ᠴᠠᠭ ᠠᠭᠤᠷ ᠤᠨ ᠬᠤᠪᠢᠷᠠᠯᠲᠠ ᠶᠢ ᠠᠩᠬᠠᠷᠴᠤ ᠬᠤᠪᠴᠠᠰᠤ ᠬᠤᠨᠠᠷ ᠢ ᠴᠠᠭ ᠲᠤᠬᠠᠶ ᠳᠤᠨᠢ ᠨᠡᠮᠡᠭᠡᠷᠡᠢ
ᠨᠡᠶᠢᠲᠡᠯᠡᠭᠰᠡᠨ ᠴᠠᠭ᠄
2022/3/9
     ᠬᠠᠪᠤᠷ ᠤᠨ ᠤᠯᠠᠷᠢᠯ ᠤᠨ ᠠᠭᠤᠷ ᠠᠮᠢᠰᠬᠤᠯ ᠬᠤᠪᠢᠷᠠᠯᠲᠠ ᠶᠡᠬᠡᠲᠡᠶ᠂ ᠡᠷᠲᠡ ᠣᠷᠣᠶ ᠶᠢᠨ ᠳᠤᠯᠠᠭᠠᠨ ᠤ ᠵᠥᠷᠢᠶ᠎ᠡ ᠴᠦ ᠮᠠᠰᠢ ᠶᠡᠭᠡ ᠪᠠᠶᠢᠳᠠᠭ᠂ ᠬᠡᠷᠪᠡ ᠬᠤᠪᠴᠠᠰᠤ ᠬᠤᠨᠠᠷ ᠢ ᠭᠡᠨᠡᠳᠲᠡ ᠬᠡᠲᠦᠷᠬᠡᠶ ᠠᠷᠪᠢᠨ ᠬᠠᠰᠤᠪᠠᠯ᠂ ᠬᠥᠮᠦᠨ ᠤ ᠪᠡᠶ᠎ᠡ ᠶᠢᠨ ᠠᠮᠢᠰᠬᠤᠯ ᠤᠨ ᠵᠠᠮ ᠤᠨ ᠡᠭᠡᠯᠢᠯᠡᠭᠡ ᠶᠢᠨ ᠴᠢᠳᠠᠯ ᠢ ᠲᠦᠢᠯ ᠤᠨ ᠠᠮᠠᠷᠬᠠᠨ ᠢᠶᠠᠷ ᠪᠠᠭᠤᠷᠠᠭᠤᠯᠵᠤ᠂ ᠡᠪᠡᠳᠴᠢᠨ ᠡᠭᠦᠰᠭᠡᠭᠴᠢ ᠶᠢ ᠲᠦᠢᠯ ᠤᠨ ᠠᠮᠠᠷᠬᠠᠨ ᠢᠶᠠᠷ ᠬᠠᠯᠳᠠᠬᠤ ᠳᠤ ᠬᠦᠷᠦᠭᠦᠯᠦᠨ᠎ᠡ᠃ ᠡᠶᠢᠮᠦ ᠠᠴᠠ ᠵᠠᠪᠠᠯ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠬᠤᠪᠴᠠᠰᠤ ᠬᠤᠨᠠᠷ ᠢᠶᠠᠨ ᠴᠠᠭ ᠲᠤᠬᠠᠶ ᠳᠤᠨᠢ ᠨᠡᠮᠡᠵᠦ ᠬᠠᠰᠤᠬᠤ ᠬᠡᠷᠡᠭᠲᠡᠶ᠂ ᠨᠢᠭᠡ ᠯᠡ ᠳᠣᠣᠷ᠎ᠠ ᠬᠡᠲᠦᠷᠬᠡᠶ ᠬᠠᠰᠤᠵᠤ ᠶᠠᠭᠠᠬᠢᠭᠰᠠᠨ ᠴᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠢᠳᠡᠭᠡᠨ ᠤᠮᠳᠠᠭᠠᠨ ᠢᠶᠠᠨ ᠵᠣᠬᠢᠰᠲᠠᠶ ᠲᠣᠬᠢᠷᠠᠭᠤᠯᠵᠤ᠂ ᠬᠠᠷ᠎ᠠ ᠮᠢᠬ᠎ᠠ᠂ ᠥᠨᠳᠡᠭᠡ ᠵᠢᠴᠢ ᠢᠳᠡᠰᠢᠨ ᠨᠣᠭᠤᠭ᠎ᠠ᠂ ᠵᠢᠮᠢᠰ ᠵᠡᠷᠭᠡ ᠴᠢᠨᠠᠷ ᠰᠠᠶᠢᠲᠠᠶ ᠤᠭᠤᠷᠠᠭ᠂ ᠸᠢᠲ᠋ᠠᠮᠢᠨ ᠡᠯᠪᠡᠭ ᠠᠭᠤᠯᠤᠭᠰᠠᠨ ᠢᠳᠡᠭᠡᠨ ᠢ ᠢᠯᠡᠭᠦᠤ ᠢᠳᠡᠵᠦ᠂ ᠠᠮᠢᠳᠤᠷᠠᠯ ᠤᠨ ᠵᠢᠮ᠎ᠡ ᠶᠣᠰᠣ ᠶᠢ ᠪᠠᠷᠢᠮᠲᠠᠯᠠᠨ᠂ ᠬᠠᠨᠲᠠᠯ᠎ᠠ ᠤᠨᠲᠠᠬᠤ ᠶᠢ ᠪᠠᠲᠤᠯᠠᠵᠤ᠂ ᠪᠠᠰᠠ ᠸᠢᠷᠦ᠋ᠰ ᠪᠠ ᠪᠠᠺᠲ᠋ᠧᠷᠢ ᠶᠢᠨ ᠬᠠᠯᠳᠠᠪᠤᠷᠢᠯᠠᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号