ᠤᠯᠤᠰ ᠤᠨ ᠳᠡᠰ ᠶᠢᠨ ᠴᠠᠭᠠᠨ ᠢᠳᠡᠭᠡᠨ ᠤ ᠰᠢᠯᠭᠠᠨ ᠪᠠᠶᠢᠴᠠᠭᠠᠵᠤ ᠬᠡᠮᠵᠢᠬᠦ ᠲᠥᠪ ᠢᠯᠢ ᠳᠤ ᠨᠤᠲᠤᠭᠰᠢᠪᠠ
ᠨᠡᠶᠢᠲᠡᠯᠡᠭᠰᠡᠨ ᠴᠠᠭ᠄
2021/12/6
     ᠤᠯᠤᠰ ᠤᠨ ᠳᠡᠰ ᠤᠨ ᠴᠠᠭᠠᠨ ᠢᠳᠡᠭᠡᠨ ᠤ ᠰᠢᠯᠭᠠᠨ ᠪᠠᠶᠢᠴᠭᠠᠵᠤ ᠬᠡᠮᠵᠢᠬᠦ ᠲᠥᠪ 12 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ ᠫᠠᠶᠢᠰᠠ ᠪᠠᠨ ᠰᠡᠬᠦᠵᠦ᠂ ᠢᠯᠢ ᠶᠢᠨ ᠡᠷᠡᠭᠦᠯ ᠮᠡᠨᠳᠦ ᠶᠢᠨ ᠬᠦᠨᠳᠡᠢ ᠳᠤ ᠨᠤᠲᠤᠭᠰᠢᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ ᠤᠯᠤᠰ ᠤᠨ ᠳᠡᠰ ᠶᠢᠨ ᠴᠠᠭᠠᠨ ᠢᠳᠡᠭᠡᠨ ᠤ ᠰᠢᠯᠭᠠᠨ ᠪᠠᠶᠢᠴᠠᠭᠠᠵᠤ ᠬᠡᠮᠵᠢᠬᠦ ᠲᠥᠪ ᠪᠤᠯᠤᠨ ᠰᠦ ᠶᠢᠨ ᠦᠢᠯᠡᠰ ᠤᠨ ᠠᠵᠢᠯ ᠮᠡᠷᠭᠡᠵᠢᠯ ᠤᠨ ᠪᠣᠯᠪᠠᠰᠤᠷᠠᠯ ᠪᠠ ᠭᠡᠷᠡᠴᠢᠯᠡᠭᠡ ᠶᠢᠨ ᠲᠥᠪ  ᠤᠨ ᠫᠠᠶᠢᠰᠠ ᠶᠢ ᠰᠡᠬᠦᠪᠡ᠃ ᠤᠯᠤᠰ ᠤᠨ ᠳᠡᠰ ᠤᠨ ᠴᠠᠭᠠᠨ ᠢᠳᠡᠭᠡᠨ ᠤ ᠰᠢᠯᠭᠠᠨ ᠪᠠᠶᠢᠴᠠᠭᠠᠵᠤ ᠬᠡᠮᠵᠢᠬᠦ ᠲᠥᠪ ᠪᠠᠶᠢᠭᠤᠯᠤᠭᠳᠠᠭᠰᠠᠨ ᠤ ᠳᠠᠷᠠᠭ᠎ᠠ ᠪᠦᠬᠦᠶᠢᠯᠡ ᠴᠠᠭᠠᠨ ᠢᠳᠡᠭᠡᠨ ᠤ ᠠᠵᠢᠯ ᠲᠦᠷᠥᠯ ᠳᠤ ᠠᠵᠤ ᠦᠢᠯᠡᠰ ᠤᠨ ᠬᠡᠮᠵᠢᠯᠲᠡ ᠶᠢᠨ ᠣᠯᠠᠨ ᠨᠡᠶᠢᠲᠡ ᠶᠢᠨ ᠲᠠᠪᠴᠠᠩ ᠪᠠᠶᠢᠭᠤᠯᠵᠤ᠂ ︽ᠪᠦᠬᠦ ᠡᠬᠢ ᠡᠭᠦᠰᠦᠯ ᠤᠨ ᠬᠡᠯᠬᠢᠶ᠎ᠡ᠂ ᠪᠦᠬᠦ ᠠᠵᠤ ᠦᠢᠯᠡᠰ ᠤᠨ ᠬᠡᠯᠬᠢᠶ᠎ᠡ᠂ ᠪᠦᠬᠦ ᠠᠮᠢ ᠨᠠᠰᠤᠨ ᠤ ᠦᠶᠡᠯᠡᠯ᠂ ᠣᠷᠢᠳᠠᠴᠢ ᠴᠢᠨᠠᠷ︾ ᠤᠨ ᠰᠢᠯᠭᠠᠨ ᠪᠠᠶᠢᠴᠠᠭᠠᠵᠤ ᠬᠡᠮᠵᠢᠬᠦ ᠦᠢᠯᠡᠴᠢᠯᠡᠭᠡ ᠬᠠᠩᠭᠠᠬᠤ ᠪᠣᠯᠣᠨ᠎ᠠ︔ ᠰᠦ ᠶᠢᠨ ᠦᠢᠯᠡᠰ ᠤᠨ ᠠᠵᠢᠯ ᠮᠡᠷᠭᠡᠵᠢᠯ ᠤᠨ ᠪᠣᠯᠪᠠᠰᠤᠷᠠᠯ ᠪᠠ ᠭᠡᠷᠡᠴᠢᠯᠡᠭᠡ ᠶᠢᠨ ᠲᠥᠪ ᠨᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠣ ᠤᠷᠤᠰᠬᠠᠯ   ᠤᠨ ᠠᠵᠤ ᠠᠬᠤᠶᠢᠯᠠᠯ ᠳᠤ ᠪᠦᠬᠦ ᠲᠠᠯ᠎ᠠ ᠪᠠᠷ ᠡᠨᠧᠷᠭᠢ ᠣᠯᠭᠤᠵᠤ᠂ ᠠᠵᠤ ᠦᠢᠯᠡᠰ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ  ᠢ ᠪᠣᠯᠪᠠᠰᠤᠷᠠᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠳᠤ ᠴᠢᠨᠠᠷ ᠰᠠᠶᠢᠲᠠᠢ ᠰᠦ ᠶᠢᠨ ᠦᠢᠯᠡᠰ ᠤᠨ ᠠᠵᠢᠯ ᠮᠡᠷᠭᠡᠵᠢᠯ ᠤᠨ ᠴᠢᠳᠠᠪᠤᠷᠢᠲᠠᠨ ᠢ ᠨᠥᠭᠡᠴᠡᠯᠡᠵᠦ ᠥᠭᠭᠦᠨ᠎ᠡ᠃       ᠬᠤᠶᠠᠷ ᠶᠡᠭᠡ ᠲᠥᠪ ᠢᠯᠢ ᠶᠢᠨ ᠣᠳᠣ ᠦᠶ᠎ᠡ ᠶᠢᠨ ᠣᠶᠣᠨᠴᠢ ᠡᠷᠡᠭᠦᠯ ᠮᠡᠨᠳᠦ ᠶᠢᠨ ᠬᠦᠨᠳᠡᠢ ᠳᠤ ᠨᠤᠲᠤᠭᠰᠢᠭᠰᠠᠨ ᠨᠢ᠂ ᠡᠷᠡᠭᠦᠯ ᠮᠡᠨᠳᠦ ᠶᠢᠨ ᠬᠦᠨᠳᠡᠢ ᠶᠢᠨ ᠴᠠᠭᠠᠨ ᠢᠳᠡᠭᠡᠨ ᠤ ᠮᠡᠷᠭᠡᠵᠢᠯ ᠤᠨ ᠰᠣᠳᠣᠯᠭᠠᠨ ᠪᠣᠯᠣᠨ ᠴᠢᠳᠠᠪᠣᠷᠢᠲᠠᠨ ᠬᠦᠮᠦᠵᠢᠭᠦᠯᠬᠦ ᠬᠦᠷᠢᠶᠡᠨ ᠳᠠᠬᠢ ᠪᠤᠳᠠᠲᠤ ᠬᠦᠴᠦᠨ ᠢ ᠳᠡᠭᠡᠭᠰᠢᠯᠡᠭᠦᠯᠦᠨ᠂ ᠠᠵᠢᠯ ᠲᠦᠷᠥᠯ ᠤᠨ ᠬᠦᠭᠵᠢᠯᠲᠡ ᠶᠢᠨ ᠮᠡᠷᠭᠡᠵᠢᠯ ᠤᠨ ᠪᠣᠭᠤᠮᠢ ᠶᠢ ᠰᠢᠢᠳᠪᠦᠷᠢᠯᠡᠵᠦ᠂ ᠴᠠᠭᠠᠨ ᠢᠳᠡᠭᠡᠨ ᠤ ᠠᠵᠤ ᠦᠢᠯᠡᠰ ᠤᠨ ᠰᠦᠷᠦᠭᠵᠢᠯ ᠤᠨ ᠲᠣᠭᠠᠴᠢᠯᠠᠭᠰᠠᠨ᠂ ᠣᠶᠣᠨᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠮᠠᠨ ᠤ ᠤᠯᠤᠰ ᠤᠨ ᠴᠠᠭᠠᠨ ᠢᠳᠡᠭᠡᠨ ᠤ ᠠᠵᠢᠯ ᠲᠦᠷᠥᠯ ᠤᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号