ᠥᠪᠥᠷ ᠮᠣᠩᠭᠤᠯ ᠤᠨ ᠡᠳᠡᠭᠡᠷᠡᠵᠦ ᠡᠮᠨᠡᠯᠭᠡ ᠠᠴᠠ ᠭᠠᠷᠣᠭᠰᠠᠨ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠨᠡᠶᠢᠲᠡ18 ᠳᠤ ᠬᠦᠷᠴᠡᠢ
ᠨᠡᠶᠢᠲᠡᠯᠡᠭᠰᠡᠨ ᠴᠠᠭ᠄
2021/11/4
     ᠣᠳᠣ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠨᠡᠶᠢᠲᠡ161 ᠪᠣᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠡ ᠶᠢ ᠦᠨᠳᠦᠰᠦᠯᠡᠪᠡᠯ᠂ 11 ᠰᠠᠷ᠎ᠠ ᠶᠢᠨ 3 ᠤ ᠡᠳᠦᠷ ᠤᠨ 12 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠯᠡᠷᠢᠰᠢᠵᠦ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ 4 ᠨᠡᠮᠡᠭᠳᠡᠵᠦ᠂ ᠨᠡᠶᠢᠲᠡ 18 ᠳᠤ ᠬᠦᠷᠴᠡᠢ᠃ ᠣᠳᠣ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ 161 ᠪᠣᠢ᠂ ᠡᠭᠦᠨ ᠳᠤ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠤᠭᠤᠷᠢᠭ ᠲᠤ 1 ᠪᠣᠢ︔ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 14︔ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1︔ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 142᠂ ᠠᠯᠠᠱᠠ ᠵᠡᠭᠦᠨ ᠬᠤᠰᠢᠭᠤᠨ ᠳᠤ 1 ᠪᠠᠶᠢᠨ᠎ᠠ᠃ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ 8 ᠪᠣᠢ᠃ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠶᠢ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠣᠰᠠᠭᠠᠷᠯᠠᠨ ᠡᠮᠴᠢᠯᠡᠵᠦ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠶᠢ ᠪᠦᠬᠦᠨ ᠢ ᠲᠣᠭᠲᠠᠭᠰᠠᠨ ᠲᠠᠯᠠᠪᠤᠷ ᠲᠤ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠦ ᠶᠢᠨ ᠪᠠᠶᠢᠳᠠᠯ ᠢ  ᠨᠢ ᠬᠢᠨᠠᠨ ᠬᠡᠮᠵᠢᠵᠦ᠂ ᠨᠢᠭᠲᠠ ᠣᠶᠢᠷᠠᠲᠠᠭᠰᠠᠳ ᠢ ᠨᠢ ᠴᠦᠮ ᠲᠣᠭᠲᠠᠭᠰᠠᠨ ᠲᠠᠯᠠᠪᠣᠷ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠪᠡ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号