ᠳᠡᠯᠡᠬᠡᠶ ᠶᠢᠨ ᠪᠣᠳᠠᠰ ᠤᠨ ᠪᠤᠰᠤ ᠰᠣᠶᠣᠯ ᠤᠨ ᠥᠪ ᠬᠤᠷᠢᠨᠭᠡᠷ ᠴᠠᠭᠠᠰᠤᠨ ᠬᠠᠶᠢᠴᠢᠯᠠᠮᠠᠯ              ︽ᠰᠤᠷᠭᠠᠭᠤᠯᠢ ᠶᠢᠨ ᠬᠦᠷᠢᠶᠡᠨ ᠳᠤ ᠣᠷᠣᠵᠤ ᠠᠮᠢᠳᠤᠷᠠᠯ ᠳᠤ ᠣᠷᠣᠪᠠ︾
ᠨᠡᠶᠢᠲᠡᠯᠡᠭᠰᠡᠨ ᠴᠠᠭ᠄
2020/9/14
     ᠲᠦᠷᠦᠭᠦᠬᠡᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠳᠠᠷᠤᠭ᠎ᠠ᠂ ᠥᠪᠥᠷ ᠮᠣᠩᠭᠤᠯ ᠤᠨ ᠦᠨᠳᠦᠰᠦᠲᠡᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠳᠠᠷᠤᠭ᠎ᠠ ᠳ᠋ᠤᠸᠠᠨ ᠵᠢᠶᠠᠨ ᠵᠢᠶᠦ᠋ᠨ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠲᠤᠬᠠᠢ ᠶᠢᠨ ᠲᠠᠯᠠᠪᠤᠷ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠵᠢᠭᠠᠨ ᠰᠤᠷᠭᠠᠪᠠ᠃ ᠣᠳᠣ ᠪᠣᠯᠲᠠᠯ᠎ᠠ᠂ ᠲᠤᠬᠠᠢ ᠶᠢᠨ ᠭᠠᠵᠠᠷ ᠤᠨ ᠬᠢᠨ ᠨᠢᠭᠡᠨᠲᠡ ᠬᠤᠪᠣᠷ ᠨᠠᠨᠳᠢᠨ ᠣᠣᠭᠠᠯ ᠬᠤᠷᠢᠨᠭᠡᠷ ᠬᠠᠶᠢᠴᠢᠯᠠᠮᠠᠯ 7 ᠲᠦᠮᠡ ᠭᠠᠷᠤᠢ ᠬᠤᠪᠢ ᠴᠠᠭᠠᠰᠤ ᠶᠢ ᠠᠪᠤᠷᠠᠨ ᠢᠯᠡᠷᠡᠭᠦᠯᠵᠦ᠂ ᠠᠬᠠᠮᠠᠳ ᠨᠢᠭᠡ ᠦᠶ᠎ᠡ ᠶᠢᠨ ᠬᠠᠶᠢᠴᠢᠯᠠᠮᠠᠯ ᠤᠨ ᠣᠷᠠᠯᠢᠭᠴᠢᠨ 3000 ᠰᠢᠬᠠᠮ ᠬᠦᠮᠦᠰ ᠢ ᠡᠷᠢᠵᠦ ᠣᠯᠣᠨ ᠬᠠᠮᠠᠭᠠᠯᠠᠪᠠ᠃ 3000 ᠭᠠᠷᠤᠶ ᠴᠠᠭᠠᠰᠤᠨ ᠬᠠᠶᠢᠴᠢᠯᠠᠮᠠᠯ ᠪᠦᠲᠦᠭᠡᠯ ᠨᠢ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠥᠯ ᠤᠨ ᠤᠷᠠᠨ ᠵᠢᠷᠤᠭ ᠤᠨ ᠦᠵᠡᠰᠬᠦᠯᠡᠩ ᠳᠤ ᠲᠤᠰ ᠲᠤᠰ ᠱᠠᠩᠨᠠᠯ ᠣᠯᠵᠤ᠂ 1600 ᠭᠠᠷᠤᠶ ᠪᠦᠲᠦᠭᠡᠯ ᠨᠢ ᠡᠯ᠎ᠡ ᠲᠥᠷᠥᠯ ᠤᠨ ᠰᠡᠳᠬᠦᠯ ᠰᠣᠨᠢᠨ ᠰᠡᠳᠬᠦᠯ ᠳᠤ ᠨᠡᠶᠢᠲᠡᠯᠡᠭᠳᠡᠵᠡᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号