ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠶᠢᠰᠦᠳᠦᠭᠡᠷ ᠪᠦᠯᠦᠭ ᠤᠨ 9 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/13
     ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 12 ᠤᠨ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 18 ᠪᠦᠯᠦᠭ ᠤᠨ ᠨᠡᠶᠢᠲᠡ 227 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 141 ᠬᠤᠪᠢ᠂ ᠴᠠᠬᠢᠯᠭᠠᠨ ᠬᠤᠯᠪᠤᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 86 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 3 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠶᠢᠰᠦᠳᠦᠭᠡᠷ ᠪᠦᠯᠦᠭ ᠤᠨ 9 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 5 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 4 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠶᠢᠰᠦᠳᠦᠭᠡᠷ ᠪᠦᠯᠦᠭ ᠤᠨ 9 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 1 ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 3 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 5 ᠬᠡᠷᠡᠭ ᠢ ᠰᠢᠢᠳᠪᠦᠷᠢᠯᠡᠵᠦ ᠳᠠᠭᠤᠰᠬᠠᠭᠠᠳᠤᠢ᠂ 1 ᠬᠡᠷᠡᠭ ᠢ ᠬᠡᠷᠡᠭ ᠪᠣᠯᠭᠠᠨ ᠳᠡᠩᠰᠡᠯᠡᠵᠦ᠂ 8667 ᠲᠥᠭᠦᠷᠢᠭ ᠤᠨ ᠵᠣᠭᠤᠰ ᠢᠶᠠᠷ ᠲᠣᠷᠭᠠᠵᠠᠢ᠃      4 ᠳ᠋ᠤᠭᠡᠷ ᠰᠠᠷ᠎ᠠ ᠶᠢᠨ 12 ᠤᠨ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 — 9 ᠳ᠋ᠤᠭᠡᠷ ᠪᠦᠯᠦᠭ ᠤᠨ ᠨᠡᠶᠢᠲᠡ 79 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 38 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 19 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 22 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 4 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 7 ᠶᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠦ᠂ 37.2032 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2 ᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠪᠠ᠃      ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠨ᠎ᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号