ᠥᠪᠥᠷ ᠮᠣᠩᠭᠤᠯ ᠳᠤ ᠳᠤᠯᠠᠭᠠᠷᠠᠵᠤ ᠡᠬᠢᠯᠡᠵᠡᠢ
ᠨᠡᠶᠢᠲᠡᠯᠡᠭᠰᠡᠨ ᠴᠠᠭ᠄
2021/11/25
     ᠨᠡᠯᠢᠶᠡᠳ ᠴᠢᠩᠭ᠎ᠠ ᠠᠭᠠᠷ ᠤᠨ ᠬᠦᠢᠲᠡᠨ ᠤᠷᠤᠰᠬᠠᠯ ᠤᠨ ᠨᠦᠯᠦᠭᠡ ᠪᠠᠷ᠂ ᠳᠡᠭᠡᠷ᠎ᠡ ᠭᠠᠷᠠᠭ ᠤᠨ ᠰᠡᠭᠦᠯᠴᠢ ᠪᠠᠷ ᠥᠪᠥᠷ ᠮᠣᠩᠭᠤᠯ ᠳᠤ ᠶᠡᠬᠡᠪᠡᠷ ᠬᠦᠢᠲᠡᠷᠡᠵᠦ᠂ ᠴᠠᠰᠤ ᠣᠷᠣᠨ ᠶᠡᠭᠡ ᠰᠠᠯᠬᠢ ᠰᠠᠯᠬᠢᠯᠠᠵᠤ᠂ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠰᠢᠷᠦᠭᠦᠨ ᠳᠣᠷᠣᠭᠰᠢᠯᠠᠪᠠ᠃      ᠥᠪᠥᠷ ᠮᠣᠩᠭᠤᠯ ᠤᠨ ᠴᠠᠭ ᠠᠭᠤᠷ ᠤᠨ ᠦᠷᠲᠡᠭᠡ ᠶᠢᠨ ᠵᠢᠱᠢᠭᠰᠡᠨ ᠢᠶᠠᠷ᠂ 23 ᠤ ᠡᠳᠦᠷ ᠠᠴᠠ ᠡᠬᠢᠯᠡᠨ᠂ ᠥᠪᠥᠷ ᠮᠣᠩᠭᠤᠯ ᠳᠤᠯᠠᠭᠠᠷᠠᠵᠤ ᠡᠬᠢᠯᠡᠨ᠂ ᠠᠭᠠᠷ ᠤᠨ ᠳᠤᠯᠠᠭᠠᠨ 4-6 ᠭᠷᠠᠳᠦ᠋ᠰ ᠳᠡᠭᠡᠭᠰᠢᠯᠡᠨ᠂ ᠶᠡᠬᠡᠩᠬᠢ ᠭᠠᠵᠠᠷ ᠣᠷᠣᠨ ᠤ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠳᠡᠭᠡᠭᠰᠢᠯᠡᠭᠡᠳ 8 ᠭᠷᠠᠳᠦ᠋ᠰ ᠣᠷᠴᠢᠮ ᠪᠣᠯᠵᠤ᠂ ᠳᠤᠮᠳᠠ ᠪᠠᠷᠠᠭᠤᠨ ᠣᠷᠣᠨ ᠤ ᠣᠯᠠᠩᠬᠢ ᠭᠠᠵᠠᠷ ᠤᠨ ᠬᠠᠮᠤᠭ ᠤᠨ ᠦᠨᠳᠦᠷ ᠠᠭᠠᠷ ᠤᠨ ᠳᠤᠯᠠᠭᠠᠨ ᠳᠡᠭᠡᠭᠰᠢᠯᠡᠭᠡᠳ 0 ᠭᠷᠠᠳᠦ᠋ᠰ ᠢ ᠳᠠᠪᠠᠨ᠎ᠠ᠃ ᠵᠢᠱᠢᠯᠲᠡ ᠪᠠᠷ ᠢᠷᠡᠬᠦ ᠬᠡᠳᠦᠨ ᠡᠳᠦᠷ ᠲᠤ᠂ ᠪᠦᠬᠦ ᠣᠷᠣᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠪᠦᠭᠡᠳ ᠶᠡᠭᠡ ᠬᠡᠪᠴᠢᠶᠡᠨ ᠤ ᠪᠣᠷᠣᠭᠠᠨ ᠴᠠᠰᠤ ᠦᠭᠡᠢ ᠪᠣᠯᠬᠤᠷ ᠶᠠᠪᠤᠵᠤ ᠰᠠᠭᠤᠬᠤ ᠳᠤ ᠠᠰᠢᠭᠲᠠᠢ ᠶᠤᠮ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号