ᠬᠤᠷᠢᠨᠭᠡᠷ ᠰᠢᠶᠠᠨ ᠤ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠪᠠ ᠣᠯᠭᠤᠬᠤ ᠠᠵᠢᠯ ᠤᠨ ᠠᠯᠪᠠᠨ ᠵᠠᠷ
ᠨᠡᠶᠢᠲᠡᠯᠡᠭᠰᠡᠨ ᠴᠠᠭ᠄
2022/12/17
     ︽ᠬᠤᠷᠢᠨᠭᠡᠷ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠵᠢᠴᠢ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠴᠤ ᠣᠯᠭᠤᠬᠤ ᠠᠵᠢᠯ ᠤᠨ ᠲᠥᠰᠦᠯ︾ ᠤᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠰᠢᠶᠠᠨ ᠤ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠬᠤ ᠠᠵᠢᠯ ᠤᠨ ᠪᠠᠶᠢᠳᠠᠯ ᠤᠨ ᠲᠤᠬᠠᠶ ᠳᠣᠤᠷᠠᠬᠢ ᠮᠡᠲᠦ ᠵᠠᠷᠯᠠᠶ᠎ᠠ᠄      1. ᠪᠦᠬᠦ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠠᠵᠢᠯ ᠢ ᠨᠢᠭᠡᠨᠲᠡ ᠪᠦᠬᠦᠨ ᠢᠶᠠᠷ ᠨᠢ ᠳᠠᠭᠤᠰᠬᠠᠪᠠ᠃      2. ᠪᠦᠬᠦ ᠰᠢᠶᠠᠨ ᠤ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠴᠤ ᠣᠯᠭᠤᠭᠰᠠᠨ ᠬᠥᠮᠦᠨ ᠤ ᠲᠤᠭ᠎ᠠ ᠨᠢ ᠪᠦᠬᠦ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠪᠦᠬᠦ ᠲᠣᠭᠠᠨ ᠤ 85% ᠶᠢ ᠡᠵᠡᠯᠡᠵᠦ ᠪᠠᠶᠢᠨ᠎ᠠ᠃      3. ᠪᠥᠬᠦ ᠰᠢᠶᠠᠨ ᠤ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠬᠤ ᠪᠠ ᠣᠯᠭᠤᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠨ ᠠᠪᠤᠭᠰᠠᠨ ᠥᠬᠡᠶ ︵ᠨᠢᠭᠡᠨᠲᠡ ᠭᠤᠶᠤᠴᠢᠯᠠᠨ ᠠᠪᠤᠭᠠᠳ ᠬᠠᠷᠠᠭᠠᠯᠵᠠᠯ ᠤᠨ ᠦᠨᠡᠮᠯᠡᠯ ᠤᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠥᠬᠡᠶ︶ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠵᠢᠴᠢ ᠬᠠᠷᠢᠶ᠎ᠠ ᠭᠠᠵᠠᠷ ᠤᠨ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠯᠪᠠᠨ ᠤ ᠥᠷᠲᠡᠭᠡ ᠳᠤ ᠭᠤᠶᠤᠴᠢᠯᠠᠨ ᠠᠪᠬᠤ ᠠᠵᠢᠯ ᠥᠷᠨᠢᠭᠦᠯᠦᠨ᠎ᠡ᠃      4. ᠬᠠᠷᠠᠭᠠᠯᠵᠠᠯ ᠤᠨ ᠦᠨᠡᠮᠯᠡᠯ ᠠᠪᠤᠭᠰᠠᠨ ᠦᠭᠡᠢ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠬᠦᠷᠲᠡᠬᠦ ᠡᠲᠡᠭᠡᠳ ᠢ ᠭᠤᠶᠤᠴᠢᠯᠠᠭᠰᠠᠨ ᠪᠠᠩᠬᠢ ᠶᠣᠰᠣᠭᠠᠷ ᠠᠪᠤᠨ᠎ᠠ᠃      5. ᠬᠥᠮᠥᠷᠭᠡ ᠳᠤ ᠬᠠᠳᠠᠭᠠᠯᠠᠵᠤ ᠪᠠᠶᠢᠭ᠎ᠠ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠣᠯᠭᠤᠬᠤ ᠬᠠᠷᠠᠭᠠᠯᠵᠠᠯ ᠤᠨ ᠦᠨᠡᠮᠯᠡᠯ ᠢ ᠪᠦᠬᠦᠨ ᠢᠶᠠᠷ ᠨᠢ ᠭᠤᠶᠤᠴᠢᠯᠠᠨ ᠠᠪᠬᠤ ᠪᠠ ᠣᠯᠭᠤᠬᠤ ᠠᠵᠢᠯ ᠢ ᠲᠤᠰ ᠰᠠᠷ᠎ᠠ ᠶᠢᠨ ᠡᠴᠦᠰ ᠲᠤ ᠪᠡᠶᠡᠯᠡᠭᠦᠯᠦᠨ᠎ᠡ᠃      6. ᠬᠡᠷᠪᠡ ᠮᠠᠳᠠᠭ ᠲᠠᠢ ᠪᠣᠯ ᠳᠣᠣᠷᠠᠬᠢ ᠤᠲᠠᠰᠤ ᠲᠤ ᠤᠲᠠᠰᠤᠲᠠᠭᠠᠷᠠᠢ᠄ 7183788ᠬᠤᠷᠢᠨᠭᠡᠷ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ2022 ᠣᠨ ᠤ 12 ᠰᠠᠷ᠎ᠠ ᠶᠢᠨ 15 ᠤ ᠡᠳᠦᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号