ᠡᠪᠦᠯ ᠤᠨ ᠤᠯᠠᠷᠢᠯ ᠳᠤ ᠬᠦᠢᠲᠡᠨ ᠢ ᠳᠠᠭᠠᠭᠠᠬᠤ ᠳᠤᠯᠠᠭᠠᠨ ᠢ ᠬᠠᠮᠠᠭᠠᠯᠠᠬᠤ ᠳᠤ ᠡᠳᠡᠭᠡᠷ ᠠᠳᠡᠭᠦᠷᠡᠯ ᠠᠴᠠ ᠵᠠᠶᠢᠯᠠᠰᠬᠢᠬᠤ ᠬᠡᠷᠡᠭᠲᠡᠢ
ᠨᠡᠶᠢᠲᠡᠯᠡᠭᠰᠡᠨ ᠴᠠᠭ᠄
2021/12/14
ᠠᠳᠡᠭᠦᠷᠡᠯ 1᠄ ᠥᠨᠳᠥᠷ ᠬᠡᠮᠵᠢᠶᠡᠨ ᠤ ᠠᠷᠢᠬᠢ ᠤᠤᠭᠤᠪᠠᠯ ᠬᠦᠢᠲᠡᠨ ᠠᠴᠠ ᠰᠡᠷᠭᠡᠶᠢᠯᠡᠵᠦ ᠴᠢᠳᠠᠨ᠎ᠠ᠃ ᠠᠷᠢᠬᠢᠨ ᠤ ᠭᠤᠣᠯ ᠪᠦᠷᠢᠯᠳᠦᠬᠦᠨ ᠨᠢ ᠰᠫᠢᠷᠲ ᠪᠣᠯᠤᠨ ᠤᠰᠤ ᠪᠣᠯᠤᠨ᠎ᠠ᠂ ᠲᠡᠳᠡᠭᠡᠷ ᠤᠨ ᠲᠤᠰ ᠪᠡᠶ᠎ᠡ ᠨᠢ ᠢᠯᠴᠢ ᠡᠭᠦᠰᠭᠡᠬᠦ ᠦᠭᠡᠢ᠂ ᠵᠥᠪᠬᠡᠨ ᠪᠡᠶ᠎ᠡ ᠶᠢᠨ ᠢᠯᠴᠢ ᠶᠢ ᠳᠡᠭᠳᠡᠭᠦᠯᠦᠨ᠎ᠡ᠃ ᠪᠡᠶ᠎ᠡ ᠶᠢᠨ ᠬᠠᠯᠠᠭᠤᠨ ᠢ ᠵᠣᠬᠢᠬᠤ ᠬᠡᠮᠵᠢᠶᠡᠨ ᠳᠤ ᠬᠦᠷᠲᠡᠯ᠎ᠡ ᠰᠠᠷᠨᠢᠭᠤᠯᠪᠠᠯ ᠳᠠᠷᠤᠶ ᠳᠠᠭᠠᠷᠠᠵᠤ ᠪᠠᠶᠢᠬᠤ ᠰᠢᠭ᠋ ᠰᠠᠨᠠᠭᠳᠠᠨ᠎ᠠ᠃ ᠠᠳᠡᠭᠦᠷᠡᠯ 2᠄ ᠥᠨᠳᠥᠷ ᠡᠨᠧᠷᠭᠢ ᠲᠠᠢ ᠢᠳᠡᠭᠡᠨ ᠢᠳᠡᠪᠡᠯ ᠪᠡᠶ᠎ᠡ ᠶᠢ ᠳᠤᠯᠠᠭᠠᠴᠠᠭᠤᠯᠤᠨ᠎ᠠ᠃ ᠵᠠᠷᠢᠮ ᠢᠳᠡᠭᠡᠨ ᠤ ᠢᠯᠴᠢ ᠶᠢᠨ ᠬᠡᠮᠵᠢᠶ᠎ᠡ ᠨᠢ ᠥᠨᠳᠥᠷ ᠪᠣᠯᠪᠠᠴᠤ ᠪᠡᠶ᠎ᠡ ᠶᠢ ᠳᠤᠯᠠᠭᠠᠯᠠᠵᠤ ᠳᠡᠶᠢᠯᠬᠦ ᠥᠬᠡᠶ ᠪᠠᠶᠢᠳᠠᠭ᠃ ᠵᠢᠱᠢᠶᠡᠯᠡᠪᠡᠯ ᠲᠣᠰᠣᠨ ᠳᠤ ᠪᠤᠴᠠᠯᠭᠠᠭᠰᠠᠨ ᠢᠳᠡᠭᠡᠨ᠂ ᠰᠦ ᠲᠠᠢ ᠴᠠᠢ ᠵᠡᠷᠭᠡ ᠢᠳᠡᠭᠡᠨ ᠤ ᠢᠯᠴᠢ ᠶᠢᠨ ᠬᠡᠮᠵᠢᠶ᠎ᠡ ᠨᠢ ᠨᠡᠶᠢᠳᠡᠮ ᠳᠡᠭᠡᠨ ᠨᠡᠯᠢᠶᠡᠳ ᠥᠨᠳᠥᠷ ᠪᠣᠯᠪᠠᠴᠤ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠳᠤ ᠲᠡᠳᠦᠶ ᠶᠡᠭᠡ ᠲᠤᠰᠠ ᠪᠣᠯᠬᠤ ᠦᠭᠡᠢ ᠶᠤᠮ᠃ ᠬᠤᠨᠢᠨ ᠮᠢᠬ᠎ᠠ᠂ ᠦᠬᠡᠷ ᠤᠨ ᠮᠢᠬ᠎ᠠ᠂ ᠭᠤᠭᠤᠳ᠂ ᠰᠠᠮ ᠮᠡᠲᠦ ᠶᠢᠨ ᠪᠦᠯᠢᠶᠡᠨ ᠬᠠᠯᠠᠭᠤᠨ ᠤ ᠵᠦᠢᠯ ᠤᠨ ᠢᠳᠡᠭᠡᠨ ᠢ ᠰᠣᠩᠭᠤᠵᠤ ᠪᠣᠯᠤᠨ᠎ᠠ᠃ ᠠᠳᠡᠭᠦᠷᠡᠯ 3᠄ ᠭᠠᠷ ᠬᠦᠯ ᠬᠦᠢᠳᠡᠨ ᠳᠤ ᠳᠣᠣᠷ᠎ᠠ ᠨᠢ ᠳᠤᠯᠠᠭᠠᠯᠠᠬᠤ ᠲᠥᠬᠦᠭᠡᠷᠦᠮᠵᠢ ᠶᠢ ᠬᠡᠷᠡᠭᠯᠡᠨ᠎ᠡ᠃ ᠡᠪᠦᠯ ᠤᠨ ᠤᠯᠠᠷᠢᠯ ᠳᠤ ᠭᠠᠷ ᠬᠥᠯ ᠨᠢ ᠣᠷᠳᠣ ᠬᠤᠭᠤᠴᠠᠭ᠎ᠠ ᠪᠠᠷ ᠭᠠᠳᠠᠨ᠎ᠠ ᠢᠯᠡ ᠪᠠᠶᠢᠳᠠᠭ᠂ ᠬᠡᠷᠪᠡ ᠳᠣᠤᠷ᠎ᠠ ᠨᠢ ᠵᠤᠤᠬ᠎ᠠ ᠵᠡᠷᠭᠡ ᠳᠤᠯᠠᠭᠠᠯᠠᠬᠤ ᠲᠥᠬᠦᠭᠡᠷᠦᠮᠵᠢ ᠪᠠᠷ ᠳᠤᠯᠠᠭᠠᠯᠠᠪᠠᠯ ᠠᠷᠠᠰᠤ ᠮᠢᠬ᠎ᠠ ᠶᠢ ᠭᠡᠮᠲᠦᠭᠡᠵᠦ ᠮᠡᠳᠡᠨ᠎ᠡ᠃ ᠡᠶᠢᠮᠦ ᠠᠴᠠ ᠭᠠᠳᠠᠭᠰᠢ ᠭᠠᠷᠴᠤ ᠢᠷᠡᠭᠡᠳ ᠬᠥᠯᠳᠡᠭᠰᠡᠨ ᠭᠠᠷ ᠬᠥᠯ ᠢᠶᠠᠨ ᠳᠤᠯᠠᠭᠠᠯᠠᠶ᠎ᠠ ᠭᠡᠪᠡᠯ ᠬᠠᠮᠤᠭ ᠰᠠᠶᠢᠨ ᠨᠢ ᠤᠷᠢᠳ ᠢᠶᠠᠷ ᠬᠥᠩᠭᠡᠬᠡᠨ ᠨᠤᠬᠤᠯᠠᠵᠤ᠂ ᠠᠭᠠᠵᠢᠮ ᠢᠶᠠᠷ ᠬᠡᠪ ᠤᠨ ᠳᠤᠯᠠᠭᠠᠨ ᠢ ᠨᠢ ᠰᠡᠷᠭᠦᠭᠡᠭᠡᠳ᠂ ᠳᠠᠬᠢᠨ ᠳᠤᠯᠠᠭᠠᠯᠠᠭᠤᠷ ᠤᠨ ᠬᠠᠵᠠᠭᠤ ᠳᠤ ᠰᠢᠯᠵᠢᠭᠦᠯᠦᠨ᠎ᠡ᠃ ᠠᠳᠡᠭᠦᠷᠡᠯ 4᠄ ᠤᠨᠲᠠᠬᠤ ᠳᠠᠭᠠᠨ ᠲᠣᠯᠣᠭᠠᠶ ᠪᠠᠨ ᠪᠦᠲᠡᠭᠡᠬᠦ ᠨᠢ ᠬᠦᠢᠲᠡᠨ ᠠᠴᠠ ᠰᠡᠷᠭᠡᠶᠢᠯᠡᠨ᠎ᠡ᠃ ᠰᠥᠨᠢ ᠣᠷᠣᠶ ᠳᠤᠯᠠᠭᠠᠨ ᠤ ᠬᠡᠮᠵᠢᠶ᠎ᠡ ᠳᠣᠤᠷ᠎ᠠ ᠦᠶ᠎ᠡ ᠳᠤ᠂ ᠵᠠᠷᠢᠮ ᠬᠥᠮᠦᠨ ᠲᠣᠯᠣᠭᠠᠶ ᠪᠠᠨ ᠪᠦᠲᠡᠭᠡᠵᠦ ᠤᠨᠲᠠᠬᠤ ᠳᠤᠷᠠᠲᠠᠶ ᠪᠠᠶᠢᠳᠠᠭ᠃ ᠭᠡᠪᠡᠴᠦ ᠢᠩᠭᠢᠪᠡᠯ ᠬᠥᠨᠵᠢᠯᠡ ᠶᠢᠨ ᠳᠣᠲᠣᠷᠠᠬᠢ ᠪᠤᠯᠠᠩᠭᠢᠷ ᠲᠠᠢ ᠠᠭᠠᠷ ᠢ ᠪᠡᠶ᠎ᠡ ᠳᠤ ᠠᠮᠢᠰᠬᠤᠨ ᠣᠷᠣᠭᠤᠯᠵᠤ᠂ ᠠᠮᠠᠷᠠᠬᠤ ᠵᠣᠷᠢᠯᠭ᠎ᠠ ᠳᠤ ᠬᠦᠷᠴᠦ ᠳᠡᠶᠢᠯᠬᠦ ᠦᠭᠡᠢ ᠮᠥᠷᠲᠡᠭᠡᠨ ᠪᠠᠰᠠ ᠲᠣᠯᠣᠭᠠᠶ ᠡᠷᠭᠢᠵᠦ ᠲᠠᠷᠢᠬᠢ ᠲᠣᠯᠣᠭᠠᠶ ᠶᠢ ᠡᠷᠭᠢᠭᠦᠯᠵᠦ ᠮᠡᠳᠡᠨ᠎ᠡ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号