︽ᠮᠦᠩᠬᠡ ᠰᠤᠪᠠᠭ  ᠨᠢᠭᠡᠯᠡ ᠤᠳᠠᠭ᠎ᠠ ᠳᠤ ᠭᠦᠢᠴᠡᠳᠬᠡᠬᠦ︾ ᠶᠢᠨ ᠬᠤᠷᠠᠮᠠᠯ ᠦᠢᠯᠡᠴᠢᠯᠡᠭᠡ ᠨᠢ ᠠᠷᠠᠳ ᠤᠨ ᠰᠡᠳᠬᠢᠯ ᠲᠠᠢ ᠣᠶᠢᠷᠠᠲᠤᠨ᠎ᠠ
ᠨᠡᠶᠢᠲᠡᠯᠡᠭᠰᠡᠨ ᠴᠠᠭ᠄
2021/11/29
     ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠭᠤᠤᠯ ᠰᠡᠳᠦᠪᠲᠦ ᠬᠤᠷᠠᠮᠠᠯ ᠦᠢᠯᠡᠴᠢᠯᠡᠭᠡᠨ ᠤ ᠥᠭᠡᠷᠡᠴᠢᠯᠡᠯᠲᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠮᠠᠲ᠋ᠧᠷᠢᠶᠠᠯ ᠢ ᠳᠠᠬᠢᠨ ᠳᠠᠪᠲᠠᠨ ᠲᠤᠰᠢᠶᠠᠬᠤ ᠦᠵᠡᠭᠳᠡᠯ ᠢ ᠢᠳᠡᠭ ᠢᠳᠡᠭ ᠢᠶᠠᠷ ᠪᠠᠭᠠᠰᠬᠠᠬᠤ ᠶᠢ ᠳᠥᠯᠭᠢᠨ ᠠᠬᠢᠭᠤᠯᠪᠠ᠃
     ᠠᠵᠤ ᠠᠬᠤᠶᠢᠯᠠᠯ᠂ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠪᠠ ᠣᠯᠠᠨ ᠲᠦᠮᠡᠨ ᠤ ᠠᠵᠢᠯ ᠤᠨ ᠬᠠᠨᠤᠮᠵᠢ ᠶᠢᠨ ᠬᠡᠮᠵᠢᠶ᠎ᠡ᠂ ᠳᠥᠭᠦᠮ ᠳᠥᠲᠡ ᠶᠢᠨ ᠬᠡᠮᠵᠢᠶ᠎ᠡ ᠶᠢ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠥᠰᠦᠯ ᠤᠨ ᠶᠣᠰᠣᠭᠠᠷ᠂ ᠤᠴᠢᠷ ᠶᠠᠪᠤᠳᠠᠯ ᠨᠢᠭᠡᠪᠦᠷᠢ ᠶᠢᠨ ᠭᠦᠢᠴᠡᠳᠬᠡᠬᠦ ᠦᠨᠳᠦᠰᠦᠯᠡᠯ᠂ ᠭᠤᠶᠤᠴᠢᠯᠠᠬᠤ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠨᠢᠭᠡᠳᠦᠯᠲᠡᠶ ᠵᠢᠷᠤᠮᠵᠢᠭᠰᠠᠨ ᠴᠤᠪᠤᠷᠠᠯ ᠵᠢᠷᠤᠭ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠣᠭᠲᠠᠭᠠᠬᠤ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠨᠢᠭᠡ ᠯᠡ ᠤᠳᠠᠭ᠎ᠠ ᠳᠤ ᠤᠴᠢᠷ ᠶᠠᠪᠤᠳᠠᠯ ᠭᠦᠢᠴᠡᠳᠬᠡᠬᠦ ᠲᠤᠰᠬᠠᠶ ᠣᠷᠣᠨ ᠳᠤ ᠵᠡᠷᠭᠡᠪᠡᠷ ᠬᠦᠷᠭᠡᠬᠦ ᠬᠡᠷᠡᠭᠲᠡᠶ᠃ ᠬᠤᠷᠢᠨᠭᠡᠷ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠢᠭᠡ ᠤᠳᠠᠭᠠᠨ ᠤ ᠲᠤᠬᠠᠶᠢᠯᠠᠭᠰᠠᠨ ᠠᠵᠢᠯ ᠡᠷᠬᠢᠯᠡᠬᠦ ᠶᠢ ᠬᠦᠯᠢᠶᠡᠨ ᠠᠪᠴᠤ ᠰᠢᠢᠳᠪᠦᠷᠢᠯᠡᠬᠦ ᠴᠣᠩᠬᠤ ᠭᠠᠷᠭᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠪᠠᠷ ᠢᠷᠡᠭᠰᠡᠨ ᠣᠯᠠᠨ ᠲᠦᠮᠡᠨ ᠵᠥᠪᠬᠡᠨ ᠴᠣᠩᠬᠤᠨ ᠤ ᠠᠵᠢᠯᠲᠠᠳ ᠲᠤ ᠤᠴᠢᠷ ᠶᠠᠪᠤᠳᠠᠯ ᠢᠶᠠᠨ ᠲᠣᠳᠣᠷᠬᠠᠶᠢᠯᠠᠨ ᠥᠭᠴᠦ᠂ ᠵᠣᠬᠢᠬᠤ ᠮᠠᠲ᠋ᠧᠷᠢᠶᠠᠯ ᠢᠶᠠᠨ ᠲᠤᠰᠢᠶᠠᠪᠠᠯ ᠪᠣᠯᠴᠢᠬᠠᠨ᠎ᠠ᠂ ᠳᠠᠷᠤᠶ ᠴᠣᠩᠬᠤᠨ ᠤ ᠠᠵᠢᠯᠲᠠᠨ ᠢᠶᠠᠷ ᠵᠣᠯᠭᠠᠭᠤᠯᠤᠨ ᠬᠢᠨᠠᠨ ᠬᠠᠷᠭᠤᠭᠤᠯᠵᠤ ᠭᠦᠢᠴᠡᠳᠬᠡᠬᠦ ᠶᠢ ᠬᠠᠷᠢᠭᠤᠴᠠᠭᠤᠯᠵᠤ᠂ ᠪᠥᠬᠦ ᠶᠠᠪᠤᠴᠠ ᠪᠠᠷ ᠰᠦᠢᠳᠬᠡᠯ ᠬᠤᠷᠢᠶᠠᠬᠤ ᠥᠬᠡᠶ ᠪᠠᠷ ᠦᠢᠯᠡᠴᠢᠯᠡᠬᠦ ᠪᠠ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ ᠶᠢ ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ ᠳᠤ ᠥᠪᠡᠷ ᠤᠨ ᠥᠷᠲᠡᠭ ᠥᠬᠡᠶ ᠪᠠᠶᠢᠬᠤ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
     ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠤᠨ ᠶᠠᠪᠤᠳᠠᠯ ᠤᠨ ᠬᠠᠨᠳᠤᠰᠢ ᠮᠥᠨ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠳᠤ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ ᠪᠠᠶᠢᠬᠤ ᠪᠠᠷ ᠤᠳᠤᠷᠢᠳᠤᠮᠵᠢ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ︽ᠨᠢᠭᠡ ᠶᠠᠪᠤᠳᠠᠯ︾ ᠳᠤ ᠬᠤᠯᠪᠣᠭᠳᠠᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠶᠢᠨ ᠵᠦᠢᠯᠡᠰ ᠢ ᠲᠥᠪᠯᠡᠷᠡᠭᠦᠯᠦᠨ ᠭᠦᠢᠴᠡᠳᠬᠡᠵᠦ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠮᠡᠳᠡᠭᠦᠯᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ  ᠭᠦᠢᠴᠡᠳᠬᠡᠬᠦ︾ ᠶᠢ ᠬᠡᠷᠡᠭᠵᠢᠭᠦᠯᠦᠨ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠦᠢᠯᠡᠴᠢᠯᠡᠭᠡᠨ ᠤ ᠥᠩᠭᠡᠷᠡᠯᠲᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号