︽ᠮᠦᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠵᠣᠭᠰᠤᠭ᠎ᠠ ᠥᠬᠡᠶ
ᠨᠡᠶᠢᠲᠡᠯᠡᠭᠰᠡᠨ ᠴᠠᠭ᠄
2021/11/2
     ᠪᠢ ᠺᠤᠮᠫᠠᠨᠢ ᠡᠷᠬᠢᠯᠡᠶ᠎ᠡ ᠭᠡᠵᠦ ᠪᠣᠳᠣᠵᠤ ᠪᠠᠶᠢᠨ᠎ᠠ᠂ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠ ᠲᠠᠢ ᠪᠤᠢ︖ ᠪᠢ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠳᠤ ᠶᠠᠭᠠᠬᠢᠵᠤ ᠭᠤᠶᠤᠴᠢᠯᠠᠪᠠᠯ ᠵᠣᠬᠢᠬᠤ ᠪᠤᠶ︖ ᠬᠦᠰᠦᠨᠦᠭᠲᠦ ᠶᠢ ᠶᠠᠭᠠᠬᠢᠵᠤ ᠲᠠᠭᠯᠠᠬᠤ ᠪᠤᠢ︖ ᠬᠢᠬᠦ ᠵᠠᠪ ᠦᠭᠡᠢ ᠪᠣᠯ ᠶᠠᠭᠠᠬᠢᠬᠤ ᠪᠤᠢ︖ ᠁ ᠁      ᠡᠳᠡᠭᠡᠷ ᠨᠢ ᠴᠥᠮ ᠤᠷᠲᠤ ᠬᠤᠭᠤᠴᠠᠭᠠᠨ ᠤ ᠲᠤᠷᠰᠢ ᠠᠵᠢᠯ ᠶᠠᠪᠤᠳᠠᠯ ᠬᠢᠵᠦ ᠪᠠᠶᠢᠭ᠎ᠠ ᠣᠯᠠᠨ ᠲᠦᠮᠡᠨ ᠢ ᠭᠠᠴᠢᠭᠳᠠᠭᠤᠯᠵᠤ ᠢᠷᠡᠭᠰᠡᠨ ᠬᠦᠴᠢᠷ ᠠᠰᠠᠭᠤᠳᠠᠯ ᠪᠣᠯᠤᠨ᠎ᠠ᠃ ᠡᠶᠢᠮᠦ ᠠᠴᠠ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ︽ᠮᠦᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠮᠦᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠶᠢᠨ ᠬᠠᠪᠰᠤᠷᠤᠨ ᠭᠦᠢᠴᠡᠳᠬᠡᠬᠦ ᠲᠤᠰᠬᠠᠶ ᠣᠷᠣᠨ ᠭᠠᠷᠭᠠᠵᠤ᠂ ᠴᠣᠩᠬᠤᠪᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠨ ︽ᠵᠠᠭᠤᠴᠢ︾᠂ ︽ᠦᠢᠯᠡᠴᠢᠯᠡᠭᠴᠢ︾ ᠶᠢᠨ ᠦᠢᠯᠡᠴᠢᠯᠡᠭᠡᠨ ᠤ ᠵᠠᠭᠪᠤᠷ ᠢᠶᠠᠷ᠂ ᠴᠣᠩᠬᠤᠪᠴᠢ ᠶᠢᠨ ᠳᠣᠲᠣᠷ᠎ᠠ ᠠᠴᠠ ᠴᠣᠩᠬᠤᠪᠴᠢ ᠶᠢᠨ ᠭᠠᠳᠠᠨ᠎ᠠ ᠬᠦᠷᠲᠡᠯ᠎ᠡ ᠠᠵᠢᠯ ᠶᠠᠪᠤᠳᠠᠯ ᠬᠢᠵᠦ ᠪᠠᠶᠢᠭ᠎ᠠ ᠣᠯᠠᠨ ᠲᠦᠮᠡᠨ ᠲᠠᠢ ᠣᠶᠢᠷᠠᠲᠤᠨ᠂ ᠠᠵᠤ ᠠᠬᠤᠶᠢᠯᠠᠯ ᠤᠨ ᠱᠠᠭᠠᠷᠳᠠᠯᠭ᠎ᠠ ᠶᠢ ᠠᠰᠠᠭᠤᠵᠤ᠂ ᠠᠵᠤ ᠠᠬᠤᠶᠢᠯᠠᠯ ᠤᠨ ᠨᠡᠷ᠎ᠡ ᠮᠡᠳᠡᠭᠦᠯᠬᠦ᠂ ᠪᠠᠶᠢᠭᠤᠯᠬᠤ ᠳᠠᠩᠰᠠᠯᠠᠯᠲᠠ ᠬᠢᠬᠦ᠂ ᠲᠠᠮᠠᠭ᠎ᠠ ᠰᠡᠶᠢᠯᠬᠦ᠂ ᠪᠠᠩᠬᠢ ᠶᠢᠨ ᠳᠠᠩᠰᠠ ᠨᠡᠭᠡᠭᠡᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠬᠢᠬᠦ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠵᠡᠷᠭᠡ ᠪᠦᠬᠦ ᠶᠠᠪᠤᠴᠠ ᠶᠢᠨ ︽ᠥᠨᠳᠥᠷ ᠳᠠᠪᠲᠠᠮᠵᠢᠲᠤ ᠬᠡᠷᠡᠭ︾ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ︽ᠰᠤᠳᠠᠯ ᠪᠠᠷᠢᠵᠤ︾᠂ ᠪᠥᠬᠦ ᠶᠠᠪᠤᠴᠠ ᠳᠤ ᠰᠦᠢᠳᠬᠡᠯ ᠬᠤᠷᠢᠶᠠᠬᠤ ᠥᠬᠡᠶ ᠪᠠᠷ ᠬᠠᠪᠰᠤᠷᠤᠨ ᠭᠦᠢᠴᠡᠳᠬᠡᠵᠦ ᠣᠷᠣᠯᠠᠨ ᠬᠢᠵᠦ᠂ ᠠᠵᠤ ᠠᠬᠤᠶᠢᠯᠠᠯ ᠳᠤ ᠥᠪᠡᠷᠮᠢᠴᠡᠴᠢᠯᠡᠭᠰᠡᠨ ᠮᠠᠲ᠋ᠧᠷᠢᠶᠠᠯ ᠤᠨ ᠦᠢᠯᠡᠴᠢᠯᠡᠭᠡᠨ ᠤ ᠪᠣᠭᠤᠳᠠᠯ ᠪᠠᠶᠢᠭᠤᠯᠤᠨ ᠥᠭᠴᠦ᠂ ᠠᠵᠤ ᠠᠬᠤᠶᠢᠯᠠᠯ ᠤᠨ ᠥᠪᠡᠰᠦᠪᠡᠨ ᠪᠡᠯᠡᠳᠬᠡᠭᠰᠡᠨ ᠮᠠᠲ᠋ᠧᠷᠢᠶᠠᠯ ᠢ ᠤᠷᠢᠳᠴᠢᠯᠠᠨ ᠬᠢᠨᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠶᠠᠪᠤᠴᠠ ᠳᠠᠬᠢ ᠠᠰᠠᠭᠤᠳᠠᠯ ᠢ ᠪᠠᠲᠤᠯᠠᠬᠤ ᠬᠡᠯᠪᠡᠷᠢ ᠪᠠᠷ ᠰᠢᠢᠳᠪᠦᠷᠢᠯᠡᠨ ᠬᠠᠪᠰᠤᠷᠤᠨ ‍ᠦ᠋ᠢᠴᠡᠳᠬᠡᠵᠦ ᠣᠷᠣᠯᠠᠨ ᠬᠢᠭᠡᠳ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
     ᠲᠠᠷᠠᠭᠠᠴᠢ ᠶᠢᠨ ᠠᠯᠬᠤᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠨᠠᠩ ᠨᠠᠷᠢᠯᠢᠭ ᠣᠨᠣᠴᠠᠲᠠᠶ᠂ ᠳᠣᠲᠣᠨᠣ ᠦᠢᠯᠡᠴᠢᠯᠡᠭᠡ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠴᠢᠷᠮᠠᠶᠢᠨ ᠨᠡᠪᠲᠡᠷᠡᠭᠦᠯᠵᠦ᠂ ︽ᠨᠢᠭᠡ ᠶᠠᠪᠤᠳᠠᠯ︾ ᠤᠨ ᠤᠴᠢᠷ ᠶᠠᠪᠤᠳᠠᠯ ᠤᠨ ᠬᠦᠷᠢᠶ᠎ᠡ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ︽ᠮᠦᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号