ᠬᠦᠢᠲᠡᠨ ᠳᠤᠯᠠᠭᠠᠨ ᠠᠭᠠᠷ ᠤᠨ ᠬᠠᠮᠲᠤ ᠶᠢᠨ ᠨᠥᠯᠥᠭᠡ ᠠᠴᠠ ᠪᠣᠯᠵᠣ᠂ ᠵᠢᠱᠢᠯᠲᠡ ᠪᠠᠷ 1 ᠤ ᠡᠳᠦᠷ ᠤᠨ | ᠰᠥᠨᠢ ᠠᠴᠠ 2 ᠤᠨ ᠡᠳᠦᠷ ᠤᠨ ᠥᠷᠯᠥᠭᠡ ᠪᠣᠯᠲᠠᠯ᠎ᠠ᠂ ᠮᠠᠨ ᠤ ᠰᠢᠶᠠᠨ ᠤ ᠶᠡᠬᠡᠩᠬᠢ ᠰᠢᠶᠠᠩ ᠪᠠᠯᠭᠠᠰᠤᠨ ᠳᠤ ᠪᠠᠭ᠎ᠠ | ᠪᠣᠷᠣᠭᠠᠨ ᠪᠤᠶᠤ ᠴᠠᠰᠤ ᠪᠣᠷᠣᠭᠠᠨ ᠬᠤᠯᠢᠯᠳᠤᠨ ᠣᠷᠣᠵᠤ᠂ ᠶᠡᠷᠦᠩᠬᠡᠶ ᠲᠤᠨᠳᠠᠰᠤᠨ ᠤ ᠬᠡᠮᠵᠢᠶ᠎ᠡ ᠨᠢ 1~5 | ᠮᠢᠯᠢᠮᠧᠲᠷ ᠣᠷᠴᠢᠮ ᠪᠣᠯᠤᠨ᠎ᠠ᠃ ᠡᠨᠡ ᠤᠳᠠᠭᠠᠨ ᠤ ᠠᠭᠠᠷ ᠤᠨ ᠳᠤᠯᠠᠭᠠᠨ ᠤ ᠳᠡᠭᠡᠨᠴᠡᠯ ᠨᠢ ᠶᠡᠭᠡ ᠪᠢᠰᠢ᠂ | ᠲᠤᠬᠠᠶ ᠶᠢᠨ ᠦᠶ᠎ᠡ ᠳᠤ ᠰᠠᠯᠬᠢᠨ ᠤ ᠬᠦᠴᠦ ᠨᠢ 3~4 ᠳᠡᠰ ᠲᠤ ᠭᠥᠷᠳᠡᠭ᠃ | ᠡᠨᠡ ᠬᠦ ᠶᠠᠪᠤᠴᠠ ᠨᠢ 1 ᠤ ᠡᠳᠦᠷ ᠤᠨ ᠰᠥᠨᠢ ᠠᠴᠠ 2 ᠤᠨ ᠡᠳᠦᠷ ᠤᠨ ᠥᠷᠯᠥᠭᠡ ᠪᠣᠯᠲᠠᠯ᠎ᠠ ᠢᠯᠡᠷᠡᠵᠦ᠂ | ᠵᠠᠮ ᠤᠨ ᠨᠢᠭᠤᠷ ᠤᠨ ᠳᠤᠯᠠᠭᠠᠨ ᠤ ᠬᠡᠮᠵᠢᠶ᠎ᠡ ᠨᠡᠯᠢᠶᠡᠳ ᠳᠣᠤᠷ᠎ᠠ ᠤᠴᠢᠷ ᠠᠴᠠ ᠵᠠᠮ ᠭᠤᠯᠭᠤᠷᠢᠬᠤ᠂ ᠮᠥᠰᠥ | ᠬᠥᠯᠳᠡᠬᠦ ᠵᠡᠷᠭᠡ ᠦᠵᠡᠭᠳᠡᠯ ᠢ ᠪᠣᠶ ᠪᠣᠯᠭᠠᠵᠤ ᠮᠡᠳᠡᠨ᠎ᠡ᠃ ᠵᠠᠮ ᠬᠠᠷᠢᠯᠴᠠᠭᠠᠨ ᠤ ᠰᠠᠯᠠᠭ᠎ᠠ ᠮᠥᠴᠢᠷ | ᠰᠡᠷᠭᠡᠶᠢᠯᠡᠯᠲᠡ ᠶᠢᠨ ᠠᠵᠢᠯ ᠢ ᠰᠠᠢᠲᠤᠷ ᠬᠢᠭᠡᠷᠡᠶ᠃ | ᠣᠳᠣᠬᠠᠨ ᠤ ᠬᠢᠵᠢᠭ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠶ ᠪᠠᠶᠢᠳᠠᠯ ᠢ | ᠦᠨᠳᠦᠰᠦᠯᠡᠨ᠂ ᠴᠠᠭ ᠠᠭᠤᠷ ᠤᠨ ᠪᠠᠭ᠎ᠠ ᠨᠠᠶᠢᠷᠠᠭᠤᠯᠤᠭᠴᠢ ᠠᠴᠠ ᠳᠣᠣᠷᠠᠬᠢ ᠮᠡᠲᠦ ᠰᠠᠨᠠᠭᠤᠯᠭ᠎ᠠ ᠶᠢ ᠣᠨᠴᠠᠭᠠᠶᠢᠯᠠᠨ | ᠭᠠᠷᠭᠠᠪᠠ᠄ | 1. ᠠᠯᠢ ᠴᠢᠳᠠᠬᠤ ᠪᠠᠷ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠵᠤ ᠬᠥᠳᠡᠯᠭᠡᠭᠡᠨ ᠬᠢᠬᠦ ᠶᠢ | ᠴᠥᠭᠡᠳᠬᠡᠵᠦ᠂ ᠬᠡᠷ ᠠᠴᠠ ᠪᠠᠨ ᠲᠤᠰᠠᠭᠠᠷᠯᠠᠵᠤ ᠴᠥᠭᠡᠨ ᠭᠠᠳᠠᠭᠰᠢ ᠭᠠᠷᠬᠤ ᠶᠢ ᠪᠠᠷᠢᠮᠲᠠᠯᠠᠨ᠎ᠠ᠃ | 2. ᠬᠦᠢᠲᠡᠨ ᠠᠭᠤᠷ ᠠᠮᠢᠰᠬᠤᠯ᠂ ᠪᠣᠷᠣᠭᠠᠨ ᠴᠠᠰᠤ ᠲᠠᠢ ᠡᠳᠦᠷ᠂ ᠡᠩ ᠤᠨ ᠰᠠᠭᠤᠭᠠᠯᠢ ᠠᠷᠠᠳ ᠤᠨ ᠬᠡᠷ | ᠪᠦᠯᠢ ᠶᠢᠨ ᠬᠠᠮᠠᠭᠠᠯᠠᠯᠲᠠ᠂ ᠳᠤᠯᠠᠭᠠᠨ ᠪᠠᠶᠢᠯᠭᠠᠬᠤ ᠦᠶ᠎ᠡ ᠳᠤ ᠬᠡᠷ ᠪᠠᠶᠢᠰᠢᠩ ᠨᠢ ᠠᠮᠠᠷᠬᠠᠨ ᠪᠢᠲᠡᠭᠦᠮᠵᠢᠯᠡᠭᠳᠡᠭᠰᠡᠨ | ᠪᠠᠶᠢᠳᠠᠯ ᠳᠤ ᠣᠷᠣᠨ᠎ᠠ᠃ ᠥᠷᠥᠭᠡ ᠪᠠᠨ ᠲᠣᠭᠲᠠᠭᠰᠠᠨ ᠴᠠᠭ ᠲᠤ᠂ ᠲᠣᠭᠲᠠᠭᠰᠠᠨ ᠭᠠᠵᠠᠷ ᠲᠤ ᠰᠠᠯᠬᠢ | ᠨᠡᠪᠲᠡᠷᠡᠭᠦᠯᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠶ᠃ ᠭᠡᠷ ᠳᠣᠲᠣᠷ᠎ᠠ ᠰᠠᠯᠬᠢ ᠨᠡᠪᠲᠡᠷᠡᠬᠦ ᠶᠢ ᠣᠯᠠᠨ ᠤᠳᠠᠭ᠎ᠠ | ᠥᠭᠡᠷᠡᠴᠢᠯᠡᠵᠦ᠂ ᠣᠬᠤᠷᠬᠠᠨ ᠬᠤᠭᠤᠴᠠᠭᠠᠨ ᠳᠤ ᠰᠠᠯᠬᠢ ᠨᠡᠪᠲᠡᠷᠡᠭᠦᠯᠵᠦ᠂ ᠰᠠᠯᠬᠢ ᠨᠡᠪᠲᠡᠷᠡᠬᠦ ᠦᠶ᠎ᠡ ᠳᠤ ᠬᠥᠮᠦᠨ ᠤ | ᠪᠡᠶ᠎ᠡ ᠳᠤ ᠬᠦᠢᠲᠡᠨ ᠰᠠᠯᠬᠢ ᠨᠡᠪᠲᠡᠷᠡᠬᠦ ᠠᠴᠠ ᠵᠠᠶᠢᠯᠠᠰᠬᠢᠨ᠎ᠡ᠃ | 3. ᠭᠡᠷ ᠲᠡᠭᠡᠨ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠵᠤ᠂ ᠭᠤᠷᠪᠠᠨ ᠡᠳᠦᠷ ᠲᠤ ᠨᠢᠭᠡ | ᠤᠳᠠᠭ᠎ᠠ ᠠᠷᠢᠭᠤᠳᠬᠠᠬᠤ ᠰᠢᠩᠭᠡᠨ ᠢᠶᠠᠷ ᠠᠷᠢᠭᠤᠳᠬᠠᠨ᠎ᠠ᠂ ᠠᠷᠢᠭᠤᠳᠬᠠᠭᠰᠠᠨ ᠤ ᠳᠠᠷᠠᠭ᠎ᠠ ᠰᠠᠯᠬᠢ ᠨᠡᠪᠲᠡᠷᠡᠬᠦ ᠶᠢ | ᠴᠡᠭᠡᠵᠢᠯᠡᠨ᠎ᠡ᠃ ᠭᠡᠷ ᠤᠨ ᠬᠡᠷᠡᠭᠰᠡᠯ ᠢᠶᠠᠨ ᠴᠦ ᠦᠷᠭᠦᠯᠵᠢ ᠵᠦᠯᠭᠦᠵᠦ ᠵᠦᠯᠭᠦᠬᠦ ᠬᠡᠷᠡᠭᠲᠡᠶ᠃ ᠭᠡᠷ ᠲᠡᠭᠡᠨ | ᠠᠷᠢᠭᠤᠳᠬᠠᠬᠤ ᠳᠤ 75% ᠶᠢᠨ ᠡᠮᠨᠡᠯᠭᠡ ᠳᠤ ᠬᠡᠷᠡᠭᠯᠡᠬᠦ ᠰᠫᠢᠷᠲ ᠢ ᠰᠣᠩᠭᠤᠵᠤ ᠪᠣᠯᠤᠨ᠎ᠠ᠂ ᠭᠡᠪᠡᠴᠦ ᠠᠩᠬᠠᠷᠬᠤ | ᠬᠡᠷᠡᠭᠲᠡᠶ᠂ ᠰᠫᠢᠷᠲ ᠢ ᠨᠢᠯᠬ᠎ᠠ ᠬᠡᠦᠬᠡᠳ ᠪᠠ ᠨᠠᠰᠤᠨ ᠳᠤ ᠬᠦᠷᠦᠭᠰᠡᠳ ᠤᠨ ᠪᠡᠶ᠎ᠡ ᠳᠡᠭᠡᠷ᠎ᠡ ᠶᠡᠭᠡ ᠬᠡᠮᠵᠢᠶ᠎ᠡ ᠪᠠᠷ | ᠰᠦᠷᠴᠢᠵᠦ ᠪᠣᠯᠬᠤ ᠦᠭᠡᠢ᠂ ᠰᠫᠢᠷᠲ ᠲᠤ ᠬᠠᠷᠰᠢᠬᠤ ᠠᠴᠠ ᠰᠡᠷᠭᠡᠶᠢᠯᠡᠬᠦ ᠬᠡᠷᠡᠭᠲᠡᠶ᠃ ᠢᠯᠡ ᠭᠠᠯ ᠢ ᠠᠩᠬᠠᠷᠴᠤ᠂ | ᠭᠠᠯ ᠤᠨ ᠭᠠᠮᠰᠢᠭ ᠢ ᠰᠡᠷᠭᠡᠶᠢᠯᠡᠬᠦ ᠬᠡᠷᠡᠭᠲᠡᠶ᠃ | 4. ᠶᠠᠮᠠᠷ ᠦᠶ᠎ᠡ ᠳᠤ ᠭᠠᠷ ᠢᠶᠠᠨ ᠤᠬᠢᠶᠠᠬᠤ ᠴᠢᠬᠤᠯᠠᠲᠠᠶ ᠪᠣᠶ︖ ᠡᠩ ᠤᠨ ᠪᠠᠶᠢᠳᠠᠯ ᠳᠤ ᠬᠠᠨᠢᠶᠠᠬᠤ ᠪᠤᠶᠤ | ᠨᠠᠶᠢᠲᠠᠭᠠᠯᠭᠠᠭᠰᠠᠨ ᠤ ᠳᠠᠷᠠᠭ᠎ᠠ︔ ᠢᠳᠡᠭᠡᠨ ᠢ ᠪᠡᠯᠡᠳᠬᠡᠬᠦ ᠠᠴᠠ ᠡᠮᠦᠨ᠎ᠡ᠂ ᠪᠡᠯᠡᠳᠬᠡᠵᠦ ᠪᠠᠶᠢᠭ᠎ᠠ ᠬᠤᠭᠤᠴᠠᠭᠠᠨ ᠳᠤ | ᠪᠠ ᠬᠤᠶᠢᠨ᠎ᠠ︔ ᠬᠤᠭᠤᠯᠠ ᠢᠳᠡᠬᠦ ᠠᠴᠠ ᠡᠮᠦᠨ᠎ᠡ︔ ᠵᠣᠷᠯᠣᠩ ᠳᠤ ᠤᠷᠤᠭᠰᠠᠨ ᠤ ᠬᠤᠶᠢᠨ᠎ᠠ︔ ᠭᠠᠷ ᠭᠬᠢᠷᠲᠦᠬᠦ | ᠦᠶ᠎ᠡ ᠳᠤ᠃ ᠪᠤᠰᠤᠳ ᠬᠥᠮᠦᠨ ᠲᠠᠢ ᠣᠶᠢᠷᠠᠲᠤᠭᠰᠠᠨ ᠤ ᠳᠠᠷᠠᠭ᠎ᠠ︔ ᠠᠮᠢᠲᠠᠨ ᠲᠠᠢ ᠬᠦᠷᠦᠯᠴᠡᠭᠰᠡᠨ ᠤ ᠳᠠᠷᠠᠭ᠎ᠠ᠂ | ᠭᠠᠳᠠᠭᠰᠢ ᠭᠠᠷᠤᠭᠠᠳ ᠬᠠᠷᠢᠵᠤ ᠢᠷᠡᠭᠰᠡᠨ ᠤ ᠳᠠᠷᠠᠭ᠎ᠠ᠃ | 5. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠪᠠ ᠭᠠᠳᠠᠷ ᠦᠢᠯᠡᠴᠢᠭᠡᠨ ᠤ ᠠᠵᠢᠯᠲᠠᠨ | ᠵᠢᠵᠢᠭᠦᠷᠯᠡᠬᠦ ᠦᠶ᠎ᠡ ᠳᠤ ᠥᠪᠡᠷ ᠤᠨ ᠪᠡᠶ᠎ᠡ ᠶᠢᠨ ᠳᠤᠯᠠᠭᠠᠯᠠᠭ᠎ᠠ ᠪᠠᠨ ᠴᠢᠩᠭᠠᠳᠬᠠᠵᠤ᠂ ᠪᠡᠶ᠎ᠡ ᠶᠢᠨ ᠡᠪᠡᠳᠴᠢᠨ | ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠬᠤ ᠶᠢᠨ ᠤᠯᠠᠮ ᠠᠴᠠ ᠨᠠᠩ ᠠᠮᠠᠷᠬᠠᠨ ᠸᠢᠷᠦ᠋ᠰ ᠲᠤ ᠨᠡᠷᠪᠡᠭᠳᠡᠬᠦ ᠠᠴᠠ | ᠵᠠᠶᠢᠯᠠᠰᠬᠢᠬᠤ ᠬᠡᠷᠡᠭᠲᠡᠶ᠃ |