| | 11 ᠰᠠᠷ᠎ᠠ ᠶᠢᠨ 21 ᠤ ᠣᠷᠣᠢ᠂ ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠸᠠᠩ ᠯᠢ ᠰᠢᠶᠠ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ᠂ | ᠭᠡᠯᠪᠡᠷᠢ ᠶᠢ ᠨᠢ ᠥᠭᠡᠷᠡᠲᠦᠭᠦᠯᠦᠯ ᠦᠭᠡᠢ ᠪᠠᠷᠢᠮᠲᠠᠯᠠᠵᠤ᠂ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ | ᠪᠤᠯᠭᠠᠬᠤ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ | ᠨᠠᠢᠮᠠᠨ ᠵᠦᠢᠯ ᠤᠨ ᠠᠵᠢᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠥᠨᠳᠥᠷ ᠲᠦᠭᠰᠢᠭᠦᠷᠢᠲᠡᠢ | ᠣᠷᠣᠨ ᠳᠤ ᠡᠷᠬᠡᠪᠰᠢ ᠨᠢᠭᠡ ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 | ᠴᠠᠭ ᠲᠤ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠪᠡᠶᠡᠯᠡᠭᠦᠯᠬᠦ ᠬᠡᠷᠡᠭᠲᠡᠢ᠃ ᠳᠣᠣᠷ᠎ᠠ | ᠲᠦᠭᠰᠢᠭᠦᠷᠢᠲᠡᠢ ᠣᠷᠣᠨ ᠳᠤ ᠪᠣᠳᠠᠲᠠᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠢᠯᠭᠠᠵᠤ᠂ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠠᠶᠤᠯ ᠲᠦᠭᠰᠢᠭᠦᠷᠢ ᠶᠢᠨ | ᠵᠡᠷᠭᠡ ᠳᠡᠰ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠴᠠᠭ ᠲᠤᠬᠠᠢ ᠳᠤᠨᠢ ᠰᠡᠷᠭᠡᠶᠢᠯᠡᠨ ᠡᠵᠡᠮᠳᠡᠬᠦ | ᠣᠷᠣᠨ ᠪᠦᠰᠡ ᠳᠤ ᠲᠣᠬᠢᠷᠠᠭᠤᠯᠤᠯᠲᠠ ᠬᠢᠵᠦ᠂ ᠱᠠᠲᠤ ᠲᠥᠷᠥᠯ ᠬᠤᠪᠢᠶᠠᠨ ᠣᠨᠣᠪᠴᠢᠲᠠᠶ ᠦᠢᠯᠡᠴᠢᠯᠡᠵᠦ | ᠬᠠᠮᠢᠶᠠᠷᠬᠤ ᠬᠡᠷᠡᠭᠲᠡᠢ᠃ ᠭᠤᠷᠪᠠ ᠳᠤ᠂ ᠰᠢᠯᠵᠢᠭᠦᠯᠦᠨ ᠵᠥᠭᠡᠭᠡᠪᠦᠷᠢᠯᠡᠪᠡᠯ ᠵᠣᠬᠢᠬᠤ ᠶᠢ ᠨᠢ ᠳᠠᠷᠤᠶᠢᠬᠠᠨ | ᠰᠢᠯᠵᠢᠭᠦᠯᠵᠦ᠂ ᠡᠩ ᠲᠡᠷᠢᠭᠦᠨ ᠳᠤ ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠡᠳ ᠢ ᠪᠦᠭᠦᠨ ᠢ ᠡᠮᠨᠡᠯᠭᠡ ᠶᠢᠨ ᠬᠤᠷᠢᠶ᠎ᠠ | ᠪᠠ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠰᠢᠯᠵᠢᠭᠦᠯᠭᠦ ᠬᠡᠷᠡᠭᠲᠡᠢ᠃ ᠳᠥᠷᠪᠡ ᠳᠤ᠂ ᠨᠢᠭᠲᠠ ᠣᠶᠢᠷᠠᠲᠤᠭᠰᠠᠳ ᠢ | ᠰᠢᠨᠵᠢᠯᠡᠬᠦ ᠤᠬᠠᠭᠠᠨᠴᠢ ᠣᠨᠣᠴᠠᠲᠠᠢ ᠮᠠᠭᠠᠳᠯᠠᠨ ᠲᠣᠭᠲᠠᠭᠠᠵᠤ᠂ ᠲᠤᠬᠠᠢ ᠶᠢᠨ ᠲᠠᠯᠠᠪᠠᠶ ᠶᠢᠨ ᠲᠠᠬᠤᠯ ᠡᠪᠡᠳᠴᠢᠨ ᠤ | ᠪᠠᠶᠢᠴᠠᠭᠠᠯᠲᠠ᠂ ᠲᠤᠬᠠᠢ ᠶᠢᠨ ᠲᠠᠯᠠᠪᠠᠶ ᠶᠢᠨ ᠰᠤᠳᠤᠯᠤᠨ ᠮᠠᠭᠠᠳᠯᠠᠯᠲᠠ ᠶᠢ ᠪᠠᠷᠢᠮᠲᠠᠯᠠᠵᠤ᠂ ᠣᠷᠬᠢᠭᠳᠠᠭᠤᠯᠵᠤ ᠪᠤᠯᠬᠤ | ᠦᠭᠡᠢ᠃ ᠲᠠᠪᠤ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠣᠣᠷ᠎ᠠ ᠲᠦᠭᠰᠢᠭᠦᠷᠢᠲᠡᠢ | ᠰᠠᠭᠤᠭᠠᠯᠢ ᠠᠷᠠᠳ ᠤᠨ ᠲᠣᠭᠤᠷᠢᠭ ᠲᠤ ︽ᠣᠷᠣᠬᠤ︾ ᠶᠢ ᠴᠢᠩᠭ᠎ᠠ ᠬᠠᠮᠢᠶᠠᠷᠴᠤ᠂ ᠥᠨᠳᠥᠷ ᠲᠦᠭᠰᠢᠭᠦᠷᠢᠲᠡᠢ | ᠰᠠᠭᠤᠭᠠᠯᠢ ᠠᠷᠠᠳ ᠤᠨ ᠲᠣᠭᠤᠷᠢᠭ ᠠᠴᠠ ︽ᠭᠠᠷᠬᠤ︾ ᠶᠢ ᠴᠢᠩᠭ᠎ᠠ ᠬᠠᠮᠢᠶᠠᠷᠴᠤ᠂ ᠭᠤᠣᠯᠳᠠᠯᠭ᠎ᠠ ᠲᠠᠢ ᠬᠥᠮᠥᠰ ᠢ | ᠴᠢᠩᠭ᠎ᠠ ᠠᠩᠬᠠᠷᠴᠤ᠂ ᠨᠡᠶᠢᠭᠡᠮ ᠳᠡᠭᠡᠷᠡᠬᠢ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ | ᠭᠦᠷᠲᠡᠯ᠎ᠡ ᠪᠠᠭᠤᠷᠠᠭᠤᠯᠬᠤ ᠬᠡᠷᠡᠭᠲᠡᠢ᠃ ᠵᠢᠷᠭᠤᠭ᠎ᠠ ᠳᠤ᠂ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠣᠯᠪᠢᠴᠠᠨ | ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠯᠤᠭ᠎ᠠ ᠳᠤ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠣᠨ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠣᠲᠣᠷ᠎ᠠ ᠬᠠᠯᠳᠠᠪᠤᠷᠢᠯᠠᠯ ᠡᠭᠦᠰᠭᠦ ᠶᠢ ᠲᠠᠰᠤ ᠰᠡᠷᠭᠡᠶᠢᠯᠡᠵᠦ᠂ | ᠣᠨᠣᠰᠢᠯᠠᠭᠳᠠᠭᠰᠠᠨ ᠡᠪᠡᠳᠴᠢᠲᠡᠨ ᠢ ᠪᠦᠭᠦ ᠬᠦᠴᠦ ᠪᠠᠷ ᠢᠶᠠᠨ ᠠᠪᠤᠷᠠᠨ ᠡᠮᠨᠡᠭᠦ ᠬᠡᠷᠡᠭᠲᠡᠢ᠃ ᠨᠠᠢᠮᠠ ᠳᠤ᠂ ︽ | ᠭᠦᠷᠦᠭᠰᠡᠨ ᠭᠠᠵᠠᠷ ᠲᠤᠨᠢ ᠪᠠᠶᠢᠴᠠᠭᠠᠬᠤ︾ ᠶᠢ ᠴᠢᠩᠭ᠎ᠠ ᠬᠡᠷᠡᠭᠵᠢᠭᠦᠯᠵᠦ᠂ ᠬᠠᠮᠵᠢᠯᠴᠠᠨ ᠪᠠᠶᠢᠴᠠᠭᠠᠬᠤ ᠵᠠᠬᠢᠳᠠᠯ ᠢ | ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠢᠯᠡᠭᠡᠵᠦ᠂ ᠬᠢᠵᠢᠭ ᠤᠨ ᠬᠠᠯᠳᠠᠪᠤᠷᠢᠯᠠᠨ ᠣᠷᠣᠵᠤ ᠢᠷᠡᠬᠦ ᠪᠠ | ᠭᠠᠳᠠᠭᠰᠢ ᠬᠠᠯᠳᠠᠪᠤᠷᠢᠯᠠᠬᠤ ᠶᠢ ᠲᠠᠰᠤ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃ | ᠲᠤᠰ ᠣᠷᠣᠢ᠂ ᠸᠠᠩ ᠯᠢ ᠰᠢᠶᠠ ᠪᠠᠰᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠵᠧᠩ ᠭᠤᠸᠠᠩ ᠵᠤᠤ ᠬᠤᠷᠠᠯ ᠳᠤ | ᠣᠷᠣᠯᠴᠠᠵᠠᠢ᠃ |