ᠬᠢᠵᠢᠭ ᠤᠨ ᠬᠤᠭᠤᠴᠠᠭᠠᠨ ᠳᠤ ᠲᠠᠭᠰᠢᠭᠤᠷ ᠤᠨ ᠡᠮ᠂ ᠦᠷᠪᠢᠰᠦᠯ ᠢ ᠳᠠᠷᠤᠬᠤ ᠡᠮ ᠬᠤᠳᠠᠯᠳᠤᠨ ᠠᠪᠴᠤ ᠪᠤᠯᠬᠤ ᠤᠤ︖
ᠨᠡᠶᠢᠲᠡᠯᠡᠭᠰᠡᠨ ᠴᠠᠭ᠄
2022/10/8
     ᠬᠢᠵᠢᠭ ᠤᠨ ᠬᠤᠭᠤᠴᠠᠭᠠᠨ ᠳᠤ ᠲᠠᠭᠰᠢᠭᠤᠷ ᠤᠨ ᠡᠮ᠂ ᠦᠷᠪᠢᠰᠦᠯ ᠢ ᠳᠠᠷᠤᠬᠤ ᠡᠮ ᠬᠤᠳᠠᠯᠳᠤᠨ ᠠᠪᠴᠤ ᠪᠤᠯᠬᠤ ᠤᠤ︖ ᠬᠤᠲᠠ ᠶᠢᠨ ᠠᠷᠠᠳ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠶᠠᠭᠤ ᠶᠢ ᠠᠩᠬᠠᠷᠬᠤ ᠴᠢᠬᠤᠯᠠᠲᠠᠢ ᠪᠤᠶ︖ 10 ᠰᠠᠷ᠎ᠠ ᠶᠢᠨ 3 ᠤ ᠡᠳᠦᠷ ᠶᠠᠪᠤᠭᠳᠠᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵41 ᠳ᠋ᠦ᠋ᠭᠡᠷ ᠲᠠᠯᠠᠪᠠᠢ︶ ᠳᠡᠭᠡᠷ᠎ᠡ᠂ ᠭᠦᠭᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠼᠦᠩ ᠰᠢ ᠡᠨᠡ ᠲᠤᠬᠠᠢ ᠬᠠᠷᠢᠭᠤᠯᠲᠠ ᠥᠭᠪᠡ᠃      ᠶᠤᠸᠠᠢ ᠼᠦᠩ ᠰᠢ ᠭᠡᠯᠡᠭᠦ ᠳᠡᠭᠡᠨ᠂ ᠥᠷᠭᠡᠨ ᠣᠯᠠᠨ ᠬᠤᠲᠠ ᠶᠢᠨ ᠠᠷᠠᠳ ᠰᠠᠨᠠᠭ᠎ᠠ ᠠᠮᠤᠷ ᠪᠠᠶᠢᠭᠠᠷᠠᠢ᠂ ᠬᠢᠵᠢᠭ ᠤᠨ ᠬᠤᠭᠤᠴᠠᠭᠠᠨ ᠳᠤ ᠪᠦᠭᠦ ᠬᠤᠲᠠ ᠶᠢᠨ ᠡᠮ ᠤᠨ ᠳᠡᠯᠭᠡᠭᠦᠷ ᠴᠥᠮ ᠬᠡᠪ ᠤᠨ ᠪᠠᠶᠢᠳᠠᠯ ᠢᠶᠠᠷ ᠠᠵᠢᠯᠯᠠᠵᠤ᠂ ᠡᠮ ᠬᠤᠳᠠᠯᠳᠤᠨ ᠠᠪᠬᠤ ᠱᠠᠭᠠᠷᠳᠠᠯᠭ᠎ᠠ ᠲᠠᠢ ᠯᠠ ᠶᠤᠮ ᠪᠣᠯ ᠣᠶᠢᠷ᠎ᠠ ᠬᠠᠪᠢ ᠳᠠᠬᠢ ᠡᠮ ᠤᠨ ᠳᠡᠯᠭᠡᠭᠦᠷ ᠠᠴᠠ ᠲᠠᠭᠰᠢᠭᠤᠷ ᠤᠨ ᠡᠮ᠂ ᠦᠷᠪᠢᠰᠦᠯ ᠢ ᠳᠠᠷᠤᠬᠤ ᠡᠮ ᠵᠡᠷᠭᠡ ᠪᠠᠶᠢᠩᠭᠤ ᠬᠡᠷᠡᠭᠯᠡᠬᠦ ᠡᠮ ᠤᠨ ᠵᠦᠢᠯᠡᠰ ᠢ ᠬᠤᠳᠠᠯᠳᠤᠨ ᠠᠪᠴᠤ ᠪᠦᠷᠢᠮᠦᠰᠦᠨ ᠪᠣᠯᠣᠨ᠎ᠠ ᠭᠡᠵᠡᠢ᠃ ᠡᠮ ᠬᠤᠳᠠᠯᠳᠤᠨ ᠠᠪᠬᠤ ᠳᠠᠭᠠᠨ᠂ ᠣᠯᠠᠨ ᠢᠶᠠᠷ ᠢᠶᠠᠨ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠭᠦ ᠶᠠᠪᠤᠴᠠ ᠳᠤ ᠠᠮᠠᠪᠴᠢ ᠵᠡᠭᠦᠭᠦ ᠶᠢᠨ ᠬᠠᠮᠲᠤ ᠡᠮ ᠤᠨ ᠳᠡᠯᠭᠡᠭᠦᠷ ᠤᠨ ᠠᠵᠢᠯᠲᠠᠳ ᠲᠠᠢ ᠬᠠᠮᠵᠢᠯᠴᠠᠨ ᠳᠤᠯᠠᠭᠠᠨ ᠢ ᠭᠡᠮᠵᠢᠭᠦ᠂ ᠭᠦᠭᠡᠬᠤᠲᠠ ᠶᠢᠨ ᠺᠣᠳ᠋ ᠢ ᠰᠢᠷᠪᠢᠭᠦ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠦᠵᠡᠭᠦᠯᠭᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠡᠶᠡᠯᠡᠭᠦᠯᠬᠦ ᠬᠡᠷᠡᠭᠲᠡᠢ᠃ ᠬᠡᠷᠪᠡ ᠲᠠᠭᠰᠢᠭᠤᠷ ᠤᠨ ᠡᠮ᠂ ᠦᠷᠪᠢᠰᠦᠯ ᠢ ᠳᠠᠷᠤᠬᠤ ᠡᠮ ᠢ ᠬᠤᠳᠠᠯᠳᠤᠨ ᠠᠪᠬᠤ ᠳᠤ ᠭᠦᠷᠪᠡᠯ᠂ ᠺᠣᠳ᠋ ᠰᠢᠷᠪᠢᠵᠦ ᠳᠡᠭᠡᠭᠰᠢ ᠳᠠᠮᠵᠢᠭᠤᠯᠬᠤ ᠳᠠᠩᠰᠠᠯᠠᠯᠲᠠ ᠶᠢ ᠰᠠᠶᠢᠲᠤᠷ ᠬᠢᠬᠦ ᠬᠡᠷᠡᠭᠲᠡᠢ᠃      ᠭᠦᠭᠡᠬᠤᠲᠠ ᠳᠤ ᠰᠢᠨ᠎ᠡ ᠨᠢᠭᠡ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠭᠦᠭᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠭᠦ ᠬᠤᠳᠠ ᠶᠢᠨ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠳᠤ ᠲᠤᠰᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠡᠮ ᠤᠨ ᠳᠡᠯᠭᠡᠭᠦᠷ ᠤᠨ ᠲᠠᠯᠠᠪᠤᠷ ᠤᠨ ᠠᠷᠢᠭᠤᠳᠬᠠᠯ᠂ ᠠᠵᠢᠯᠲᠠᠨ ᠪᠠ ᠲᠥᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠱᠠᠯᠠᠪᠳᠠᠭᠤᠯᠵᠤ᠂ ᠪᠦᠭᠦ ᠭᠤᠭᠴᠤᠭ᠎ᠠ᠂ ᠪᠦᠭᠦ ᠬᠡᠯᠬᠢᠶ᠎ᠡ ᠶᠢᠨ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠡᠮ ᠤᠨ ᠳᠡᠯᠭᠡᠭᠦᠷ ᠤᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠥᠷᠪᠡᠨ ᠲᠥᠷᠥᠯ ᠤᠨ ᠡᠮ ᠤᠨ ᠪᠣᠷᠤᠯᠠᠭᠤᠯᠭ᠎ᠠ ᠶᠢᠨ ᠳᠠᠩᠰᠠᠯᠠᠯᠲᠠ ᠶᠢ ᠴᠢᠩᠭ᠎ᠠ ᠰᠠᠶᠢᠲᠤᠷ ᠬᠢᠬᠦ ᠬᠡᠷᠡᠭᠲᠡᠢ᠃      ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠳᠤ ᠴᠢᠭᠯᠡᠭᠦᠯᠦᠨ ᠲᠦᠭᠰᠢᠭᠦᠷᠢ ᠶᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠨ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 9 ᠰᠠᠷ᠎ᠠ ᠶᠢᠨ 30 ᠤ ᠡᠳᠦᠷ ᠠᠴᠠ 10 ᠰᠠᠷ᠎ᠠ ᠶᠢᠨ 2 ᠤᠨ ᠡᠳᠦᠷ ᠪᠤᠯᠲᠠᠯ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠦᠯᠵᠢᠶ᠎ᠡ ᠪᠠᠷ ᠪᠠᠶᠢᠴᠠᠭᠠᠬᠤ ᠠᠵᠢᠯ ᠢ ᠥᠷᠨᠢᠭᠦᠯᠵᠦ᠂ ᠨᠡᠶᠢᠲᠡ 388 ᠡᠮ ᠤᠨ ᠳᠡᠯᠭᠡᠭᠦᠷ ᠢ ᠪᠠᠶᠢᠴᠠᠭᠠᠵᠤ᠂ 7  ᠶᠢ ᠨᠢ ᠠᠵᠢᠯ ᠢ  ᠨᠢ ᠵᠣᠭᠰᠣᠭᠠᠵᠤ ᠴᠡᠭᠴᠡᠯᠡᠪᠡ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠷ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠳᠦᠷ ᠪᠦᠷᠢ ᠡᠮ ᠤᠨ ᠳᠡᠯᠭᠡᠭᠦᠷ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠤᠭᠠᠳ ᠨᠢᠭᠡᠨᠲᠡ 50 ᠵᠦᠢᠯ ᠤᠨ ᠬᠤᠯᠪᠣᠭᠳᠠᠯ ᠪᠦᠬᠦᠢ ᠠᠰᠠᠭᠤᠳᠠᠯ ᠢ ᠢᠯᠡᠷᠡᠭᠦᠯᠵᠦ᠂ 41 ᠵᠦᠢᠯ ᠢ ᠲᠤᠬᠠᠢ ᠶᠢᠨ ᠲᠠᠯᠠᠪᠤᠷ ᠲᠤᠨᠢ ᠵᠠᠯᠠᠷᠠᠭᠤᠯᠵᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠢᠳᠪᠦᠷᠢᠯᠡᠭᠰᠡᠨ 9 ᠵᠦᠢᠯ ᠢ ᠬᠠᠷᠢᠭᠤ ᠲᠤᠰᠬᠠᠵᠤ᠂ ᠪᠦᠭᠦ ᠬᠤᠲᠠ ᠶᠢᠨ ᠡᠮ ᠤᠨ ᠵᠦᠢᠯᠡᠰ ᠤᠨ ᠬᠠᠩᠭᠠᠯᠭ᠎ᠠ ᠪᠠ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号