ᠸᠠᠩ ᠯᠢ ᠰᠢᠶᠠ᠄ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠪᠠ ᠬᠢᠵᠢᠭ ᠦᠭᠡᠢ ᠠᠰᠠᠷ ᠢ ᠴᠣᠭᠴᠠᠯᠠᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/11/18
     11 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠬᠦ ᠳᠤ ᠪᠠᠨ᠂ ᠰᠡᠷᠭᠡᠶᠢᠯᠡᠨ ᠡᠵᠡᠮᠳᠡᠬᠦ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠴᠢᠩᠭᠠᠷᠠᠭᠤᠯᠵᠤ᠂ ᠬᠤᠪᠢᠶᠠᠷᠢᠯᠠᠨ ᠨᠢᠭᠡᠴᠢᠯᠡᠬᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠭᠡᠷ ᠲᠤ ᠨᠢ ᠲᠤᠰᠠᠭᠠᠷᠯᠠᠬᠤ᠂ ᠡᠳᠦᠷ ᠲᠤᠲᠤᠮ ᠤᠨ ᠪᠠᠲᠤᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠢᠭᠤᠳᠬᠠᠨ ᠴᠡᠪᠡᠷᠯᠡᠬᠦ᠂ ᠬᠤᠳᠠᠯᠳᠤᠭ᠎ᠠ ᠬᠡᠳᠦ ᠳᠡᠯᠭᠡᠭᠦᠷ ᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠡᠮᠬᠢ ᠳᠢᠭᠯᠢᠮ ᠲᠠᠢ᠂ ᠬᠠᠩᠭᠠᠯᠭ᠎ᠠ ᠭᠦᠢᠴᠡᠳ᠂ ᠣᠷᠴᠢᠨ ᠲᠣᠭᠤᠷᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠨᠡᠩ ᠤᠯᠠᠨ ᠺᠠᠳ᠋ᠷ ᠢ ᠵᠣᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠠᠭᠤᠯᠭᠠᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡ ᠣᠴᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠬᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠ ᠤᠯᠠᠨ ᠢᠶᠠᠷ ᠢᠶᠠᠨ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠰᠢᠪᠬᠠᠵᠤ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ ᠪᠠᠶᠢᠭᠠᠳ ᠨᠡᠩ ᠤᠯᠠᠨ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠪᠠ ᠬᠢᠵᠢᠭ ᠦᠭᠡᠢ ᠠᠰᠠᠷ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号