12 ᠰᠠᠷ᠎ᠠ ᠶᠢᠨ15 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠠᠬᠢᠨ ᠦᠨ᠎ᠡ ᠪᠠᠭᠤᠷᠠᠨ᠎ᠠ
ᠨᠡᠶᠢᠲᠡᠯᠡᠭᠰᠡᠨ ᠴᠠᠭ᠄
2021/12/6
     ᠰᠣᠷᠪᠣᠯᠵᠢᠯᠠᠭᠴᠢ 12 ᠰᠠᠷ᠎ᠠ ᠶᠢᠨ1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠦᠷᠥᠯ ᠵᠦᠢᠯ ᠤᠨ ᠦᠨ᠎ᠡ ᠶᠢ ᠳᠠᠬᠢᠨᠲᠠ ᠪᠠᠭᠤᠷᠠᠭᠤᠯᠵᠤ᠂ 12 ᠰᠠᠷ᠎ᠠ  ᠶᠢᠨ15 ᠤ ᠡᠳᠦᠷ ᠠᠴᠠ ᠡᠬᠢᠯᠡᠨ᠂ ᠭᠠᠭᠴᠠ ᠬᠦᠮᠦᠨ ᠤ ᠰᠢᠯᠭᠠᠨ ᠪᠠᠶᠢᠴᠠᠭᠠᠯᠲᠠ ᠶᠢᠨ ᠦᠨ᠎ᠡ ᠶᠢ 35 ᠲᠦᠭᠦᠷᠢᠭ ᠪᠣᠯᠭᠠᠨ ᠪᠠᠭᠤᠷᠠᠭᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠦᠷᠥᠯ ᠵᠦᠢᠯ ᠤᠨ ᠦᠨ᠎ᠡ ᠶᠢ ᠲᠠᠪᠤᠳᠠᠬᠢ ᠤᠳᠠᠭ᠎ᠠ ᠪᠠᠭᠤᠷᠠᠭᠤᠯᠵᠤ᠂ ᠭᠠᠭᠴᠠ ᠬᠦᠮᠦᠨ ᠤ ᠰᠢᠯᠭᠠᠨ ᠪᠠᠶᠢᠴᠠᠭᠠᠯᠲᠠ ᠶᠢᠨ ᠲᠦᠷᠥᠯ ᠵᠦᠢᠯ ᠤᠨ ᠦᠨ᠎ᠡ ᠶᠢ 2021 ᠣᠨ ᠤ60 ᠲᠦᠭᠦᠷᠢᠭ  ᠠᠴᠠ35 ᠲᠦᠭᠦᠷᠢᠭ ᠪᠣᠯᠭᠠᠨ ᠪᠠᠭᠤᠷᠠᠭᠤᠯᠵᠤ᠂ 42% ᠢᠶᠠᠷ ᠪᠠᠭᠤᠷᠠᠭᠤᠯᠪᠠ︔ ᠬᠤᠯᠢᠯᠳᠤᠭᠤᠯᠤᠨ ᠪᠠᠶᠢᠴᠠᠭᠠᠬᠤ  ᠳᠤ ᠬᠦᠮᠦᠨ ᠪᠦᠷᠢ 25 ᠲᠦᠭᠦᠷᠢᠭ ︵5 ᠬᠦᠮᠦᠨ ᠬᠤᠯᠢᠯᠳᠤᠭᠤᠯᠤᠨ ᠪᠠᠶᠢᠴᠠᠭᠠᠬᠤ︶᠂15 ᠬᠦᠮᠦᠨ ︵10 ᠬᠦᠮᠦᠨ ᠬᠤᠯᠢᠯᠳᠤᠭᠤᠯᠤᠨ ᠪᠠᠶᠢᠴᠠᠭᠠᠬᠤ︶ ᠢ ᠨᠢᠭᠡᠲᠦᠯᠲᠡᠢ ᠪᠠᠷ ᠳᠣᠷᠣᠭᠰᠢᠯᠠᠭᠤᠯᠤᠭᠠᠳ ᠬᠦᠮᠦᠨ ᠪᠦᠷᠢ 8 ᠲᠦᠭᠦᠷᠢᠭ ᠪᠣᠯᠭᠠᠨ᠎ᠠ᠃ ᠤᠷᠪᠠᠯᠵᠢ ᠪᠠ ᠰᠢᠨ᠎ᠡ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠦᠷᠥᠯ ᠵᠦᠢᠯ ᠤᠨ ᠦᠨ᠎ᠡ ᠬᠠᠩᠰᠢ ᠶᠢ 12 ᠰᠠᠷ᠎ᠠ ᠶᠢᠨ 15 ᠤ ᠡᠳᠦᠷ ᠤᠨ ᠲᠡᠭ ᠴᠠᠭ  ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号