ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ
ᠨᠡᠶᠢᠲᠡᠯᠡᠭᠰᠡᠨ ᠴᠠᠭ᠄
2022/11/21
     11 ᠰᠠᠷ᠎ᠠ ᠶᠢᠨ 17  ᠤ ᠦᠳᠡ ᠶᠢᠨ ᠡᠮᠦᠨ᠎ᠡ᠂ ᠸᠠᠩ ᠯᠢ ᠰᠢᠶᠠ ᠭᠦᠭᠡᠬᠤᠲᠠ ᠶᠢᠨ ᠬᠦᠰᠡᠯ ᠱᠠᠭᠠᠷᠳᠠᠯᠭ᠎ᠠ  ᠶᠢ ᠭᠥᠯᠢᠶᠡᠨ ᠠᠪᠴᠤ ᠳᠠᠷᠤᠶᠢᠬᠠᠨ ᠰᠢᠢᠳᠪᠦᠷᠢᠯᠡᠬᠦ ᠦᠢᠯᠡᠴᠢᠯᠡᠭᠡᠨ ᠤ ᠲᠥᠪ᠂ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ ᠵᠡᠷᠭᠡ ᠭᠠᠵᠠᠷ ᠢᠶᠠᠷ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ ᠳᠡᠯᠭᠡᠭᠦᠷ  ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠪᠠ᠃      ᠸᠠᠩ ᠯᠢ ᠰᠢᠶᠠ ᠭᠦᠭᠡᠬᠤᠲᠠ ᠶᠢᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠳᠠᠷᠤᠶᠢᠬᠠᠨ ᠰᠢᠢᠳᠪᠦᠷᠢᠯᠡᠬᠦ ᠦᠢᠯᠡᠴᠢᠯᠡᠭᠡᠨ ᠤ ᠲᠥᠪ ᠲᠤ ᠬᠦᠷᠴᠦ᠂ ᠠᠵᠢᠯᠲᠠᠳ ᠤᠨ ᠠᠵᠢᠯ ᠤᠨ ᠪᠠᠶᠢᠷᠢᠨ ᠳᠠᠭᠠᠨ ᠭᠠᠷᠤᠭᠰᠠᠨ᠂ ᠦᠢᠯᠡᠴᠢᠯᠡᠭᠡᠨ ᠤ ᠳᠠᠷᠠᠭᠠᠯᠠᠯ᠂ ᠤᠲᠠᠰᠤ ᠳᠤᠰᠤᠭᠰᠠᠨ ᠲᠤᠭ᠎ᠠ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠲᠠᠯᠠᠪᠠᠢ ᠠᠴᠠ ᠤᠲᠠᠰᠤ ᠶᠠᠪᠤᠭᠤᠯᠵᠤ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠨᠢ ᠠᠰᠠᠭᠤᠵᠤ ᠣᠶᠢᠯᠠᠭᠠᠪᠠ᠃ ᠲᠡᠷᠡ᠂ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠳᠠᠷᠤᠶᠢᠬᠠᠨ ᠰᠢᠢᠳᠪᠦᠷᠢᠯᠡᠬᠦ ᠲᠠᠩᠰᠠ ᠶᠢ ᠱᠠᠲᠤ ᠱᠠᠲᠤ ᠪᠠᠷ ᠳᠠᠮᠵᠢᠭᠤᠯᠬᠤ ᠦᠭᠡᠢ ᠪᠠᠷ ᠰᠢᠭᠤᠳ ᠬᠤᠰᠢᠭᠤ ᠰᠢᠶᠠᠨ ᠲᠣᠭᠤᠷᠢᠭ ᠭᠦᠷᠳᠡᠯ᠎ᠠ ᠴᠡᠭ ᠠᠴᠠ ᠴᠡᠭ ᠲᠤ ᠬᠦᠷᠭᠡᠵᠦ᠂ ᠡᠳᠦᠷ ᠪᠦᠷᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠭᠰᠡᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠨᠤᠮᠵᠢᠲᠠᠶ ᠪᠠᠶᠢᠬᠤ ᠬᠡᠮᠵᠢᠶ᠎ᠡ ᠶᠢᠨ ᠨᠡᠷᠡᠰ ᠤᠨ ᠳᠠᠷᠠᠭᠠᠯᠠᠯ ᠢ ᠵᠢᠭᠰᠠᠭᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠲᠤᠰ ᠡᠳᠦᠷ ᠲᠤᠨᠢ ᠰᠢᠢᠳᠪᠦᠷᠢᠯᠡᠨ ᠳᠠᠭᠤᠰᠬᠠᠵᠤ ᠲᠤᠰ ᠡᠳᠦᠷ ᠲᠤᠨᠢ ᠳ᠋ᠦᠩᠨᠡᠭᠦ ᠬᠡᠷᠡᠭᠲᠡᠢ ᠭᠡᠵᠦ ᠱᠠᠭᠠᠷᠳᠠᠪᠠ᠃      ᠸᠠᠩ ᠯᠢ ᠰᠢᠶᠠ ᠠᠷᠠᠳ ᠲᠤ ᠲᠦᠭᠦᠮ ᠦᠵᠡᠭᠦᠯᠭᠦ ᠬᠠᠮ ᠳᠡᠯᠭᠡᠭᠦᠷ᠂ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠪᠠᠶᠢᠭ᠎ᠠ ᠪᠠᠶᠢᠳᠠᠯ ᠢ ᠰᠤᠭᠤᠴᠢᠨ ᠪᠠᠶᠢᠴᠠᠭᠠᠪᠠ᠃ ᠲᠡᠷᠡ ᠬᠤᠳᠠᠯᠳᠤᠭᠠᠴᠢᠳ ᠲᠤ ᠺᠣᠳ᠋ ᠰᠢᠷᠪᠢᠵᠦ ᠪᠠᠶᠢᠴᠠᠭᠠᠨ ᠰᠢᠯᠭᠠᠬᠤ᠂ ᠠᠮᠠᠪᠴᠢ ᠵᠡᠭᠦᠭᠦ᠂ ᠠᠷᠢᠭᠤᠳᠬᠠᠵᠤ ᠸᠢᠷᠦ᠋ᠰ ᠢ ᠠᠷᠢᠯᠭᠠᠬᠤ᠂ ᠡᠮᠬᠢ ᠵᠢᠷᠤᠮ ᠲᠠᠢ ᠪᠠᠷ ᠮᠥᠷᠯᠡᠭᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠠᠪᠠᠯ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠭᠡᠮᠵᠢᠭᠦ ᠪᠠᠨ ᠴᠢᠩᠭᠠᠳᠬᠠᠵᠤ᠂ ᠪᠥᠭᠡᠮ ᠢᠶᠠᠷ ᠬᠤᠳᠠᠯᠳᠤᠬᠤ᠂ ᠲᠣᠬᠢᠷᠠᠭᠤᠯᠤᠨ ᠭᠦᠷᠭᠡᠭᠦ᠂ ᠵᠢᠵᠢᠭᠯᠡᠨ ᠬᠤᠳᠠᠯᠳᠤᠬᠤ ᠵᠡᠷᠭᠡ ᠵᠠᠩᠭᠢᠯᠠᠭ᠎ᠠ ᠶᠢ ᠴᠢᠩᠭ᠎ᠠ ᠠᠩᠬᠠᠷᠴᠤ᠂ ᠴᠡᠭ ᠠᠴᠠ ᠴᠡᠭ ᠲᠤ ᠬᠦᠷᠬᠦ᠂ ᠣᠯᠠᠨ ᠲᠣᠣᠷ ᠴᠡᠭ ᠢᠶᠠᠷ ᠣᠷᠣᠭᠤᠯᠬᠤ ᠵᠡᠷᠭᠡ ᠠᠷᠭ᠎ᠠ ᠶᠢ ᠨᠡᠩ ᠢᠯᠡᠭᠦᠦ ᠠᠪᠴᠤ᠂ ᠱᠠᠲᠤ ᠱᠠᠲᠤ ᠪᠠᠷ ᠦᠨ᠎ᠡ ᠨᠡᠮᠡᠭᠦ ᠦᠵᠡᠭᠳᠡᠯ ᠢ ᠪᠠᠭᠠᠰᠬᠠᠨ᠂ ᠪᠠᠷᠠᠭᠠᠨ ᠤ ᠦᠨ᠎ᠡ ᠶᠢ ᠲᠦᠷᠭᠢᠭᠦᠯᠦᠨ ᠥᠰᠭᠡᠭᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ︽ᠨᠢᠭᠡ ᠭᠡᠳᠦ ᠳᠡᠯᠭᠡᠭᠦᠷ ᠳᠣᠯᠣᠭᠠᠨ ᠳᠡᠯᠭᠡᠭᠦᠷ︾᠂ ᠪᠠᠷᠠᠭᠠᠨ ᠤ ᠭᠦᠢᠯᠭᠡᠭᠡᠨ ᠤ ᠲᠦᠷᠭᠡᠨ ᠳᠠᠮᠵᠢᠭᠤᠯᠭ᠎ᠠ ᠵᠡᠷᠭᠡ ᠲᠠᠯᠠᠪᠤᠷ  ᠤᠨ ᠰᠡᠷᠭᠡᠶᠢᠯᠡᠨ ᠡᠵᠡᠮᠳᠡᠬᠦ ᠠᠵᠢᠯ  ᠢ ᠬᠢᠨᠠᠮᠠᠭᠠᠢ ᠰᠠᠶᠢᠲᠤᠷ ᠬᠢᠵᠦ᠂ ᠵᠠᠬ᠎ᠠ ᠳᠡᠯᠭᠡᠭᠦᠷ  ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号