ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ  ᠦᠲᠡᠯᠦᠭᠡ ᠨᠠᠰᠤᠨ ᠤ ᠠᠮᠢᠳᠤᠷᠠᠯ ᠢ ᠪᠠᠶᠠᠷᠲᠠᠶ ᠡᠳ᠋ᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/14
     8 ᠳ᠋ᠤᠭᠠᠷ ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ᠂ ᠡᠷᠡᠭᠦᠯ ᠮᠡᠨᠳᠦ ᠶᠢᠨ ᠬᠥᠮᠦᠵᠢᠯ ᠤᠨ ᠭᠠᠵᠠᠷ ᠢ ᠵᠣᠬᠢᠶᠠᠨ ᠪᠠᠶᠢᠭᠤᠯᠤᠨ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠦᠲᠡᠯᠦᠭᠡ ᠨᠠᠰᠣᠨ ᠤ ᠠᠮᠢᠳᠤᠷᠠᠯ ᠢ ᠪᠠᠶᠠᠷᠲᠠᠶ ᠡᠳ᠋ᠯᠡᠬᠦ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠯᠪᠠᠨ ᠵᠢᠷᠤᠮ ᠤᠨ ᠡᠮᠴᠢᠯᠡᠭᠡᠨ ᠤ ᠯᠠᠪᠯᠠᠯᠭ᠎ᠠ ᠪᠠᠷ ᠳᠠᠮᠵᠢᠭᠤᠯᠤᠨ᠂ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠶᠠᠪᠤᠭᠳᠠᠭᠤᠯᠪᠠ᠃ ᠲᠤᠬᠠᠶ ᠶᠢᠨ ᠲᠠᠯᠠᠪᠠᠢ ᠳᠤ ᠥᠷᠭᠡᠨ ᠣᠯᠠᠨ ᠲᠦᠮᠡᠨ ᠳᠤ ᠴᠢᠰᠤᠨ ᠳᠠᠷᠤᠯᠲᠠ᠂ ᠴᠢᠰᠤᠨ ᠰᠢᠬᠢᠷ᠂ ᠡᠷᠡᠭᠦᠯ ᠮᠡᠨᠳᠦ ᠶᠢᠨ ᠬᠥᠮᠦᠵᠢᠯ ᠤᠨ ᠵᠥᠪᠯᠡᠯᠭᠡ ᠥᠭᠴᠦ᠂ ᠤᠬᠠᠭᠤᠯᠭ᠎ᠠ ᠶᠢᠨ ᠵᠢᠷᠤᠭ ᠢ 300 ᠭᠠᠷᠤᠶ ᠬᠤᠪᠢ᠂ ᠡᠷᠡᠭᠦᠯ ᠮᠡᠨᠳᠦ ᠶᠢᠨ ᠭᠠᠷ ᠳᠡᠪᠲᠡᠷ ᠢ 500 ᠭᠠᠷᠤᠶ ᠬᠤᠪᠢ᠂ ᠬᠡᠷᠡᠭᠯᠡᠭᠡᠨ ᠤ ᠪᠠᠭᠠᠵᠢ ᠶᠢ 200 ᠭᠠᠷᠤᠶ ᠬᠤᠪᠢ ᠲᠠᠷᠬᠠᠭᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号