ᠬᠤᠷᠢᠨᠭᠡᠷ ᠤᠨ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2021/11/1
     ᠲᠣᠰ ᠲᠥᠷᠥᠯ ᠵᠦᠢᠯ ᠳᠤ ᠨᠡᠶᠢᠲᠡ ᠭᠤᠷᠪᠠᠨ ᠬᠡᠰᠡᠭ ᠪᠠᠭᠲᠠᠨ᠎ᠠ᠂ ᠡᠭᠦᠨ ᠳᠤ 2021 ᠣᠨ ᠤ ᠣᠶ ᠰᠢᠭᠤᠶ ᠶᠢᠨ ᠠᠷᠠᠴᠢᠯᠠᠨ ᠪᠤᠶᠢᠵᠢᠭᠤᠯᠬᠤ ᠲᠥᠷᠥᠯ ᠵᠦᠢᠯ ︵ᠪᠤᠲᠠ ᠮᠣᠳᠣᠨ ᠤ ᠣᠶ ᠶᠢᠨ ᠲᠡᠭᠰᠢ ᠭᠤᠤᠷᠰᠤ︶ ᠢ ᠬᠡᠷᠡᠭᠵᠢᠭᠦᠯᠬᠦ ᠭᠠᠵᠠᠷ ᠨᠢ ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠪᠠᠯᠭᠠᠰᠤᠨ ᠤ ᠾᠧᠢ ᠱᠢ ᠲᠤ ᠲᠣᠰᠬᠤᠨ᠂ ᠠᠷᠪᠠᠨ ᠨᠢᠭᠡᠳᠦᠭᠡᠷ ᠨᠣᠮᠧᠷᠲᠤ ᠲᠣᠰᠬᠤᠨ ᠳᠤ ᠪᠣᠶ᠂ ᠲᠡᠭᠰᠢ ᠭᠤᠤᠷᠰᠤ ᠶᠢᠨ ᠲᠠᠯᠠᠪᠠᠶ ᠨᠢ 6000 ᠮᠥ ᠪᠣᠯᠤᠨ᠎ᠠ᠃ 2020 ᠣᠨ ᠤ ᠬᠤᠶᠠᠳᠤᠭᠠᠷ ᠪᠦᠯᠦᠭ ᠤᠨ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠬᠦ ᠶᠢ ᠬᠡᠷᠡᠭᠵᠢᠭᠦᠯᠬᠦ ᠭᠠᠵᠠᠷ ᠨᠢ ᠬᠤᠷᠢᠨᠭᠡᠷ ᠰᠢᠶᠠᠨ ᠤ ᠾᠦᠨ ᠾᠧ ᠣᠶ ᠰᠢᠭᠤᠶ ᠶᠢᠨ ᠲᠠᠯᠠᠪᠠᠶ ᠶᠢᠨ ᠪᠠᠶ ᠡᠯ ᠶᠧ ᠡᠯᠡᠰᠦᠨ ᠳᠠᠪᠠᠭ᠎ᠠ᠂ ᠴᠧᠩ ᠭᠤᠸᠠᠨ ᠪᠠᠯᠭᠠᠰᠤ᠂ ᠴᠣᠷᠵᠢ ᠶᠢᠨ ᠠᠵᠢᠯ ᠪᠠᠯᠭᠠᠰᠤ᠂ ᠱᠧᠩ ᠯᠧ ᠠᠵᠤ ᠠᠬᠤᠶ ᠶᠢᠨ ᠬᠦᠷᠢᠶᠡᠯᠡᠩ ᠲᠣᠭᠤᠷᠢᠭ ᠲᠤ ᠪᠠᠶᠢᠵᠤ᠂ 10000 ᠮᠥ ᠠᠵᠢᠯᠯᠠᠭᠠᠨ ᠤ ᠲᠠᠯᠠᠪᠠᠶ ᠭᠠᠷᠭᠠᠵᠠᠶ᠃ 2021 ᠣᠨ ᠤ ᠣᠶ ᠰᠢᠭᠤᠶ ᠶᠢᠨ ᠠᠷᠠᠴᠢᠯᠠᠨ ᠪᠤᠶᠢᠵᠢᠭᠤᠯᠬᠤ ᠲᠥᠷᠥᠯ ᠵᠦᠢᠯ ︵ᠳᠤᠮᠳᠠ ᠨᠢᠯᠬ᠎ᠠ ᠮᠣᠳᠣᠨ ᠤ ᠠᠷᠠᠴᠢᠯᠠᠨ ᠪᠤᠶᠢᠵᠢᠭᠤᠯᠬᠤ︶ ᠢ ᠬᠡᠷᠡᠭᠵᠢᠭᠦᠯᠬᠦ ᠭᠠᠵᠠᠷ ᠣᠷᠣᠨ ᠨᠢ ᠬᠤᠷᠢᠨᠭᠡᠷ ᠰᠢᠶᠠᠨ ᠤ ᠶᠡᠭᠡ ᠤᠯᠠᠭᠠᠨᠬᠤᠲᠠ ᠰᠢᠶᠠᠩ ᠳᠤ ᠪᠠᠶᠢᠵᠤ᠂ 3000 ᠮᠥ ᠠᠷᠠᠴᠢᠯᠠᠨ ᠪᠤᠶᠢᠵᠢᠭᠤᠯᠬᠤ ᠲᠠᠯᠠᠪᠠᠶ ᠪᠣᠯᠤᠨ᠎ᠠ᠃ ᠶᠡᠷᠦᠩᠬᠡᠶ ᠪᠡᠯᠡ ᠣᠷᠣᠭᠤᠯᠤᠯᠲᠠ ᠨᠢ 280 ᠲᠦᠮᠡᠨ ᠲᠥᠭᠦᠷᠢᠭ ᠪᠠᠶᠢᠵᠤ᠂ ᠪᠦᠬᠦᠨ ᠢᠶᠠᠷ ᠢᠶᠠᠨ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠪᠣᠯᠣᠨ᠎ᠠ᠃      ᠲᠥᠷᠥᠯ ᠵᠦᠢᠯ ᠤᠨ ᠠᠬᠢᠴᠠ ᠶᠢᠨ ᠪᠠᠶᠢᠳᠠᠯ᠄ 2020 ᠣᠨ ᠤ ᠬᠤᠶᠠᠳᠤᠭᠠᠷ ᠪᠦᠯᠦᠭ ᠤᠨ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠬᠦ ︵ᠪᠤᠲᠠ ᠮᠣᠳᠣᠨ ᠤ ᠣᠶ ᠶᠢᠨ ᠲᠡᠭᠰᠢ ᠭᠤᠤᠷᠰᠤ︶ ᠶᠢ ᠨᠢᠭᠡᠨᠲᠡ ᠪᠡᠶᠡᠯᠡᠭᠦᠯᠪᠡ︔ 2021 ᠣᠨ ᠤ ᠣᠶ ᠰᠢᠭᠤᠶ ᠶᠢᠨ ᠠᠷᠠᠴᠢᠯᠠᠨ ᠪᠤᠶᠢᠵᠢᠭᠤᠯᠬᠤ ᠲᠥᠷᠥᠯ ᠵᠦᠢᠯ ︵ᠪᠤᠲᠠ ᠮᠣᠳᠣᠨ ᠤ ᠣᠶ ᠶᠢᠨ ᠲᠡᠭᠰᠢ ᠭᠤᠤᠷᠰᠤ︶ ᠳᠤ ᠨᠢᠭᠡᠨᠲᠡ ᠳᠠᠭᠠᠭᠠᠴᠢᠯᠠᠯᠲᠠ ᠵᠠᠷᠯᠠᠵᠤ᠂ ᠵᠢᠱᠢᠯᠲᠡ ᠪᠠᠷ 11 ᠰᠠᠷ᠎ᠠ ᠠᠴᠠ ᠡᠬᠢᠯᠡᠵᠦ ᠲᠡᠭᠰᠢ ᠭᠤᠤᠷᠰᠤ ᠭᠠᠷᠭᠠᠨ᠎ᠠ︔ 2021 ᠣᠨ ᠤ ᠣᠶ ᠰᠢᠭᠤᠶ ᠶᠢᠨ ᠠᠷᠠᠴᠢᠯᠠᠨ ᠪᠤᠶᠢᠵᠢᠭᠤᠯᠬᠤ ᠲᠥᠷᠥᠯ ᠵᠦᠢᠯ ︵ᠳᠤᠮᠳᠠ ᠨᠢᠯᠬ᠎ᠠ ᠮᠣᠳᠣᠨ ᠤ ᠠᠷᠠᠴᠢᠯᠠᠨ ᠪᠤᠶᠢᠵᠢᠭᠤᠯᠬᠤ︶ ᠢ ᠨᠢᠭᠡᠨᠲᠡ ᠪᠡᠶᠡᠯᠡᠭᠦᠯᠪᠡ᠃      ᠲᠥᠷᠥᠯ ᠵᠦᠢᠯ ᠤᠨ ᠭᠤᠤᠯ ᠦᠢᠯᠡᠳᠦᠯ ᠪᠣᠯ ᠪᠤᠲᠠ ᠮᠣᠳᠣᠨ ᠤ ᠣᠶ ᠶᠢᠨ ᠦᠨᠳᠦᠰᠦᠨ ᠤ ᠰᠣᠶᠣᠭᠠᠯᠠᠬᠤ ᠴᠢᠳᠠᠪᠤᠷᠢ ᠶᠢ ᠠᠬᠢᠭᠤᠯᠤᠨ᠂ ᠪᠤᠲᠠ ᠮᠣᠳᠣᠨ ᠤ ᠣᠶ ᠶᠢᠨ ᠤᠷᠭᠤᠯᠲᠠ ᠶᠢᠨ ᠪᠠᠶᠢᠳᠠᠯ ᠢ ᠰᠠᠶᠢᠵᠢᠷᠠᠭᠤᠯᠵᠤ᠂ ᠪᠤᠲᠠ ᠮᠣᠳᠣᠨ ᠤ ᠣᠶ ᠶᠢᠨ ᠠᠮᠢ ᠠᠬᠤᠶ ᠶᠢᠨ ᠰᠢᠰᠲ᠋ᠧᠮ ᠤᠨ ᠭᠤᠤᠯ ᠴᠣᠭᠴᠠ ᠶᠢᠨ ᠴᠢᠳᠠᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠪᠤᠲᠠ ᠮᠣᠳᠣᠨ ᠤ ᠣᠶ ᠶᠢᠨ ᠠᠮᠢ ᠠᠬᠤᠶ᠂ ᠨᠡᠶᠢᠭᠡᠮ ᠪᠠ ᠠᠵᠤ ᠠᠬᠤᠶ ᠶᠢᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠤᠲᠠ ᠮᠣᠳᠣᠨ ᠤ ᠣᠶ ᠶᠢᠨ ᠪᠦᠯᠦᠭᠯᠡᠯ ᠢ ᠲᠣᠭᠲᠠᠭᠤᠨ ᠪᠠᠶᠢᠯᠭᠠᠬᠤ᠂ ᠣᠶ ᠶᠢᠨ ᠳᠦᠷᠰᠦ ᠶᠢ ᠰᠠᠶᠢᠵᠢᠷᠠᠭᠤᠯᠬᠤ᠂ ᠣᠶ ᠶᠢᠨ ᠬᠡᠰᠡᠭᠯᠡᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠪᠠ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠦᠷᠭᠦᠯᠵᠢᠯᠡᠨ ᠪᠦᠲᠦᠮᠵᠢᠲᠡᠶ ᠪᠠᠳᠠᠷᠠᠭᠤᠯᠤᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号