠶᠠᠷ ᠲᠤ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠶᠠᠳᠠᠭᠤ ᠶᠢ | ᠲᠡᠳᠬᠦᠬᠦ ᠠᠵᠢᠯ ᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠲᠦᠷᠦᠭᠦᠯᠡᠨ ᠭᠤᠷᠪᠠᠨ | ᠬᠤᠷᠠᠯ ᠨᠢᠭᠡ ᠬᠢᠴᠢᠶᠡᠯ ᠤᠨ ᠲᠦᠷᠢᠮ ᠢ ᠵᠢᠷᠤᠮᠵᠢᠭᠤᠯᠵᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠤᠨ | ᠬᠢᠴᠢᠶᠡᠯ ᠣᠷᠣᠵᠤ᠂ ︽ᠨᠠᠮ ᠤᠨ ᠪᠠᠶᠢᠭᠤᠯᠤᠯᠲᠠ + ᠶᠠᠳᠠᠭᠤ ᠶᠢ ᠲᠡᠳᠬᠦᠬᠦ︾ ᠨᠠᠮ ᠤᠨ ᠪᠠᠶᠢᠭᠤᠯᠤᠯᠲᠠ ᠶᠢᠨ | ᠵᠢᠭᠰᠠᠭᠠᠯ ᠤᠨ ᠭᠠᠵᠠᠷ ᠢ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠨᠢ ᠪᠠᠳᠤᠳᠬᠠᠪᠠ᠃ ᠭᠤᠷᠪᠠ ᠳᠤ᠂ ᠡᠷᠴᠢ | ᠵᠣᠷᠢᠭ ᠢ ᠨᠢ ᠬᠥᠪᠴᠢᠯᠡᠨ ᠣᠶᠤᠨ ᠤᠬᠠᠭᠠᠨ ᠢ ᠨᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ | ᠶᠠᠳᠠᠭᠤ ᠶᠢ ᠲᠡᠳᠬᠦᠬᠦ ᠮᠡᠳᠡᠯᠭᠡ ᠶᠢᠨ ᠤᠷᠤᠯᠳᠤᠭᠠᠨ᠂ ᠲᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ | ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠯᠤᠮᠵᠢ ᠵᠡᠷᠭᠡ ᠶᠢ ᠡᠷᠬᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ | ᠥᠪᠡᠷ ᠢ ᠪᠠᠨ ᠬᠦᠭᠵᠢᠬᠦᠯᠵᠦ ᠪᠡᠶ᠎ᠡ ᠪᠠᠨ ᠲᠠᠭᠠᠭᠠᠬᠤ᠂ ᠲᠡᠳᠬᠦᠬᠦ ᠶᠢ ᠬᠦᠯᠢᠶᠡᠬᠦ ᠦᠭᠡᠢ ᠬᠦᠮᠦᠨ ᠳᠤ ᠲᠦᠰᠢᠭᠯᠡᠬᠦ | ᠦᠭᠡᠢ ᠪᠣᠯᠬᠤ ᠶᠢ ᠨᠢ ᠬᠦᠳᠦᠯᠦᠨ ᠵᠢᠯᠤᠭᠤᠳᠴᠤ᠂ ᠶᠠᠳᠠᠭᠤ ᠶᠢ ᠲᠡᠳᠬᠦᠬᠦ ᠠᠵᠢᠯ ᠤᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠦᠨᠳᠦᠰᠦᠨ ᠠᠴᠠ ᠨᠢ ᠳᠡᠭᠡᠭᠰᠢᠯᠡᠭᠦᠯᠪᠡ᠃ ᠳᠥᠷᠪᠡ ᠳᠤ ᠨᠡᠶᠢᠭᠡᠮ ᠤᠨ ᠬᠠᠪᠰᠤᠷᠤᠨ | ᠲᠡᠳᠬᠦᠬᠦ ᠬᠦᠴᠦᠨ ᠢ ᠪᠦᠬᠦ ᠬᠦᠴᠦᠨ ᠢᠶᠠᠷ ᠵᠣᠬᠢᠴᠠᠭᠤᠯᠵᠤ᠂ ᠲᠡᠭᠡᠷ᠎ᠡ ᠲᠤᠬᠤᠢ ᠰᠢᠶᠠᠩ ᠤᠨ ᠳᠣᠯᠤᠳᠤᠭᠠᠷ | ᠲᠣᠰᠬᠤᠨ ᠤ ᠰᠠᠨ ᠢ ᠶᠤᠸᠠᠨ ᠠᠴᠠ ᠶᠠᠩ ᠴᠧᠩ ᠱᠠᠨ ᠭᠸᠤ ᠬᠦᠷᠲᠡᠯᠡᠬᠢ ᠬᠡᠰᠡᠭ ᠤᠨ ᠪᠦᠬᠦ ᠤᠷᠳᠤ ᠨᠢ 7.4 | ᠺᠢᠯᠤᠮᠧᠲᠷ ᠤᠨ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ ᠵᠠᠮ ᠢ ᠵᠠᠰᠠᠵᠤ ᠳᠠᠭᠤᠰᠬᠠᠨ᠂ ᠳᠤᠯᠤᠳᠤᠭᠠᠷ | ᠲᠣᠰᠬᠤᠨ ᠳᠤ ᠤᠷᠳᠤ ᠬᠤᠭᠤᠴᠠᠭ᠎ᠠ ᠪᠠᠷ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ ᠬᠠᠳᠠᠭᠤᠷᠠᠭᠤᠯᠤᠭᠰᠠᠨ | ᠵᠠᠮ ᠪᠠᠶᠢᠭᠰᠠᠨ ᠦᠭᠡᠢ ᠠᠰᠠᠭᠤᠳᠠᠯ ᠢ ᠰᠢᠢᠳᠪᠦᠷᠢᠯᠡᠪᠡ︔ ᠪᠡᠯᠡ ᠮᠦᠩᠭᠦ ᠶᠢ ᠢᠳᠡᠪᠬᠢᠳᠡᠢ ᠵᠣᠬᠢᠴᠠᠭᠤᠯᠵᠤ | ᠴᠤᠭᠯᠠᠭᠤᠯᠤᠨ ᠮᠠ ᠸᠠᠩ ᠮᠢᠶᠣᠣ ᠲᠣᠰᠬᠤᠨ ᠤ ᠭᠤᠷᠪᠠᠨ ᠠᠶᠢᠯ ᠲᠣᠰᠬᠤᠨ ᠤ ᠬᠤᠳᠳᠤᠭ ᠤᠨ ᠬᠦᠴᠦᠳᠡᠯ | ᠥᠭᠡᠷᠡᠴᠢᠯᠡᠭᠴᠢ ᠶᠢ ᠨᠢ ᠰᠣᠯᠢᠵᠤ ᠦᠭᠴᠦ ᠂ ᠰᠦ ᠶᠢᠨ ᠭᠧᠦ ᠲᠣᠰᠬᠤᠨ ᠳᠤ ᠲᠦᠭᠡᠭᠡᠯ ᠤᠰᠤ ᠨᠡᠪᠲᠡᠷᠡᠭᠦᠯᠵᠦ᠂ | ᠲᠤᠬᠠᠶ ᠶᠢᠨ ᠭᠠᠵᠠᠷ ᠤᠨ ᠬᠦᠮᠦᠨ ᠮᠠᠯ ᠤᠨ ᠤᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ | ᠰᠢᠢᠳᠪᠦᠷᠢᠯᠡᠵᠦ ᠦᠭᠴᠡᠢ᠃ 2019 ᠣᠨ ᠠᠴᠠ ᠨᠠᠰᠢ᠂ ᠲᠣᠪᠴᠢᠶ᠎ᠠ ᠶᠢᠨ ᠤᠳᠤᠷᠢᠳᠤᠯᠭ᠎ᠠ ᠲᠣᠰᠬᠤᠨ ᠳᠤ | ᠰᠠᠭᠤᠭ᠎ᠠ ᠺᠠᠳ᠋ᠷᠴᠤᠳ ᠢ ᠣᠯᠠᠨ ᠤᠳᠠᠭ᠎ᠠ ᠪᠣᠯᠭᠤᠭᠠᠨ ᠲᠣᠬᠤᠨᠢᠭᠤᠯᠵᠤ᠂ ᠲᠦᠷᠦᠭᠦᠯᠡᠨ ᠡᠯᠧᠺᠲᠷᠤᠨ ᠮᠡᠳᠡᠭᠡ | ᠵᠠᠩᠭᠢ ᠳᠠᠩᠰᠠ ᠡᠪᠬᠡᠮᠡᠯ ᠪᠤᠳᠠᠳᠤ ᠪᠠᠶᠢᠳᠠᠯ ᠵᠡᠷᠭᠡ ᠠᠵᠢᠯ ᠢ ᠬᠢᠨᠠᠨ ᠪᠠᠶᠢᠴᠠᠭᠠᠵᠤ᠂ ᠲᠡᠳᠡᠨ ᠤ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠣᠷᠣᠯᠴᠠᠬᠤ ᠶᠢ ᠳᠠᠮᠵᠢᠵᠤ᠂ | ᠬᠠᠪᠰᠤᠷᠤᠨ ᠲᠡᠳᠬᠦᠬᠦ ᠺᠠᠳ᠋ᠷᠴᠤᠳ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ | ᠡᠳ᠋ ᠤᠨ ᠵᠠᠰᠠᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠳ᠋ ᠤᠨ ᠵᠠᠰᠠᠭ ᠤᠨ ᠺᠠᠳ᠋ᠷ ᠤᠨ ᠰᠢᠯᠢᠳᠡᠭ ᠰᠤᠷᠲᠠᠯ ᠢ | ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | 9. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠯᠢ ᠳ᠋ᠦᠩ ᠳᠡᠳ᠋ ᠲᠣᠪᠴᠢᠶᠠᠨ ᠳᠠᠷᠤᠭ᠎ᠠ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠵᠠᠩ ᠸᠧᠶ ᠳ᠋ᠦᠩ ᠰᠠᠯᠠᠭᠠᠨ ᠳᠠᠷᠤᠭ᠎ᠠ᠂ ᠠᠯᠪᠠᠨ ᠭᠡᠷ ᠤᠨ ᠵᠣᠤ | ᠶᠠ ᠷᠦ᠋ ᠳᠡᠳ᠋ ᠡᠷᠬᠢᠯᠡᠭᠴᠢ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ | ᠬᠠᠨᠳᠤᠭᠤᠯᠵᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ | |