ᠡᠪᠦᠯ ᠤᠨ ᠤᠯᠠᠷᠢᠯ ᠳᠤ ᠰᠡᠷᠭᠡᠶᠢᠯᠡᠬᠦ ᠴᠢᠬᠤᠯᠠᠲᠠᠢ ᠵᠦᠢᠯ
ᠨᠡᠶᠢᠲᠡᠯᠡᠭᠰᠡᠨ ᠴᠠᠭ᠄
2021/12/14
1. ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠶ ᠡᠪᠦᠯ ᠤᠨ ᠤᠯᠠᠷᠢᠯ ᠳᠤ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠤᠷᠳᠠᠭᠳᠠᠬᠤ ᠶᠢ ᠰᠡᠷᠭᠡᠶᠢᠯᠡᠵᠦ᠂ ᠪᠢᠲᠡᠭᠦᠮᠵᠢᠯᠡᠭᠰᠡᠨ ᠬᠡᠷ ᠪᠤᠶᠤ ᠣᠷᠣᠨ ᠵᠠᠶ ᠳᠤ ᠰᠢᠲᠠᠮᠠᠬᠠᠶ ᠬᠡᠶ ᠶᠢᠨ ᠤᠰᠤ ᠬᠠᠯᠠᠭᠠᠭᠤᠷ᠂ ᠰᠢᠲᠠᠮᠠᠬᠠᠶ ᠬᠡᠶ ᠶᠢᠨ ᠵᠤᠤᠬ᠎ᠠ ᠵᠢᠴᠢ ᠲᠦᠭᠦᠬᠡᠶ ᠵᠤᠤᠬ᠎ᠠ ᠪᠠᠷ ᠳᠤᠯᠠᠭᠠᠯᠠᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠡᠭᠯᠡᠬᠦ ᠦᠶ᠎ᠡ ᠳᠡᠭᠡᠨ ᠴᠠᠭ ᠲᠤᠬᠠᠶ ᠳᠤᠨᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠵᠦ᠂ ᠬᠡᠷ ᠳᠣᠲᠣᠷᠠᠬᠢ ᠠᠭᠠᠷ ᠤᠨ ᠨᠡᠪᠲᠡᠷᠡᠬᠦ ᠶᠢ ᠪᠠᠲᠤᠯᠠᠬᠤ ᠶᠢᠨ ᠬᠠᠮᠲᠤ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠤᠷᠳᠠᠭᠳᠠᠬᠤ ᠶᠢ ᠰᠡᠷᠡᠮᠵᠢᠯᠡᠭᠦᠯᠬᠦ ᠲᠥᠬᠦᠭᠡᠷᠦᠮᠵᠢ ᠤᠭᠰᠠᠷᠠᠵᠤ᠂ ᠥᠳᠬᠡᠴᠡ ᠨᠢ ᠬᠡᠲᠦ ᠥᠨᠳᠥᠷ ᠪᠣᠯ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠵᠦ ᠪᠣᠯᠤᠨ᠎ᠠ᠃ 2. ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠡᠷᠡᠭᠲᠡᠶ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠪᠢᠲᠡᠭᠦᠦ ᠣᠷᠴᠢᠨ ᠳᠤ ᠴᠤᠭᠯᠠᠷᠠᠬᠤ ᠶᠢ ᠴᠡᠭᠡᠷᠯᠡᠨ᠎ᠡ᠃ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ ᠠᠮᠠᠪᠴᠢ ᠵᠡᠭᠦᠨ᠎ᠡ᠃ ᡽ ᠰᠢᠮ᠎ᠡ ᠲᠡᠵᠢᠭᠡᠯ ᠢ ᠴᠢᠩᠭᠠᠳᠬᠠᠵᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠵᠦ᠂ ᠭᠦᠢᠴᠡᠳ ᠠᠮᠠᠷᠠᠬᠤ ᠬᠡᠷᠡᠭᠲᠡᠶ︔ ᠬᠠᠨᠢᠶᠠᠬᠤ ᠪᠤᠶᠤ ᠨᠠᠶᠢᠲᠠᠭᠠᠬᠤ ᠳᠠᠭᠠᠨ ᠠᠮᠠ ᠬᠠᠮᠠᠷ ᠢᠶᠠᠨ ᠲᠠᠭᠯᠠᠨ᠎ᠠ︔ ᠬᠡᠷ ᠪᠦᠯᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠪᠠᠶᠢᠬᠤ ᠶᠢ ᠪᠠᠲᠤᠯᠠᠵᠤ᠂ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠬᠤᠪᠴᠠᠰᠤ ᠬᠤᠨᠠᠷ ᠢᠶᠠᠨ ᠴᠠᠭ ᠲᠤᠬᠠᠶ ᠳᠤᠨᠢ ᠨᠡᠮᠡᠵᠦ ᠬᠠᠰᠤᠨ᠎ᠠ᠃ ᠥᠨᠳᠥᠷ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠪᠡᠶ᠎ᠡ ᠪᠠᠨ ᠲᠤᠰᠠᠭᠠᠷᠯᠠᠬᠤ ᠶᠢ ᠠᠩᠬᠠᠷᠴᠤ᠂ ᠡᠪᠡᠳᠴᠢᠨ ᠲᠠᠢ ᠪᠠᠷ ᠠᠵᠢᠯ ᠳᠤ ᠭᠠᠷᠬᠤ ᠪᠤᠶᠤ ᠰᠤᠷᠭᠠᠭᠤᠯᠢ ᠳᠤ ᠰᠠᠭᠤᠵᠤ ᠪᠣᠯᠬᠤ ᠦᠭᠡᠢ᠃ 3. ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠬᠦ ᠬᠡᠷᠡᠭᠲᠡᠶ ᠠᠭᠤᠷ ᠠᠮᠢᠰᠬᠤᠯ ᠬᠦᠢᠲᠡᠨ ᠦᠶ᠎ᠡ ᠳᠤ ᠴᠢᠰᠤᠨ ᠰᠤᠳᠠᠯ ᠠᠪᠴᠢᠬᠤ᠂ ᠴᠢᠰᠤᠨ ᠳᠠᠷᠤᠯᠲᠠ ᠥᠨᠳᠥᠷᠵᠢᠬᠦ᠂ ᠵᠢᠷᠦᠬᠡᠨ ᠤ ᠳᠠᠪᠲᠠᠮᠵᠢ ᠲᠦᠷᠭᠡᠰᠬᠦ᠂ ᠴᠢᠰᠤᠨ ᠤ ᠨᠢᠯᠲᠠᠭ ᠤᠨ ᠬᠡᠮᠵᠢᠶ᠎ᠡ ᠥᠨᠳᠥᠷᠵᠢᠬᠦ ᠵᠡᠷᠭᠡ ᠠᠯᠢ ᠣᠯᠠᠨ ᠬᠤᠪᠢᠷᠠᠯᠲᠠ ᠭᠠᠷᠴᠤ᠂ ᠵᠢᠷᠦᠬᠡ᠂ ᠲᠠᠷᠢᠬᠢᠨ ᠤ ᠳᠠᠭᠠᠭᠠᠴᠠ ᠶᠢ ᠨᠡᠮᠡᠭᠳᠡᠭᠦᠯᠬᠦ ᠶᠢᠨ ᠤᠯᠠᠮ ᠠᠴᠠ ᠲᠠᠷᠢᠬᠢᠨ ᠤ ᠴᠢᠰᠤᠨ ᠰᠤᠳᠠᠯ ᠤᠨ ᠡᠪᠡᠳᠴᠢᠲᠡᠨ ᠤ ᠡᠪᠡᠳᠴᠢᠨ ᠤ ᠪᠠᠶᠢᠳᠠᠯ ᠢ ᠬᠦᠨᠳᠦᠷᠡᠭᠦᠯᠳᠡᠭ᠃ ᠡᠨᠡ ᠦᠶ᠎ᠡ ᠳᠤ ᠢᠳᠡᠭᠡᠨ ᠤᠮᠳᠠᠭᠠᠨ ᠢᠶᠠᠨ ᠲᠡᠩᠴᠡᠭᠦᠯᠬᠦ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠬᠤ᠂ ᠨᠦᠢᠷ ᠬᠠᠩᠭᠠᠮᠵᠢᠲᠠᠶ ᠪᠠᠶᠢᠯᠭᠠᠬᠤ᠂ ᠪᠡᠶ᠎ᠡ ᠪᠠᠨ ᠳᠤᠯᠠᠭᠠᠯᠠᠬᠤ᠂ ᠪᠡᠶ᠎ᠡ ᠳᠡᠭᠡᠨ ᠲᠦᠷᠭᠡᠨ ᠠᠪᠤᠷᠠᠬᠤ ᠡᠮ ᠠᠪᠴᠤ ᠶᠠᠪᠤᠬᠤ ᠮᠡᠲᠦ ᠶᠢᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠠᠲᠤᠯᠠᠬᠤ ᠬᠡᠷᠡᠭᠲᠡᠶ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号