ᠳᠤᠮᠳᠠᠳᠤ ᠤᠯᠤᠰ ᠤᠨ ᠪᠠᠩᠬᠢ ᠶᠢᠨ ᠬᠤᠷᠢᠨᠭᠡᠷ ᠰᠢᠶᠠᠨ ᠤ ᠰᠠᠯᠪᠤᠷᠢ ᠪᠠᠩᠬᠢ ᠨᠠᠰᠤᠲᠠᠢ ᠬᠡᠷᠡᠭᠯᠡᠭᠴᠢᠳ ᠲᠤ ᠦᠨᠡᠨᠴᠢ ᠪᠠᠷ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/11/4
     11 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠪᠠᠩᠬᠢ ᠶᠢᠨ ᠬᠤᠷᠢᠨᠭᠡᠷ ᠰᠢᠶᠠᠨ ᠤ ᠰᠠᠯᠪᠤᠷᠢ ᠪᠠᠩᠬᠢ ᠶᠢᠨ ᠶᠡᠭᠡ ᠲᠢᠩᠬᠢᠮ ᠳᠤ ᠨᠢᠭᠡᠨ ᠬᠡᠷᠡᠭᠯᠡᠭᠴᠢ ᠶᠡᠭᠡ ᠲᠢᠩᠬᠢᠮ ᠤᠨ ᠳᠠᠭᠠᠭᠠᠮᠠᠯ ᠠᠴᠠ ᠯᠠᠪᠯᠠᠨ ᠠᠰᠠᠭᠤᠵᠤ ᠪᠠᠶᠢᠭ᠎ᠠ ᠨᠢ᠄ ︽ᠭᠡᠷ ᠤᠨ ᠨᠠᠰᠤᠲᠠᠨ ᠤ ᠪᠡᠶ᠎ᠡ ᠨᠢ ᠬᠥᠳᠡᠯᠵᠦ ᠪᠠᠷᠢᠬᠤ ᠳᠤ ᠳᠥᠭᠦᠮ ᠦᠭᠡᠢ ᠪᠣᠯᠬᠤᠷ ᠴᠣᠩᠬᠤᠪᠴᠢ ᠳᠤ ᠢᠷᠡᠵᠦ ᠨᠡᠶᠢᠭᠡᠮ ᠤᠨ ᠳᠠᠭᠠᠳᠬᠠᠯ ᠤᠨ ᠺᠠᠷᠲ ᠠᠪᠬᠤ ᠠᠷᠭ᠎ᠠ ᠦᠭᠡᠶ ᠪᠣᠯᠵᠠᠶ︾ ᠭᠡᠵᠦ ᠰᠠᠨᠳᠤᠷᠤᠨ ᠬᠡᠯᠡᠪᠡ᠃ ᠣᠶᠢᠯᠠᠭᠠᠭᠰᠠᠨ ᠢᠶᠠᠷ᠂ ᠲᠣᠰ ᠬᠡᠷᠡᠭᠯᠡᠭᠡᠴᠢ ᠶᠢᠨ ᠡᠵᠢ ᠨᠢ ᠪᠦᠬᠦᠯᠢ 90 ᠨᠠᠰᠤ ᠬᠦᠷᠴᠦ᠂ ᠬᠥᠳᠡᠯᠵᠦ ᠪᠠᠷᠢᠬᠤ ᠳᠤ ᠳᠥᠭᠦᠮ ᠦᠭᠡᠢ᠂ ᠡᠪᠡᠳᠴᠢᠨ ᠠᠴᠠ ᠪᠣᠯᠵᠣ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠪᠠᠴᠢᠮ ᠲᠤᠰᠢᠶᠠᠬᠤ ᠴᠢᠬᠤᠯᠠᠲᠠᠶ ᠪᠣᠯᠤᠭᠰᠠᠨ ᠪᠣᠯᠪᠠᠴᠤ ᠥᠪᠡᠷ ᠢᠶᠠᠨ ᠢᠷᠡᠵᠦ ᠨᠡᠶᠢᠭᠡᠮ ᠤᠨ ᠳᠠᠭᠠᠳᠬᠠᠯ ᠤᠨ ᠺᠠᠷᠲ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠡᠶᠢᠯᠬᠦ ᠥᠬᠡᠶ ᠪᠣᠯᠵᠠᠶ᠃      ᠬᠤᠷᠢᠨᠭᠡᠷ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠠᠷᠦ᠋ᠢᠬᠠᠨ ᠬᠡᠷ ᠲᠤᠨᠢ ᠬᠦᠷᠴᠦ ᠭᠡᠷᠡᠴᠢᠯᠡᠬᠦ ᠦᠢᠯᠡᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠬᠢᠯᠡᠨ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠠᠵᠢᠯᠲᠠᠨ ᠢ ᠳᠠᠷᠦ᠋ᠢᠬᠠᠨ ᠬᠡᠷᠡᠭᠯᠡᠭᠴᠢ ᠶᠢᠨ ᠬᠡᠷ ᠲᠤ ᠣᠴᠢᠭᠤᠯᠵᠤ᠂ ᠬᠡᠷ ᠲᠤᠨᠢ ᠬᠦᠷᠴᠦ ᠭᠡᠷᠡᠴᠢᠯᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠤᠨ ᠶᠣᠰᠣᠭᠠᠷ᠂ ᠲᠠᠰ ᠳᠠᠷᠠᠭᠠᠯᠠᠯ ᠢᠶᠠᠷ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ᠂ ᠵᠢᠷᠤᠭ ᠳᠦᠷᠰᠦ ᠴᠤᠭᠯᠠᠭᠤᠯᠬᠤ ᠵᠡᠷᠭᠡ ᠠᠵᠢᠯ ᠢ ᠶᠠᠪᠣᠭᠳᠠᠭᠤᠯᠪᠠ᠃ ᠭᠡᠷᠡᠴᠢᠯᠡᠬᠦ ᠶᠠᠪᠤᠴᠠ ᠳᠤ᠂ ᠨᠠᠰᠤᠲᠠᠨ ᠠᠵᠢᠯᠲᠠᠳ ᠲᠤ ︽ᠨᠠᠮ ᠳᠤ ᠢᠷᠠᠭᠤ ᠠᠯᠳᠠᠷᠲᠠᠢ ᠪᠣᠯᠤᠭᠰᠠᠨ 50 ᠵᠢᠯ ᠤᠨ ᠳᠤᠷᠠᠰᠬᠠᠯ ᠤᠨ ᠲᠡᠮᠳᠡᠭ︾ ᠣᠯᠵᠤ ᠥᠩᠭᠡᠷᠡᠭᠰᠡᠨ ᠢᠶᠠᠨ ᠶᠠᠷᠢᠵᠤ ᠥᠭᠬᠦ ᠶᠢᠨ ᠬᠠᠮᠲᠤ ᠬᠥᠭᠰᠢᠨ ︽ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ︾ ᠠᠵᠢᠯᠯᠠᠭ᠎ᠠ ᠳᠤ ᠣᠷᠣᠯᠴᠠᠵᠤ᠂ ᠪᠠᠰᠠ ᠳᠤᠮᠳᠠᠳᠤ ᠤᠯᠤᠰ ᠤᠨ ᠠᠷᠠᠳ ᠤᠨ ᠬᠠᠶᠢᠷᠠᠯᠠᠯᠲᠠᠢ ᠰᠠᠶᠢᠨ ᠳᠤᠷ᠎ᠠ ᠶᠢᠨ ᠴᠡᠷᠢᠭ ᠪᠠᠶᠢᠵᠠᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠤᠰ ᠭᠡᠷ ᠪᠦᠯᠢ ᠳᠤ ︽ᠢᠷᠠᠭᠤ ᠠᠯᠳᠠᠷᠲᠤ ᠭᠡᠷ ᠪᠦᠯᠢ ︾ ᠴᠣᠯᠠ ᠣᠯᠭᠤᠭᠰᠠᠨ ᠵᠡᠷᠭᠡ ᠶᠢ ᠶᠠᠷᠢᠵᠣ ᠪᠠᠶᠢᠯ᠎ᠠ᠃      ᠭᠠᠷᠲᠠᠨ ᠭᠦᠢᠴᠡᠳᠬᠡᠬᠦ ᠠᠵᠢᠯᠲᠠᠨ ᠮᠠᠰᠢ ᠲᠦᠷᠭᠡᠨ ᠢᠶᠠᠷ ᠨᠠᠰᠤᠲᠠᠨ ᠳᠤ ᠭᠡᠷᠡᠴᠢᠯᠡᠬᠦ ᠲᠤᠬᠠᠶᠢᠯᠠᠭᠰᠠᠨ ᠠᠵᠢᠯ ᠢ ᠠᠮᠵᠢᠯᠲᠠᠲᠠᠶ ᠭᠦᠢᠴᠡᠳᠬᠡᠵᠦ ᠥᠭᠭᠦᠭᠰᠡᠨ ᠪᠥᠭᠡᠳ ᠲᠤᠬᠠᠶ ᠶᠢᠨ ᠡᠳᠦᠷ ᠲᠤ ᠨᠡᠶᠢᠭᠡᠮ ᠤᠨ ᠳᠠᠭᠠᠳᠬᠠᠯ ᠤᠨ ᠺᠠᠷᠲ ᠤᠨ ᠲᠤᠬᠠᠶᠢᠯᠠᠭᠰᠠᠨ ᠠᠵᠢᠯ ᠢ ᠣᠷᠣᠯᠠᠨ ᠬᠢᠵᠦ ᠥᠭᠭᠦᠭᠰᠡᠨ ᠪᠠᠶᠢᠨ᠎ᠠ᠃ ᠲᠤᠰ ᠪᠠᠩᠬᠢ ᠶᠢᠨ ᠬᠥᠮᠦᠨᠴᠢᠯᠡᠭᠰᠡᠨ ᠳᠣᠲᠣᠨᠣ ᠦᠢᠯᠡᠴᠢᠯᠡᠭᠡ ᠨᠢ ᠬᠡᠷᠡᠭᠯᠡᠭᠴᠢ ᠪᠣᠯᠤᠨ ᠭᠡᠷ ᠪᠦᠯᠢ ᠶᠢᠨ ᠬᠢᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠪᠠᠩᠬᠢ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠭᠦᠢᠴᠡᠳᠬᠡᠨ᠂ ᠬᠡᠷᠡᠭᠯᠡᠭᠴᠢ ᠶᠢᠨ ᠪᠠᠴᠢᠮᠳᠠᠵᠤ ᠪᠠᠶᠢᠭ᠎ᠠ ᠵᠦᠢᠯ ᠳᠤ ᠶᠠᠭᠠᠷᠠᠵᠤ᠂ ᠬᠡᠷᠡᠭᠯᠡᠭᠴᠢ ᠶᠢᠨ ᠪᠤᠳᠤᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠳᠤ ᠨᠠᠩ ᠰᠢᠯᠢᠳᠡᠭ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号